10 ᠰᠠᠷ᠎ᠠ ᠶᠢᠨ 22 ᠤᠨ ᠡᠳᠦᠷ᠂ ᠭᠡᠭᠡᠨ ᠭᠤᠣᠯ ᠬᠤᠳᠠ ᠶᠢᠨ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠯᠪᠠᠨ ᠭᠡᠷ ᠠᠴᠠ ᠤᠢ ᠰᠢᠭᠤᠢ ᠶᠢᠨ | ᠳᠠᠷᠤᠭ᠎ᠠ ᠶᠢᠨ ᠳᠦᠷᠢᠮ ᠤᠨ ᠠᠯᠪᠠᠨ ᠭᠡᠷ ᠤᠨ ᠠᠵᠢᠯ ᠤᠨ ᠬᠤᠷᠠᠯ ᠢ ᠬᠤᠷᠠᠯᠳᠤᠭᠤᠯᠪᠠ᠃ ᠭᠡᠭᠡᠨ ᠭᠤᠣᠯ ᠬᠤᠳᠠ ᠶᠢᠨ ᠤᠢ ᠰᠢᠭᠤᠢ ᠡᠪᠡᠰᠦ ᠪᠡᠯᠴᠢᠭᠡᠷ ᠤᠨ | ᠲᠤᠪᠴᠢᠶ᠎ᠠ ᠶᠢᠨ ᠳᠠᠷᠤᠭ᠎ᠠ᠂ ᠤᠢ ᠰᠢᠭᠤᠢ ᠶᠢᠨ ᠳᠠᠷᠤᠭ᠎ᠠ ᠶᠢᠨ ᠠᠯᠪᠠᠨ ᠭᠡᠷ ᠤᠨ ᠡᠷᠬᠢᠯᠡᠭᠴᠢ ᠯᠢ ᠵᠦᠩ ᠬᠤᠸᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ | ᠂ ᠤᠢ ᠰᠢᠭᠤᠢ ᠡᠪᠡᠰᠦ ᠪᠡᠯᠴᠢᠭᠡᠷ ᠤᠨ ᠲᠤᠪᠴᠢᠶ᠎ᠠ ᠶᠢᠨ ᠳᠡᠳ᠋ ᠳᠠᠷᠤᠭ᠎ᠠ ᠵᠢᠴᠢ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠲᠤᠰ ᠤᠳᠠᠭ᠎ᠠ ᠶᠢᠨ | ᠬᠤᠷᠠᠯ ᠳᠤ ᠣᠷᠣᠯᠴᠠᠪᠠ᠃ | ᠲᠣᠪᠴᠢᠶᠠᠨ ᠳᠠᠷᠤᠭ᠎ᠠ ᠯᠢ ᠵᠥᠩ ᠬᠤᠸᠠ 2024 ᠣᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠠᠵᠢᠯ ᠤᠨ ᠬᠡᠷᠡᠭᠵᠢᠭᠦᠯᠦᠯᠲᠡ ᠶᠢᠨ ᠪᠠᠶᠢᠳᠠᠯ ᠢ | ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠬᠤᠷᠠᠯ ᠠᠴᠠ᠂ ᠤᠢ ᠰᠢᠭᠤᠢ ᠶᠢᠨ | ᠳᠠᠷᠤᠭ᠎ᠠ ᠶᠢᠨ ᠳᠦᠷᠢᠮ ᠤᠨ ᠠᠵᠢᠯ ᠤᠨ ᠭᠤᠣᠯᠳᠠᠯᠭ᠎ᠠ ᠶᠢ ᠦᠨᠳᠦᠰᠦᠯᠡᠵᠦ᠂ ᠠᠵᠢᠯ ᠤᠨ ᠬᠠᠷᠠᠯᠲᠠ ᠪᠣᠯᠤᠨ ᠠᠵᠢᠯ ᠤᠨ ᠡᠭᠦᠷᠭᠡ ᠶᠢ ᠲᠣᠳᠣᠷᠬᠠᠶᠢᠯᠠᠵᠤ᠂ ᠤᠢ | ᠰᠢᠭᠤᠢ ᠶᠢᠨ ᠳᠠᠷᠤᠭ᠎ᠠ ᠶᠢᠨ ᠳᠦᠷᠢᠮ ᠤᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠤᠨ᠎ᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ ᠶᠢ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ᠂ ᠪᠠᠶᠢᠩᠭᠤ ᠶᠢᠨ ᠴᠢᠨᠠᠷᠲᠠᠶ ᠤᠢ ᠰᠢᠭᠤᠶ ᠶᠢ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ᠂ ᠠᠮᠢ ᠠᠬᠤᠶ ᠶᠢᠨ | ᠰᠡᠷᠭᠡᠶᠢᠯᠡᠯᠲᠡ ᠶᠢᠨ ᠱᠤᠭᠤᠮ ᠢ ᠴᠢᠩᠭ᠎ᠠ ᠰᠠᠬᠢᠬᠤ ᠬᠡᠷᠡᠭᠲᠡᠶ᠃ ᠭᠤᠷᠪᠠ ᠳᠤ᠂ ᠨᠢᠭᠡᠳᠦᠯᠲᠡᠶ ᠪᠠᠷᠢᠮᠵᠢᠶ᠎ᠠ ᠶᠢ ᠪᠠᠷᠢᠮᠲᠠᠯᠠᠨ᠂ ᠣᠶ ᠰᠢᠭᠤᠶ ᠶᠢᠨ ᠳᠠᠷᠤᠭ᠎ᠠ ᠶᠢᠨ | ᠲᠦᠷᠢᠮ ᠤᠨ ᠲᠠᠩᠰᠠ ᠡᠪᠬᠡᠮᠡᠯ ᠤᠨ ᠮᠠᠲ᠋ᠧᠷᠢᠶᠠᠯ ᠢ ᠪᠥᠬᠦ ᠲᠠᠯ᠎ᠠ ᠪᠠᠷ ᠡᠮᠬᠢᠳᠭᠡᠵᠦ᠂ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠲᠠᠩᠰᠠ ᠡᠪᠬᠡᠮᠡᠯ ᠤᠨ | ᠪᠠᠶᠢᠭᠤᠯᠤᠯᠲᠠ ᠶᠢᠨ ᠠᠵᠢᠯ ᠢ ᠳᠦᠷᠢᠮᠵᠢᠭᠦᠯᠦᠨ᠎ᠡ᠃ ᠲᠦᠷᠪᠡ ᠳᠤ᠂ ᠤᠢ ᠰᠢᠭᠤᠢ ᠶᠢᠨ ᠳᠠᠷᠤᠭ᠎ᠠ ᠶᠢᠨ ᠲᠦᠷᠢᠮ ᠤᠨ ᠠᠵᠢᠯ ᠢ ᠦᠷᠭᠦᠯᠵᠢᠯᠡᠨ ᠠᠬᠢᠭᠤᠯᠵᠤ᠂ ᠡᠯ᠎ᠡ | ᠵᠦᠢᠯ ᠤᠨ ︽ᠤᠢ ᠰᠢᠭᠤᠢ ᠶᠢᠨ ᠳᠠᠷᠤᠭ᠎ᠠ ᠶᠢᠨ ᠲᠦᠷᠢᠮ + ᠭᠤᠣᠯᠳᠠᠯᠭ᠎ᠠ ᠲᠠᠢ ᠠᠵᠢᠯ ᠤᠨ ᠡᠭᠦᠷᠭᠡ︾ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠲᠠᠪᠤ ᠳᠤ᠂ ᠤᠢ | ᠰᠢᠭᠤᠢ ᠶᠢᠨ ᠳᠠᠷᠤᠭ᠎ᠠ ᠶᠢᠨ ᠳᠦᠷᠢᠮ ᠤᠨ ᠤᠬᠠᠭᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠤᠯᠠᠨ ᠲᠦᠮᠡᠨ ᠢ ᠥᠷᠭᠡᠨ ᠢᠶᠠᠷ ᠳᠠᠶᠢᠴᠢᠯᠠᠵᠤ ᠤᠢ ᠰᠢᠭᠤᠢ ᠶᠢᠨ | ᠠᠮᠢ ᠠᠬᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠳᠤ ᠢᠳᠡᠪᠬᠢᠲᠡᠢ ᠣᠷᠣᠯᠴᠠᠭᠤᠯᠤᠨ᠎ᠠ᠃ |