11 ᠰᠠᠷ᠎ᠠ ᠶᠢᠨ 4 ᠤ ᠡᠳᠦᠷ᠂ ᠭᠡᠭᠡᠨ ᠭᠤᠤᠯ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ᠂ ᠣᠶ ᠰᠢᠭᠤᠶ ᠶᠢᠨ | ᠳᠠᠷᠤᠭ᠎ᠠ ᠶᠢᠨ ᠲᠦᠷᠢᠮ ᠤᠨ ᠠᠯᠪᠠᠨ ᠬᠡᠷ ᠤᠨ ᠡᠷᠬᠢᠯᠡᠭᠴᠢ ᠯᠢ ᠵᠥᠩ ᠬᠤᠸᠠ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠠᠯᠪᠠᠨ ᠬᠡᠷ ᠤᠨ ᠠᠵᠢᠯ ᠤᠨ | ᠬᠤᠷᠠᠯ ᠢ ᠡᠷᠭᠢᠯᠡᠨ ᠬᠤᠷᠠᠯᠳᠤᠭᠤᠯᠪᠠ᠃ ᠲᠤᠪᠴᠢᠶ᠎ᠠ ᠶᠢᠨ ᠤᠳᠤᠷᠢᠳᠬᠤ ᠪᠠᠭ᠂ ᠲᠤᠪᠴᠢᠶ᠎ᠠ ᠶᠢᠨ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ ᠪᠣᠯᠤᠨ ᠠᠵᠢᠯᠲᠠᠳ ᠲᠤᠰ ᠤᠳᠠᠭ᠎ᠠ ᠶᠢᠨ ᠬᠤᠷᠠᠯ ᠳᠤ ᠣᠷᠣᠯᠴᠠᠵᠠᠢ᠃ | ᠬᠤᠷᠠᠯ ᠠᠴᠠ ᠶᠡᠷᠦᠩᠬᠡᠢ ᠱᠦᠵᠢ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠠᠷᠪᠠᠨ ᠳᠣᠯᠣᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ | ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 128 ᠳ᠋ᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠵᠤ᠂ ᠭᠡᠭᠡᠨ ᠭᠤᠣᠯ ᠬᠤᠳᠠ ᠶᠢᠨ ᠡᠷᠬᠡ ᠶᠢᠨ ᠬᠠᠷᠢᠶᠠᠯᠠᠯ ᠤᠨ ᠬᠡᠪᠴᠢᠶᠡᠨ ᠳᠠᠬᠢ ᠭᠦ᠋ ᠽᠢ ᠮᠢᠶᠣᠣ ᠶᠢᠨ ᠤᠢ ᠰᠢᠭᠤᠢ ᠶᠢᠨ ᠲᠠᠯᠠᠪᠠᠢ ᠶᠢᠨ ᠭᠠᠵᠠᠷ᠂ | ᠲᠠᠷᠢᠶᠠᠨ ᠭᠠᠵᠠᠷ᠂ ᠡᠪᠡᠰᠦᠲᠦ ᠭᠠᠵᠠᠷ ᠵᠡᠷᠭᠡ ᠡᠬᠢ ᠪᠠᠶᠠᠯᠢᠭ ᠤᠨ ᠲᠠᠯᠠᠪᠠᠢ ᠶᠢᠨ ᠰᠠᠭᠤᠷᠢ ᠲᠤᠭ᠎ᠠ ᠶᠢ ᠲᠣᠳᠣᠷᠬᠠᠶᠢᠯᠠᠵᠤ᠂ ︽ᠨᠢᠭᠡ ᠵᠢᠷᠤᠭ︾᠂ ︽ᠨᠢᠭᠡ ᠲᠣᠣᠷ︾ | ᠢ ᠨᠠᠶᠢᠷᠠᠭᠤᠯᠤᠨ ᠵᠣᠬᠢᠶᠠᠵᠤ᠂ 2025 ᠣᠨ ᠤ ᠠᠮᠢ ᠠᠬᠤᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠥᠯᠥᠪᠯᠡᠬᠦ ᠪᠠᠷ ᠪᠡᠯᠡᠳᠬᠡᠬᠦ ᠬᠡᠷᠡᠭᠲᠡᠢ᠃ | ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠢ | ᠪᠦᠬᠦ ᠲᠠᠯ᠎ᠠ ᠪᠠᠷ ᠬᠡᠷᠡᠭᠵᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ᠃ ︽ᠬᠤᠶᠠᠷ ᠠᠭᠤᠯᠠ ᠶᠢᠨ ᠤᠨᠤᠯ︾ ᠢ ᠭᠦᠨᠵᠡᠭᠡᠢ | ᠦᠢᠯᠡᠳᠦᠯᠭᠡᠵᠢᠭᠦᠯᠵᠦ᠂ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠨᠠᠶᠢᠳᠠᠪᠤᠷᠢᠵᠢᠭᠤᠯᠵᠤ᠂ 2025 ᠣᠨ ᠤ ᠠᠵᠢᠯ ᠤᠨ ᠲᠥᠯᠥᠪᠯᠡᠭᠡ ᠶᠢ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠬᠡᠷᠡᠭᠲᠡᠢ᠃ |