ᠨᠠᠮ ᠤᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠨᠠᠮ ᠤᠨ ᠭᠡᠰᠢᠭᠦᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠨᠠᠮ ᠤᠨ | ᠭᠡᠰᠢᠭᠦᠳ ᠤᠨ ᠬᠤᠭᠤᠷᠣᠨᠳᠣᠬᠢ ᠨᠡᠪᠲᠡᠷᠡᠯᠴᠡᠭᠡ ᠪᠠ ᠰᠣᠯᠢᠯᠴᠠᠭ᠎ᠠ ᠶᠢ ᠴᠢᠩᠭᠠᠳᠬᠠᠬᠤ ᠶᠢᠨ ᠲᠥᠯᠥᠭᠡ᠂ ᠲᠦᠷᠦᠭᠦᠬᠡᠨ᠂ ᠣᠶ ᠰᠢᠭᠤᠶ ᠶᠢᠨ ᠠᠵᠤ | ᠦᠢᠯᠡᠳᠪᠦᠷᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠯᠢᠨ ᠳ᠋ᠢᠶᠠᠨ ᠨᠡᠶᠢᠭᠡᠮ ᠲᠣᠭᠤᠷᠢᠭ ᠲᠤ ︽ᠨᠠᠮ ᠤᠨ ᠰᠡᠳᠬᠢᠯ ᠢ ᠨᠢᠭᠲᠠᠷᠠᠭᠤᠯᠵᠤ᠂ | ᠬᠥᠳᠡᠯᠭᠡᠭᠡᠨ ᠬᠢᠵᠦ ᠬᠠᠮᠲᠤ ᠪᠠᠷ ᠤᠷᠤᠭᠰᠢᠯᠠᠶ᠎ᠠ ︾ ᠭᠡᠬᠦ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ | ᠥᠷᠨᠢᠭᠦᠯᠵᠦ᠂ ᠬᠤᠲᠠ ᠶᠢᠨ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶ᠎ᠠ᠂ ᠬᠤᠲᠠ ᠶᠢᠨ ᠤᠳᠬ᠎ᠠ ᠤᠷᠠᠯᠢᠭ ᠤᠨ | ᠬᠤᠯᠪᠣᠭ᠎ᠠ ᠵᠡᠷᠭᠡ 8 ᠨᠢᠭᠡᠴᠢ ᠶᠢᠨ ᠠᠵᠢᠯ ᠤᠨ ᠪᠠᠶᠢᠷᠢ ᠳᠤ ᠪᠠᠶᠢᠭ᠎ᠠ ᠬᠡᠰᠡᠭ ᠨᠠᠮ ᠤᠨ ᠭᠡᠰᠢᠭᠦᠨ ᠢ ᠤᠷᠢᠵᠤ ᠲᠣᠰ ᠠᠵᠢᠯᠯᠠᠭ᠎ᠠ ᠳᠤ ᠣᠷᠣᠯᠴᠠᠭᠤᠯᠪᠠ᠃ | ᠠᠵᠢᠯᠯᠠᠭ᠎ᠠ ᠶᠢᠨ ᠳᠤᠮᠳᠠ᠂ ᠯᠢᠨ ᠳ᠋ᠢᠶᠠᠨ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠬᠢᠨ ᠤᠯᠠᠨ ᠤ ᠲᠠᠮᠢᠷ ᠲᠡᠩᠬᠡᠭᠡ ᠶᠢᠨ ᠡᠯᠧᠮᠧᠨ᠋ᠲ ᠢ ᠦᠨᠳᠦᠰᠦᠯᠡᠵᠦ᠂ | ᠲᠡᠳᠡᠨ ᠳᠤ ᠳᠤᠬᠢᠷᠠᠬᠤ ᠬᠤᠪᠴᠠᠰᠤ ᠬᠤᠨᠠᠷ ᠡᠮᠦᠰᠬᠦ ᠤᠷᠤᠯᠳᠤᠭᠠᠨ᠂ ᠠᠷᠤ ᠲᠠᠯ᠎ᠠ ᠪᠠᠷ ᠦᠰᠦᠭ ᠳᠠᠮᠵᠢᠭᠤᠯᠬᠤ᠂ ᠬᠤᠷᠬᠢᠷᠠᠬᠤ ᠴᠠᠭᠠᠷᠢᠭ ᠢ ᠲᠤᠭᠤᠯᠬᠤ ᠵᠡᠷᠭᠡ | ᠤᠯᠠᠨ ᠵᠦᠢᠯ ᠤᠨ ᠰᠣᠨᠢᠷᠬᠠᠯᠲᠠᠢ ᠤᠷᠤᠯᠳᠤᠭᠠᠨ ᠤ ᠲᠦᠷᠦᠯ ᠵᠦᠢᠯ ᠢ ᠲᠥᠰᠦᠪᠯᠡᠵᠡᠢ᠃ ᠲᠤᠰ ᠤᠳᠠᠭ᠎ᠠ ᠶᠢᠨ ᠪᠡᠶ᠎ᠡ ᠶᠢᠨ ᠲᠠᠮᠢᠷ ᠤᠨ ᠴᠤᠭᠯᠠᠭᠠᠨ ᠳᠤ ︽ | ᠨᠥᠬᠦᠷᠯᠡᠯ ᠢ ᠲᠡᠷᠢᠭᠦᠨ ᠳᠤ ᠲᠠᠯᠪᠢᠵᠤ᠂ ᠤᠷᠤᠯᠳᠤᠭᠠᠨ ᠢ ᠬᠤᠶᠠᠳᠤᠭᠠᠷ ᠲᠤ ᠲᠠᠯᠪᠢᠬᠤ︾ ᠤᠷᠤᠯᠳᠤᠭᠠᠨ ᠤ ᠵᠠᠷᠴᠢᠮ ᠢ ᠪᠠᠷᠢᠮᠲᠠᠯᠠᠵᠤ᠂ ᠠᠵᠢᠯ ᠤᠨ ᠪᠠᠶᠢᠷᠢ ᠳᠤ | ᠪᠠᠶᠢᠭ᠎ᠠ ᠨᠠᠮ ᠤᠨ ᠭᠡᠰᠢᠭᠦᠨ ᠤ ᠬᠤᠪᠢ ᠬᠥᠮᠦᠨ ᠤ ᠴᠤᠭ ᠵᠢᠪᠬᠤᠭ᠎ᠠ ᠶᠢ ᠢᠯᠡᠷᠡᠭᠦᠯᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠭᠤᠶᠢᠳᠠ ᠰᠠᠶᠢᠬᠠᠨ | ᠦᠵᠡᠮᠵᠢ ᠪᠠᠶᠢᠳᠠᠯ ᠲᠠᠰᠤᠷᠠᠯᠳᠡ ᠦᠭᠡᠢ ᠦᠷᠭᠦᠯᠵᠢᠯᠡᠵᠦ᠂ ᠤᠯᠠᠨ ᠢᠶᠠᠷ ᠢᠶᠠᠨ ᠬᠠᠷᠢᠯᠴᠠᠨ ᠦᠷᠢᠰᠦᠯᠳᠦᠵᠦ᠂ ᠪᠠᠰᠠ ᠪᠦᠯᠬᠦᠮᠳᠡᠨ ᠬᠠᠮᠵᠢᠯᠴᠠᠵᠤ᠂ ᠬᠠᠷᠢᠯᠴᠠᠨ | ᠬᠠᠪᠰᠤᠷᠤᠯᠴᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠢᠶᠠᠷ ᠪᠢᠯᠬᠠᠵᠤ᠂ ᠪᠠᠶᠠᠷ ᠬᠦᠷ ᠢᠶᠠᠷ ᠪᠢᠯᠬᠠᠵᠤ᠂ ᠥᠪᠡᠷ ᠤᠨ ᠭᠠᠷᠮᠠᠭᠠᠢ | ᠲᠠᠮᠢᠷ ᠤᠨ ᠬᠥᠳᠡᠯᠭᠡᠭᠡᠨ ᠤ ᠲᠦᠷᠦᠯ ᠵᠦᠢᠯ ᠳᠡᠭᠡᠨ ᠲᠡᠷᠢᠭᠦᠯᠡᠬᠦ ᠪᠠᠷ ᠬᠦᠴᠦᠯᠡᠨ ᠴᠢᠷᠮᠠᠶᠢᠵᠠᠭᠠᠪᠠ᠃ | ᠲᠣᠰ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠨᠢ ᠰᠣᠨᠢᠷᠬᠠᠯᠲᠤ ᠴᠢᠨᠠᠷ ᠪᠠ ᠬᠥᠳᠡᠯᠭᠡᠭᠡᠨ ᠤ ᠴᠢᠨᠠᠷ ᠢ ᠨᠢᠭᠡ ᠴᠣᠭᠴᠠ ᠪᠣᠯᠭᠠᠵᠤ᠂ ᠠᠵᠢᠯ ᠳᠤ ᠪᠠᠶᠢᠭ᠎ᠠ | ᠨᠠᠮ ᠤᠨ ᠭᠡᠰᠢᠭᠦᠳ ᠲᠤ ᠰᠣᠨᠢᠷᠬᠠᠯᠲᠤ ᠬᠥᠳᠡᠯᠭᠡᠭᠡᠨ ᠤ ᠪᠠᠶᠠᠷ ᠪᠠᠶᠠᠰᠤᠯ ᠢ ᠮᠡᠳᠡᠷᠡᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ᠥᠪᠡᠷ ᠤᠨ ᠨᠠᠮ ᠢᠶᠠᠨ ᠬᠠᠶᠢᠷᠠᠯᠠᠵᠤ | ᠤᠯᠤᠰ ᠢᠶᠠᠨ ᠬᠠᠶᠢᠷᠠᠯᠠᠬᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠭᠰᠠᠨ ᠪᠥᠭᠡᠳ ᠥᠪᠡᠷ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢᠶᠠᠨ ᠴᠤ | ᠲᠦᠢᠯ ᠤᠨ ᠶᠡᠭᠡ ᠪᠠᠷ ᠪᠠᠶᠠᠯᠢᠭᠵᠢᠭᠤᠯᠤᠭᠰᠠᠨ ᠪᠠᠶᠢᠨ᠎ᠠ ᠭᠡᠵᠦ ᠣᠯᠠᠨ ᠢᠶᠠᠷ ᠢᠶᠠᠨ ᠢᠯᠡᠳᠭᠡᠵᠡᠢ᠃ |