ᠪᠥᠬᠦ ᠤᠯᠤᠰ ᠤᠨ 33 ᠳ᠋ᠤᠭᠠᠷ ︽119︾ ᠤ ᠭᠠᠯ ᠤᠨᠲᠠᠷᠠᠭᠠᠬᠤ ᠡᠳᠦᠷ ᠢ ᠢᠳᠡᠪᠬᠢᠲᠡᠶ ᠳᠠᠭᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠦᠵᠡᠮᠵᠢ ᠶᠢᠨ ᠣᠷᠣᠨ ᠤ ᠮᠦᠽᠧᠶ ᠶᠢᠨ ᠠᠵᠢᠯᠲᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠪᠠ | ᠥᠪᠡᠷ ᠢ ᠪᠠᠨ ᠬᠠᠮᠠᠭᠠᠯᠠᠵᠤ ᠥᠪᠡᠷ ᠢ ᠪᠠᠨ ᠠᠪᠤᠷᠬᠠᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠲᠦᠷᠦᠭᠦᠬᠡᠨ᠂ ᠣᠯᠭᠤᠶᠠ ᠡᠸᠡᠩᠬᠢ | ᠦᠨᠳᠦᠰᠦᠲᠡᠨ ᠤ ᠰᠢᠶᠠᠩ ᠤᠨ ᠴᠠ ᠪᠤᠭᠤ ᠶᠢᠨ ᠰᠣᠶᠣᠯ ᠤᠨ ᠮᠦᠽᠧᠶ ᠳᠤ ᠭᠠᠯ ᠤᠨᠲᠠᠷᠠᠭᠠᠬᠤ ᠰᠣᠷᠢᠯᠲᠠ ᠪᠠ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠵᠤ | ᠠᠪᠤᠷᠬᠠᠤ ᠮᠡᠳᠡᠯᠭᠡ ᠪᠠ ᠤᠷ᠎ᠠ ᠴᠢᠳᠠᠪᠤᠷᠢ ᠶᠢᠨ ᠦᠵᠡᠭᠦᠯᠦᠯᠭᠡ ᠶᠢᠨ ᠠᠵᠢᠯᠯᠠᠭ᠎ᠠ ᠥᠷᠨᠢᠭᠦᠯᠪᠡ᠃ | ᠰᠣᠷᠢᠯᠲᠠ ᠡᠬᠢᠯᠡᠬᠦ ᠠᠴᠠ ᠡᠮᠦᠨ᠎ᠡ᠂ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠭᠠᠯ ᠤᠨᠲᠠᠷᠠᠭᠠᠭᠴᠢ ᠮᠦᠽᠧᠶ ᠶᠢᠨ | ᠳᠣᠲᠣᠭᠠᠳᠤ ᠶᠢᠨ ᠭᠠᠯ ᠤᠨᠲᠠᠷᠠᠭᠠᠬᠤ ᠲᠥᠬᠦᠭᠡᠷᠦᠮᠵᠢ ᠶᠢ ᠨᠠᠷᠢᠨ ᠪᠠᠶᠢᠴᠠᠭᠠᠵᠤ᠂ ᠬᠡᠷ ᠳᠣᠲᠣᠷᠠᠬᠢ ᠬᠡᠷᠡᠮ ᠤᠨ ᠭᠠᠯ ᠤᠨᠲᠠᠷᠠᠭᠠᠭᠤᠯ ᠪᠠ ᠬᠠᠭᠤᠷᠠᠶ ᠨᠤᠨᠲᠠᠭ ᠤᠨ | ᠭᠠᠯ ᠤᠨᠲᠠᠷᠠᠭᠠᠭᠤᠷ ᠵᠡᠷᠭᠡ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ ᠠᠷᠭ᠎ᠠ ᠶᠢᠨ ᠲᠤᠬᠠᠶ ᠨᠠᠷᠢᠨ ᠲᠠᠶᠢᠯᠪᠤᠷᠢᠯᠠᠯᠲᠠ ᠬᠢᠵᠡᠶ᠃ ᠡᠭᠦᠨ ᠤ ᠬᠠᠮᠲᠤ᠂ | ᠮᠦᠽᠧᠶ ᠶᠢᠨ ᠠᠵᠢᠯᠲᠠᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠭᠠᠯ ᠤᠨᠲᠠᠷᠠᠭᠠᠭᠴᠢ ᠪᠠᠰᠠ | ᠵᠢᠷᠦᠬᠡ ᠠᠭᠤᠰᠬᠢᠨ ᠤ ᠰᠡᠷᠭᠦᠭᠡᠯᠲᠡ ᠵᠡᠷᠭᠡ ᠲᠦᠷᠭᠡᠨ ᠠᠪᠤᠷᠠᠯᠳᠠ ᠶᠢᠨ ᠮᠡᠳᠡᠯᠭᠡ ᠶᠢ ᠬᠡᠷᠡᠭᠵᠢᠭᠦᠯᠬᠦ ᠠᠷᠭ᠎ᠠ ᠶᠢᠨ ᠲᠠᠯ᠎ᠠ ᠪᠠᠷ ᠲᠡᠳᠡᠨ ᠢ ᠨᠠᠷᠢᠨ ᠨᠢᠮᠪᠠᠶ ᠵᠢᠭᠠᠨ | ᠵᠢᠯᠣᠭᠤᠳᠪᠠ᠃ | ᠰᠣᠷᠢᠯᠲᠠ ᠶᠢᠨ ᠲᠤᠬᠠᠶ ᠶᠢᠨ ᠲᠠᠯᠠᠪᠤᠷ ᠲᠤ᠂ ᠭᠠᠯ ᠤᠨᠲᠠᠷᠠᠭᠠᠭᠴᠢ ᠮᠦᠽᠧᠶ ᠶᠢᠨ ᠠᠵᠢᠯᠲᠠᠨ ᠤ ᠭᠠᠯ ᠤᠨᠲᠠᠷᠠᠭᠠᠭᠤᠷ ᠬᠡᠷᠡᠭᠯᠡᠬᠦ ᠠᠵᠢᠯᠯᠠᠭᠠᠨ ᠤ ᠶᠠᠪᠤᠴᠠ ᠶᠢ | ᠳᠠᠬᠢᠨᠲᠠ ᠲᠠᠨᠢᠯᠴᠠᠭᠤᠯᠤᠭᠰᠠᠨ ᠪᠥᠭᠡᠳ ᠰᠣᠷᠢᠯᠲᠠ ᠶᠢᠨ ᠠᠵᠢᠯᠲᠠᠨ ᠢ ᠵᠢᠭᠠᠨ ᠵᠢᠯᠣᠭᠤᠳᠴᠤ ᠪᠠᠶᠢᠭᠠᠳ ︽ᠨᠢᠭᠡ ᠶᠢ ᠰᠠᠵᠢᠯᠠᠭᠤᠯᠬᠤ᠂ ᠬᠤᠶᠠᠷ ᠢ ᠬᠤᠣᠰᠯᠠᠭᠤᠯᠬᠤ᠂ | ᠭᠤᠷᠪᠠ ᠶᠢ ᠰᠤᠭᠤᠯᠬᠤ᠂ ᠳᠥᠷᠪᠡ ᠶᠢ ᠳᠠᠷᠤᠬᠤ︾ ᠠᠵᠢᠯᠯᠠᠭᠠᠨ ᠤ ᠲᠠᠰ ᠳᠠᠷᠠᠭᠠᠯᠠᠯ ᠢ ᠵᠢᠷᠤᠮᠯᠠᠨ ᠪᠣᠳᠠᠲᠠᠶ ᠠᠵᠢᠯᠯᠠᠭᠤᠯᠪᠠ᠃ | ᠰᠣᠷᠢᠯᠲᠠ ᠳᠠᠭᠤᠰᠤᠭᠰᠠᠨ ᠤ ᠳᠠᠷᠠᠭ᠎ᠠ ᠮᠦᠽᠧᠶ ᠶᠢᠨ ᠠᠵᠢᠯᠲᠠᠳ ᠬᠡᠯᠡᠬᠦ ᠳᠡᠭᠡᠨ᠂ ᠲᠤᠰ ᠤᠳᠠᠭᠠᠨ ᠤ ᠰᠣᠷᠢᠯᠲᠠ ᠪᠠᠷ ᠳᠠᠮᠵᠢᠨ ᠭᠠᠯ ᠢ ᠰᠡᠷᠭᠡᠶᠢᠯᠡᠬᠦ ᠪᠠᠴᠢᠮ | ᠠᠪᠤᠷᠠᠯᠳᠠ ᠶᠢᠨ ᠰᠢᠨ᠎ᠡ ᠤᠷ᠎ᠠ ᠮᠡᠷᠭᠡᠵᠢᠯ ᠢ ᠡᠵᠡᠮᠰᠢᠵᠦ᠂ ᠶᠡᠭᠡ ᠤᠯᠤᠯᠲᠠ ᠭᠥᠷᠳᠡᠭᠰᠡᠨ ᠪᠠᠶᠢᠨ᠎ᠠ ᠭᠡᠵᠡᠶ᠃ |