ᠠᠺᠠᠳᠧᠮᠢᠴᠢ ᠭᠤᠸᠠᠨ ᠴᠦᠨ ᠶᠦᠨ ᠬᠦᠪᠡᠭᠡᠲᠦ ᠰᠢᠷ᠎ᠠ ᠬᠤᠰᠢᠭᠤ ᠪᠠᠷ ᠤᠤᠭᠠᠯ ᠨᠤᠲᠤᠭ ᠲᠠᠢ᠃ 1938 ᠣᠨ ᠳᠤ ᠬᠤᠪᠸᠢ ᠮᠤᠵᠢ ᠶᠢᠨ ᠵᠢᠩᠵᠸᠦ | ᠬᠤᠳᠠᠨ ᠳᠤ ᠲᠦᠷᠦᠪᠡ᠃ | ᠲᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠬᠤᠨᠠᠨ ᠤ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ | ᠳ᠋ᠣᠺᠲ᠋ᠣᠷᠠᠨᠲ ᠶᠢᠨ ᠵᠢᠯᠤᠭᠤᠳᠤᠭᠴᠢ᠂ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠵᠦᠪᠯᠡᠯ ᠤᠨ ᠡᠷᠬᠢᠯᠡᠭᠴᠢ᠃ ᠬᠤᠨᠠᠨ ᠮᠤᠵᠢ ᠶᠢᠨ ᠲᠠᠷᠢᠶᠠᠯᠠᠩ ᠤᠨ ᠶᠡᠭᠡ | ᠰᠤᠷᠭᠠᠭᠤᠯᠢ ᠶᠢᠨ ᠨᠠᠮ ᠤᠨ ᠬᠤᠷᠢᠶᠠᠨ ᠶᠢᠨ ᠳᠡᠳ᠋ ᠱᠦᠵᠢ᠂ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠢ ᠬᠠᠷᠢᠭᠤᠴᠠᠵᠤ ᠪᠠᠶᠢᠪᠠ᠃ | ᠤᠯᠤᠰ ᠤᠨ ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠵᠢᠭᠠᠨ ᠰᠤᠷᠭᠠᠯᠳᠠ ᠶᠢᠨ ᠨᠡᠷᠡᠲᠦ ᠪᠠᠭᠰᠢ᠂ ᠪᠦᠬᠦ ᠤᠯᠤᠰ ᠤᠨ ᠰᠢᠯᠭᠠᠷᠠᠭᠰᠠᠨ ᠲᠤᠰᠬᠠᠢ | ᠮᠡᠷᠭᠡᠵᠢᠯ ᠤᠨ ᠴᠢᠳᠠᠪᠦᠷᠢᠳᠠᠨ᠂ ᠤᠯᠤᠰ ᠤᠨ ᠳᠤᠪᠤᠶᠢᠮ᠎ᠠ ᠵᠢᠳᠬᠦᠯ ᠲᠠᠢ ᠵᠠᠯᠠᠭᠤ ᠲᠤᠰᠬᠠᠢ ᠮᠡᠷᠭᠡᠵᠢᠯᠳᠡᠨ᠂ ᠤᠯᠤᠰ ᠤᠨ ᠰᠤᠷᠭᠠᠨ ᠬᠦᠮᠦᠵᠢᠯ ᠤᠨ ᠰᠢᠰᠲ᠋ᠧᠮ ᠤᠨ | ᠬᠦᠳᠡᠯᠮᠦᠷᠢ ᠶᠢᠨ ᠵᠢᠱᠢᠶᠡᠴᠢ᠂ ᠤᠯᠤᠰ ᠤᠨ ᠰᠢᠯᠢᠮᠳᠡᠭ ᠤᠨ ᠦᠢᠯᠡᠰ ᠤᠨ ᠮᠡᠷᠭᠡᠵᠢᠯ ᠤᠨ ᠰᠢᠰᠲ᠋ᠧᠮ ᠤᠨ ᠪᠤᠶᠢᠵᠢᠭᠤᠯᠬᠤ ᠪᠠ ᠰᠢᠮ᠎ᠡ ᠲᠡᠵᠢᠭᠡᠯ ᠤᠨ ᠲᠠᠰᠤᠭ ᠤᠨ | ᠡᠷᠬᠢᠯᠡᠭᠴᠢ᠂ ᠠᠵᠢᠯ ᠤᠨ ᠪᠠᠶᠢᠷᠢ ᠶᠢᠨ ᠰᠢᠨᠵᠢᠯᠡᠬᠦ ᠤᠬᠠᠭᠠᠨᠳᠠᠨ᠂ ᠲᠠᠷᠢᠶᠠᠯᠠᠩ ᠤᠨ ᠶᠠᠮᠤᠨ ᠤ ᠰᠢᠯᠢᠮᠳᠡᠭ ᠤᠨ ᠲᠤᠰᠬᠠᠢ ᠮᠡᠷᠭᠡᠵᠢᠯᠳᠡᠨ ᠢ ᠵᠢᠯᠤᠭᠤᠳᠬᠤ | ᠲᠤᠭᠤᠶᠢᠯᠠᠩ ᠤᠨ ᠵᠦᠪᠯᠡᠭᠴᠢ᠂ ᠣᠯᠠᠨ ᠤᠯᠤᠰ ᠤᠨ ᠰᠢᠯᠢᠮᠳᠡᠭ ᠤᠨ ᠯᠠᠪᠯᠠᠯᠳᠠ ᠶᠢᠨ ᠵᠦᠪᠯᠡᠯ ᠤᠨ ᠭᠡᠰᠢᠬᠦᠨ᠂ ᠠᠷᠪᠠᠨ ᠬᠤᠶᠠᠳᠤᠭᠠᠷ ᠤᠳᠠᠭᠠᠨ ᠤ ᠤᠯᠠᠨ | ᠤᠯᠤᠰ ᠤᠨ ᠰᠢᠯᠢᠮᠳᠡᠭ ᠤᠨ ᠶᠡᠭᠡ ᠬᠤᠷᠠᠯ ᠤᠨ ᠰᠢᠨᠵᠢᠯᠡᠬᠦ ᠤᠬᠠᠭᠠᠨ ᠤ ᠵᠦᠪᠯᠡᠯ ᠤᠨ ᠲᠡᠷᠢᠬᠦᠯᠦᠭᠴᠢ᠂ ᠤᠯᠤᠰ ᠤᠨ ᠲᠤᠰᠤᠨ ᠲᠠᠷᠢᠮᠠᠯ ᠤᠨ | ᠰᠠᠶᠢᠵᠢᠷᠠᠭᠤᠯᠤᠯᠳᠠ ᠶᠢᠨ ᠲᠥᠪ ᠤᠨ ᠬᠤᠨᠠᠨ ᠮᠤᠵᠢ ᠶᠢᠨ ᠬᠤᠪᠢᠶᠠᠷᠢ ᠲᠥᠪ ᠤᠨ ᠡᠷᠬᠢᠯᠡᠭᠴᠢ᠂ ᠤᠯᠤᠰ ᠤᠨ ᠰᠢᠨᠵᠢᠯᠡᠭᠡ ᠮᠡᠷᠭᠡᠵᠢᠯ ᠤᠨ ᠳᠠᠪᠰᠢᠯᠲᠠ ᠶᠢᠨ ᠱᠠᠩᠨᠠᠯ ᠢ | ᠰᠢᠯᠭᠠᠷᠠᠭᠤᠯᠤᠨ ᠬᠢᠨᠠᠬᠤ ᠲᠤᠰᠬᠠᠢ ᠮᠡᠷᠭᠡᠵᠢᠯᠳᠡᠨ᠂ ᠲᠤᠮᠳᠠᠳᠤ ᠤᠯᠤᠰ ᠤᠨ ᠲᠠᠷᠢᠮᠠᠯ ᠤᠨ ᠨᠡᠶᠢᠭᠡᠮᠯᠢᠭ ᠤᠨ ᠪᠠᠶᠢᠩᠭᠤ ᠶᠢᠨ ᠭᠡᠶᠢᠷᠡᠭ ᠡᠷᠬᠢᠯᠡᠭᠴᠢ᠂ ᠲᠤᠮᠳᠠᠳᠤ | ᠤᠯᠤᠰ ᠤᠨ ᠲᠠᠷᠢᠮᠠᠯ ᠤᠨ ᠨᠠᠶᠢᠭᠡᠮᠯᠢᠭ ᠤᠨ ᠲᠤᠰᠤᠨ ᠮᠠᠲ᠋ᠧᠷᠢᠶᠠᠯ ᠤᠨ ᠲᠤᠰᠬᠠᠢ ᠺᠤᠮᠢᠰ ᠤᠨ ᠳᠡᠳ᠋ ᠬᠡᠷᠡᠭ ᠮᠡᠳᠡᠭᠴᠢᠳ ᠤᠨ ᠲᠠᠷᠤᠭ᠎ᠠ᠂ ᠤᠯᠤᠰ ᠤᠨ ᠲᠥᠷᠦ ᠶᠢᠨ | ᠶᠠᠪᠤᠳᠠᠯ ᠤᠨ ᠬᠤᠷᠢᠶᠠᠨ ᠤ ᠰᠤᠷᠤᠯᠭ᠎ᠠ ᠶᠢᠨ ᠬᠢᠷᠢ ᠬᠡᠮ ᠤᠨ ᠺᠤᠮᠢᠰ ᠤᠨ ᠰᠢᠨᠵᠢᠯᠡᠭᠡᠨ ᠤ ᠰᠢᠯᠭᠠᠷᠠᠭᠤᠯᠤᠯᠳᠠ ᠶᠢᠨ ᠲᠤᠭᠤᠶᠢᠯᠠᠩ ᠤᠨ ᠬᠡᠰᠢᠭᠦᠨ᠂ ᠬᠤᠨᠠᠨ ᠮᠤᠵᠢ ᠶᠢᠨ | ᠰᠢᠨᠵᠢᠯᠡᠭᠡ ᠮᠡᠷᠭᠡᠵᠢᠯ ᠤᠨ ᠨᠡᠶᠢᠭᠡᠮᠯᠢᠭ ᠤᠨ ᠳᠡᠳ᠋ ᠲᠡᠷᠢᠬᠦᠯᠦᠭᠴᠢ᠂ ᠬᠤᠨᠠᠨ ᠮᠤᠵᠢ ᠶᠢᠨ ᠲᠠᠷᠢᠮᠠᠯ ᠤᠨ ᠭᠧᠨ ᠤ ᠢᠨᠵᠧᠨᠧᠷᠢᠩ ᠤᠨ ᠭᠤᠤᠯᠳᠠᠯᠭᠠᠳᠤ ᠲᠤᠷᠰᠢᠯᠳᠠ ᠶᠢᠨ | ᠲᠠᠰᠤᠭ ᠤᠨ ᠡᠷᠬᠢᠯᠡᠭᠴᠢ᠃ | 2009 ᠣᠨ ᠳᠤ ᠮᠣᠩᠭᠤᠯ ᠦᠨᠳᠦᠰᠦᠳᠡᠨ ᠤ ᠠᠷᠪᠠᠨ ᠰᠣᠳᠤᠨ ᠰᠢᠨᠵᠢᠯᠡᠬᠦ ᠤᠬᠠᠭᠠᠨᠳᠠᠨ ᠢᠶᠠᠷ ᠰᠤᠩᠭᠤᠭᠳᠠᠵᠤ᠂ ᠤᠷᠢᠳ ᠬᠤᠵᠢᠳ ᠤᠯᠤᠰ ᠤᠨ 973 | ᠫᠷᠦᠵᠧᠺᠲ ︵2 ᠵᠦᠢᠯ︶᠂ ᠤᠯᠤᠰ ᠤᠨ 868 ᠫᠷᠦᠵᠧᠺᠲ ︵3 ᠵᠦᠢᠯ︶᠂ ᠤᠯᠤᠰ ᠤᠨ ᠰᠢᠨᠵᠢᠯᠡᠭᠡ ᠮᠡᠷᠭᠡᠵᠢᠯ ᠤᠨ ᠰᠢᠪᠳᠤᠯᠤᠯᠳᠠ ᠶᠢᠨ ᠫᠷᠦᠵᠧᠺᠲ | ᠵᠡᠷᠭᠡ ᠶᠢ ᠤᠯᠠᠨᠳᠠ ᠭᠠᠷᠳᠠᠨ ᠬᠢᠵᠠᠢ᠃ ᠲᠤᠰᠬᠠᠢ ᠲᠤᠭᠤᠷᠪᠢᠯ ᠤᠨ 15 ᠨᠣᠮ ᠬᠡᠪᠯᠡᠬᠦᠯᠵᠤ᠂ ᠦᠭᠦᠯᠡᠯ 180 ᠭᠠᠷᠤᠢ ᠶᠢ ᠨᠡᠶᠢᠳᠡᠯᠡᠬᠦᠯᠪᠡ᠃ ᠰᠤᠷᠭᠠᠨ ᠬᠦᠮᠦᠵᠢᠯ | ᠵᠢᠭᠠᠨ ᠰᠤᠷᠭᠠᠯᠳᠠ ᠶᠢᠨ ᠲᠠᠯ᠎ᠠ ᠪᠠᠷ 36 ᠳ᠋ᠣᠺᠲ᠋ᠣᠷᠠᠨᠲ᠂ 76 ᠠᠰᠫᠢᠷᠠᠨᠲ ᠬᠦᠮᠦᠵᠢᠭᠦᠯᠵᠤ ᠤᠯᠤᠰ ᠤᠨ ᠰᠤᠷᠭᠠᠨ ᠬᠦᠮᠦᠵᠢᠯ ᠤᠨ ᠱᠠᠩᠨᠠᠯ ᠢ ᠣᠯᠠᠨᠳᠠ ᠬᠦᠷᠳᠡᠵᠠᠢ | ᠃ ᠲᠡᠷᠡ ᠪᠠᠷ ᠰᠢᠯᠢᠮᠳᠡᠭ ᠢ ᠦᠨᠳᠦᠷ ᠤᠨᠠᠯᠳᠠ ᠣᠬᠢ ᠰᠢᠯᠢᠳᠡᠭ ᠦᠷ᠎ᠡ ᠠᠰᠢᠭ ᠢᠶᠠᠷ ᠲᠠᠷᠢᠬᠤ ᠤᠨᠤᠯ ᠤᠨ ᠰᠤᠳᠤᠯᠤᠯ ᠤᠨ ᠲᠠᠯ᠎ᠠ ᠪᠡᠷ᠎ᠡ ᠴᠢᠬᠤᠯᠠ ᠡᠭᠦᠳᠦᠯᠳᠡ | ᠭᠠᠷᠭᠠᠭᠰᠠᠨ ᠶᠤᠮ᠃ ᠰᠢᠯᠢᠮᠳᠡᠭ ᠤᠨ ᠰᠢᠯᠢᠳᠡᠭ ᠴᠢᠨᠠᠷ ᠤᠨ ᠦᠨᠳᠦᠷ ᠤᠨᠠᠯᠳᠠᠳᠤ ᠡᠭᠦᠯᠳᠡᠷ ᠢ ᠪᠤᠶᠢᠵᠢᠭᠤᠯᠬᠤ᠂ ᠣᠨᠴᠠᠭᠠᠶᠢᠯᠠᠨ ᠬᠤᠣᠰ ᠲᠣᠣᠷᠠᠳᠤ ᠡᠭᠦᠯᠳᠡᠷ ᠢ | ᠰᠣᠩᠭᠤᠨ ᠪᠤᠶᠢᠵᠢᠭᠤᠯᠬᠤ ᠲᠠᠯ᠎ᠠ ᠪᠠᠷ ᠲᠤᠪᠤᠶᠢᠭᠰᠠᠨ ᠠᠮᠵᠢᠯᠳᠠ ᠤᠯᠪᠠ᠃ ᠡᠭᠦᠯᠳᠡᠷ ᠤᠨ ᠪᠤᠶᠢᠵᠢᠭᠤᠯᠤᠯᠳᠠ ᠶᠢ ᠬᠤᠪᠢᠷᠠᠭᠤᠯᠬᠤ ᠪᠠᠷ ᠲᠠᠮᠵᠢᠨ᠂ ᠦᠨᠳᠦᠷ ᠲᠣᠰᠤᠨ | ᠬᠦᠴᠢᠯ ᠲᠠᠢ ᠰᠢᠯᠢᠮᠳᠡᠭ ᠤᠨ ᠡᠭᠦᠯᠳᠡᠷ ᠤᠨ ᠰᠢᠰᠲ᠋ᠧᠮ ᠢ ᠪᠤᠶᠢᠵᠢᠭᠤᠯᠵᠤ᠂ ᠰᠢᠯᠢᠮᠳᠡᠭ ᠤᠨ ᠤᠷᠭᠤᠮᠠᠯ ᠤᠨ ᠮᠡᠷᠭᠡᠵᠢᠯ ᠤᠨ ᠬᠦᠷᠢᠶᠡᠨ ᠳᠤ ᠴᠢᠬᠤᠯᠠ ᠬᠤᠪᠢ ᠨᠡᠮᠡᠷᠢ | ᠦᠵᠡᠭᠦᠯᠵᠠᠢ᠃ | ᠡᠬᠦᠨ ᠠᠴᠠ ᠭᠠᠳᠠᠨ᠎ᠠ ᠭᠤᠸᠠᠨ ᠴᠦᠨ ᠶᠦᠨ ᠰᠢᠨᠵᠢᠯᠡᠬᠦ ᠤᠬᠠᠭᠠᠨ ᠤ ᠰᠤᠳᠤᠯᠭᠠᠨ ᠳᠤ ᠰᠢᠮᠳᠠᠬᠤ ᠶᠢᠨ ᠬᠠᠮᠳᠤ ᠰᠤᠷᠭᠠᠨ ᠬᠦᠮᠦᠵᠢᠯ ᠤᠨ ᠦᠭᠡᠷᠡᠴᠢᠯᠡᠯᠳᠡ᠂ | ᠴᠢᠳᠠᠪᠦᠷᠢᠳᠠᠨ ᠢ ᠬᠦᠮᠦᠵᠢᠬᠦᠯᠬᠦ ᠲᠠᠯ᠎ᠠ ᠪᠠᠷ ᠲᠤᠪᠤᠶᠢᠮ᠎ᠠ ᠠᠮᠵᠢᠯᠳᠠ ᠭᠠᠷᠭᠠᠪᠠ᠃ |