ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠢᠷᠠᠭᠤ ᠠᠯᠳᠠᠷᠲᠤ ᠤᠯᠠᠮᠵᠢᠯᠠᠯ ᠢ | ᠤᠯᠠᠮ ᠨᠢᠭᠡ ᠠᠯᠬᠤᠮ ᠪᠣᠶ ᠪᠣᠯᠭᠠᠵᠤ᠂ ᠴᠡᠷᠢᠭ ᠠᠷᠠᠳ ᠤᠨ ᠬᠠᠷᠢᠴᠠᠭ᠎ᠠ ᠶᠢ ᠰᠠᠶᠢᠨ ᠪᠤᠯᠭᠠᠬᠤ ᠶᠢᠨ ᠲᠥᠯᠥᠭᠡ᠂ ᠨᠢᠭᠡ ᠵᠢᠯ ᠳᠤ ᠨᠢᠭᠡ ᠤᠳᠠᠭ᠎ᠠ ᠶᠠᠪᠤᠭᠳᠠᠳᠠᠭ | ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠭᠡᠭᠡᠨ ᠭᠤᠤᠯ ᠬᠤᠲᠠ ᠶᠢᠨ ᠣᠶ ᠰᠢᠭᠤᠶ ᠶᠢᠨ ᠠᠵᠤ ᠦᠢᠯᠡᠳᠪᠦᠷᠢ ᠶᠢᠨ | ᠵᠡᠭᠡᠯᠢ ᠭᠤᠳᠤᠮᠵᠢ ᠶᠢᠨ ᠬᠤᠩ ᠴᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠭᠡᠭᠡᠨ ᠭᠤᠤᠯ ᠬᠤᠲᠠ ᠶᠢᠨ ᠠᠪᠤᠷᠠᠨ | ᠲᠤᠰᠠᠯᠠᠬᠤ ᠶᠡᠭᠡ ᠠᠩᠭᠢ ᠲᠠᠢ ᠬᠠᠮᠲᠤᠷᠠᠨ ᠬᠠᠷᠢᠶ᠎ᠠ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷ ᠲᠤ ᠬᠦᠷᠴᠦ ᠲᠣᠬᠤᠨᠢᠭᠤᠯᠪᠠ᠃ | ᠭᠡᠭᠡᠨ ᠭᠤᠣᠯ ᠬᠤᠳᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠪᠣᠯᠤᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠦᠷᠳᠡᠭᠡ ᠶᠢᠨ ᠠᠵᠢᠯᠲᠠᠳ ᠭᠦᠨ ᠵᠤᠵᠠᠭᠠᠨ ᠬᠠᠯᠠᠮᠵᠢᠯᠠᠯ ᠤᠨ ᠰᠡᠳᠬᠢᠯᠭᠡ ᠪᠠᠷ ᠴᠡᠷᠢᠭ ᠠᠴᠠ ᠬᠠᠯᠠᠭᠳᠠᠭᠰᠠᠳ ᠯᠢᠦ ᠠᠨ ᠭᠦᠸᠧ᠂ ᠸᠠᠩ ᠴᠢ ᠱᠢ | ᠪᠠ ᠶᠢᠨ ᠭᠡᠷ ᠲᠤ ᠬᠦᠷᠴᠦ᠂ ᠳᠡᠳᠡᠨ ᠲᠠᠢ ᠳᠣᠲᠣᠨᠣ ᠪᠠᠷ ᠶᠠᠷᠢᠯᠴᠠᠵᠤ᠂ ᠳᠡᠳᠡᠨ ᠤ ᠪᠡᠶ᠎ᠡ ᠮᠠᠬᠠᠪᠣᠳ ᠪᠣᠯᠤᠨ ᠭᠡᠷ ᠪᠦᠯᠢ ᠶᠢᠨ ᠠᠮᠢᠳᠤᠷᠠᠯ ᠤᠨ ᠪᠠᠶᠢᠳᠠᠯ ᠢ ᠨᠠᠷᠢᠨ | ᠠᠰᠠᠭᠤᠨ ᠯᠠᠪᠯᠠᠭᠰᠠᠨ ᠪᠥᠭᠡᠳ ᠳᠡᠳᠡᠨ ᠳᠤ ᠲᠣᠬᠤᠨᠢᠭᠤᠯᠬᠤ ᠪᠣᠳᠠᠰ ᠬᠦᠷᠭᠡᠪᠡ᠃ | ᠶᠠᠷᠢᠯᠴᠠᠬᠤ ᠶᠠᠪᠤᠴᠠ ᠳᠤ᠂ ᠬᠤᠶᠠᠷ ᠠᠬᠠᠮᠠᠳ ᠴᠡᠷᠢᠭ ᠲᠤᠬᠠᠢ ᠶᠢᠨ ᠵᠢᠯ ᠤᠨ ᠴᠡᠷᠢᠭ ᠠᠩᠬᠢ ᠶᠢᠨ ᠠᠮᠢᠳᠤᠷᠠᠯ ᠢᠶᠠᠨ ᠡᠷᠭᠢᠴᠡᠭᠦᠯᠵᠦ᠂ ᠦᠭᠡ ᠶᠠᠷᠢᠶᠠᠨ ᠠᠴᠠ | ᠲᠡᠷᠡᠬᠦ ᠮᠠᠷᠲᠠᠭᠳᠠᠰᠢ ᠦᠭᠡᠢ ᠢᠷᠠᠭᠤ ᠠᠯᠳᠠᠷ ᠪᠣᠯᠤᠨ ᠡᠷᠡᠰ ᠪᠠᠲᠤ᠂ ᠬᠤᠪᠢᠰᠬᠠᠯ ᠳᠤ ᠬᠢᠵᠠᠭᠠᠯᠠᠰᠢ ᠦᠭᠡᠢ ᠦᠨᠡᠨᠴᠢ ᠰᠢᠳᠤᠷᠭᠤ ᠪᠠᠶᠢᠬᠤ ᠶᠢ ᠢᠯᠡᠷᠡᠭᠦᠯᠵᠦ᠂ | ᠬᠤᠪᠢᠰᠬᠠᠯ ᠤᠨ ᠵᠣᠷᠢᠭ ᠰᠠᠨᠠᠭ᠎ᠠ ᠨᠢ ᠲᠤᠬᠠᠢ ᠶᠢᠨ ᠲᠠᠯᠠᠪᠤᠷ ᠲᠤ ᠪᠠᠶᠢᠭᠰᠠᠨ ᠬᠥᠮᠦᠨ ᠨᠢᠭᠡᠪᠦᠷᠢ ᠶᠢ ᠭᠦᠨ ᠨᠥᠯᠥᠭᠡᠯᠡᠵᠦ᠂ ᠤᠯᠠᠨ ᠢᠶᠠᠷ ᠢᠶᠠᠨ ᠬᠤᠪᠢᠰᠬᠠᠯ ᠤᠨ | ᠠᠬᠠᠮᠠᠳ ᠦᠶ᠎ᠡ ᠶᠢᠨ ᠬᠢᠨ ᠤ ᠦᠯᠡᠳᠡᠭᠡᠭᠰᠡᠨ ᠡᠷᠬᠢᠮ ᠨᠠᠨᠳᠢᠨ ᠤᠶᠤᠨ ᠰᠠᠨᠠᠭᠠᠨ ᠤ ᠡᠳ᠋ ᠬᠦᠷᠦᠩᠬᠡ ᠶᠢ ᠨᠠᠨᠳᠢᠩᠨᠠᠵᠤ᠂ ᠡᠭᠦᠨ ᠤ ᠳᠤᠮᠳᠠ ᠠᠴᠠ ᠬᠦᠴᠦᠷᠬᠡᠭ ᠶᠡᠭᠡ | ᠢᠲᠡᠭᠡᠯ ᠪᠢᠰᠢᠷᠡᠯ ᠤᠨ ᠬᠦᠴᠦᠨ ᠪᠣᠯᠤᠨ ᠡᠷᠡᠯᠬᠡᠭᠯᠡᠨ ᠤᠷᠤᠭᠰᠢᠯᠠᠬᠤ ᠬᠦᠴᠦᠨ ᠢ ᠰᠢᠩᠭᠡᠭᠡᠨ ᠠᠪᠴᠤ᠂ ᠬᠤᠪᠢᠰᠬᠠᠯ ᠤᠨ ᠭᠧᠨ ᠢ ᠦᠶ᠎ᠡ ᠶᠢᠨ ᠦᠶ᠎ᠡ ᠳᠤ | ᠤᠯᠠᠮᠵᠢᠯᠠᠨ᠎ᠠ ᠭᠡᠵᠦ ᠢᠯᠡᠳᠬᠡᠵᠡᠭᠡᠪᠡ᠃ | ᠲᠤᠰ ᠤᠳᠠᠭ᠎ᠠ ᠶᠢᠨ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠡᠳᠦᠷ ᠤᠨ ᠲᠣᠬᠤᠨᠢᠭᠤᠯᠬᠤ ᠠᠵᠢᠯᠯᠠᠭ᠎ᠠ ᠨᠢ ᠠᠬᠠᠮᠠᠳ ᠪᠠᠶᠢᠯᠳᠤᠭᠴᠢᠳ ᠲᠤ ᠨᠠᠮ ᠪᠣᠯᠤᠨ | ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠲᠡᠭᠡᠭᠰᠡᠨ ᠢᠶᠠᠷ ᠪᠠᠷᠠᠬᠤ ᠦᠭᠡᠢ ᠪᠠᠰᠠ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ | ᠢᠷᠠᠭᠤ ᠠᠯᠳᠠᠷᠲᠤ ᠤᠯᠠᠮᠵᠢᠯᠠᠯ ᠢ ᠤᠯᠠᠮ ᠪᠠᠳᠠᠷᠠᠭᠤᠯᠤᠭᠰᠠᠨ ᠪᠠᠶᠢᠨ᠎ᠠ᠃ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠨ᠂ ᠨᠡᠶᠢᠭᠡᠮ ᠲᠣᠭᠤᠷᠢᠭ ᠠᠴᠠ ᠴᠡᠷᠢᠭ ᠠᠴᠠ | ᠬᠠᠯᠠᠭᠳᠠᠭᠰᠠᠳ ᠢ ᠬᠦᠨᠳᠦᠳᠬᠡᠨ ᠬᠠᠶᠢᠷᠠᠯᠠᠬᠤ ᠰᠡᠳᠭᠢᠯᠭᠡ ᠶᠢ ᠤᠯᠠᠮ ᠨᠢᠭᠡ ᠠᠯᠬᠤᠮ ᠳᠡᠭᠡᠭᠰᠢᠯᠡᠵᠦ᠂ ᠨᠡᠶᠢᠭᠡᠮ ᠲᠣᠭᠤᠷᠢᠭ ᠠᠴᠠ ᠴᠡᠷᠢᠭ ᠠᠴᠠ ᠬᠠᠯᠠᠭᠳᠠᠭᠰᠠᠳ ᠢ | ᠬᠦᠨᠳᠦᠳᠬᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ |