ᠬᠡᠯᠡ ᠪᠢᠴᠢᠭ ᠤᠨ ᠤᠬᠠᠭᠠᠨ ᠤ ᠡᠷᠳᠡᠮᠳᠡᠨ ᠡᠷᠳᠡᠨᠢᠪᠠᠶᠠᠷ
ᠨᠡᠶᠢᠲᠡᠯᠡᠭᠰᠡᠨ ᠴᠠᠭ᠄
2024/12/17
    ᠬᠡᠯᠡ ᠪᠢᠴᠢᠭ ᠤᠨ ᠤᠬᠠᠭᠠᠨ ᠤ ᠳ᠋ᠣᠺᠲ᠋ᠤᠷ ᠡᠷᠳᠡᠨᠢᠪᠠᠶᠠᠷ ᠦᠪᠦᠷ ᠮᠤᠩᠭᠤᠯ ᠤᠨ ᠬᠦᠪᠡᠭᠡᠲᠦ ᠰᠢᠷ᠎ᠠ ᠬᠤᠰᠢᠭᠤᠨ ᠤ ᠪᠤᠭᠳᠠ ᠶᠢᠨ ᠭᠤᠤᠯ ᠰᠤᠮᠤᠨ ᠤ ᠰᠢᠪᠡᠭᠡᠲᠦ ᠭᠠᠴᠠᠭ᠎ᠠ ᠪᠠᠷ ᠨᠤᠲᠤᠭᠳᠠᠢ᠃     1970 ᠣᠨ ᠠᠴᠠ 1978 ᠤᠨ ᠬᠦᠷᠳᠡᠯ᠎ᠡ ᠪᠤᠭᠳᠠ ᠶᠢᠨ ᠭᠤᠣᠯ ᠰᠤᠮᠤᠨ ᠤ ᠪᠠᠭ᠎ᠠ ᠰᠤᠷᠭᠠᠭᠤᠯᠢ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠯᠴᠠᠵᠤ᠂ 1978 ᠤᠨ ᠤ 8 ᠰᠠᠷ᠎ᠠ ᠠᠴᠠ 1980 ᠤᠨ ᠤ 8 ᠰᠠᠷ᠎ᠠ ᠬᠦᠷᠳᠡᠯ᠎ᠡ ᠬᠦᠬᠡᠬᠤᠳᠡ ᠦᠨᠳᠦᠰᠦᠳᠡᠨ ᠤ ᠲᠡᠭᠡᠳᠦ ᠰᠤᠷᠭᠠᠭᠤᠯᠢ ᠳᠤ ᠮᠤᠩᠭᠤᠯ ᠤᠷᠴᠢᠭᠤᠯᠭ᠎ᠠ ᠶᠢᠨ ᠲᠤᠰᠬᠠᠢ ᠮᠡᠷᠭᠡᠵᠢᠯ ᠢ ᠰᠤᠷᠤᠯᠴᠠᠨ ᠲᠡᠭᠦᠰᠭᠡᠵᠤ᠂ 1991 ᠤᠨ ᠳᠤ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭ᠍ᠭᠤᠯᠢ ᠶᠢᠨ ᠮᠤᠩᠭᠤᠯ ᠬᠡᠯᠡ ᠤᠳᠬ᠎ᠠ ᠵᠤᠬᠢᠶᠠᠯ ᠤᠨ ᠲᠤᠰᠬᠠᠢ ᠮᠡᠷᠭᠡᠵᠢᠯ ᠠᠴᠠ ᠰᠤᠷᠤᠯᠭ᠎ᠠ ᠲᠡᠭᠦᠰᠭᠡᠪᠡ᠃     1994 ᠤᠨ ᠤ 3 ᠰᠠᠷ᠎ᠠ ᠳᠤ ᠮᠤᠩᠭᠤᠯ ᠤᠯᠤᠰ ᠤᠨ ᠰᠢᠨᠵᠢᠯᠡᠬᠦ ᠤᠬᠠᠭᠠᠨ ᠤ ᠠᠺᠳᠧᠮᠢ ᠶᠢᠨ ᠬᠡᠯᠡ ᠵᠤᠬᠢᠶᠠᠯ ᠤᠨ ᠬᠦᠷᠢᠶᠡᠯᠡᠩ ᠠᠴᠠ ᠬᠡᠯ᠎ᠡ ᠪᠢᠴᠢᠭ ᠤᠨ ᠤᠬᠠᠭᠠᠨ ᠤ ᠳ᠋ᠣᠺᠲ᠋ᠣᠷ ᠴᠤᠯᠠ ᠬᠠᠮᠠᠭᠠᠯᠠᠪᠠ᠃     1980 ᠤᠨ ᠤ 8 ᠰᠠᠷ᠎ᠠ ᠠᠴᠠ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠳᠤ ᠠᠵᠢᠯᠠᠯᠪᠠ᠃     ᠤᠯᠠᠨ ᠤᠯᠤᠰ ᠤᠨ ᠤᠷᠴᠢᠭᠤᠯᠭ᠎ᠠ ᠶᠢᠨ ᠬᠤᠯᠪᠤᠭᠠᠨ ᠤ ᠲᠤᠰᠬᠠᠢ ᠮᠡᠷᠭᠡᠵᠢᠯᠳᠡᠨ᠂ ᠤᠯᠠᠨ ᠤᠯᠤᠰ ᠤᠨ ᠮᠤᠩᠭᠤᠯ ᠰᠤᠳᠤᠯᠤᠯ ᠤᠨ ᠨᠡᠶᠢᠭᠡᠮᠯᠢᠭ ᠤᠨ ᠲᠤᠰᠬᠠᠢ ᠮᠡᠷᠭᠡᠵᠢᠯᠳᠡᠨ᠂ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠰᠤᠶᠤᠯ ᠤᠨ ᠵᠤᠬᠢᠶᠠᠨ ᠪᠠᠶᠢᠭᠤᠯᠤᠯᠳᠠ ᠶᠢᠨ ᠤᠨᠴᠠ ᠤᠷᠢᠭᠰᠠᠨ ᠲᠤᠰᠬᠠᠢ ᠮᠡᠷᠭᠡᠵᠢᠯᠳᠡᠨ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠴᠦᠬᠡᠨ ᠲᠤᠭᠠᠳᠤ ᠦᠨᠳᠦᠰᠦᠳᠡᠨ ᠤ ᠲᠤᠰᠬᠠᠢ ᠮᠡᠷᠭᠡᠵᠢᠯ ᠤᠨ ᠴᠢᠳᠠᠪᠤᠷᠢᠳᠠᠨ ᠢᠶᠠᠷ ᠰᠤᠩᠭᠤᠭᠳᠠᠭᠰᠠᠨ ᠲᠤᠰᠬᠠᠢ ᠮᠡᠷᠭᠡᠵᠢᠯᠳᠡᠨ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ︽ᠬᠤᠶᠠᠷ ᠬᠤᠷᠠᠯ︾ ᠤᠨ ᠪᠢᠴᠢᠭ ᠮᠠᠲ᠋ᠧᠷᠢᠶᠠᠯ ᠤᠨ ᠡᠴᠦᠰ ᠤᠨ ᠬᠢᠨᠠᠯᠳᠠ ᠬᠢᠬᠦ ᠲᠤᠰᠬᠠᠢ ᠮᠡᠷᠭᠡᠵᠢᠯᠳᠡᠨ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠡᠯᠰᠡᠬᠦ ᠺᠤᠮᠢᠰ ᠤᠨ ᠲᠤᠰᠬᠠᠢ ᠮᠡᠷᠭᠡᠵᠢᠯᠳᠡᠨ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠡᠭᠡᠳᠦ ᠵᠡᠷᠭᠡ ᠶᠢᠨ ᠴᠤᠯᠠ ᠬᠢᠨᠠᠨ ᠲᠤᠭᠳᠠᠭᠬᠤ ᠺᠤᠮᠢᠰ ᠤᠨ ᠲᠤᠰᠬᠠᠢ ᠮᠡᠷᠭᠡᠵᠢᠯᠳᠡᠨ ᠵᠡᠷᠭᠡ ᠲᠤᠰᠢᠶᠠᠯ ᠢ ᠡᠭᠦᠷᠭᠡᠯᠡᠵᠤ ᠪᠤᠢ᠃     ︽ᠤᠷᠴᠢᠭᠤᠯᠭ᠎ᠠ ᠶᠢᠨ ᠦᠨᠳᠦᠰᠦᠨ ᠤᠨᠤᠯ︾᠂ ︽ᠦᠷᠦᠨᠡᠳᠡᠬᠢᠨ ᠤ ᠤᠷᠴᠢᠭᠤᠯᠭ᠎ᠠ ᠶᠢᠨ ᠲᠤᠪᠴᠢ ᠲᠡᠦᠬᠡ︾᠂ ︽ᠲᠤᠳᠤᠭᠠᠳᠤ ᠭᠠᠳᠠᠭᠠᠳᠤ ᠶᠢᠨ ᠤᠷᠴᠢᠭᠤᠯᠭ᠎ᠠ ᠶᠢᠨ ᠲᠤᠪᠴᠢ ᠲᠡᠦᠬᠡ︾᠂ ︽ᠤᠳᠤ ᠦᠶ᠎ᠡ ᠶᠢᠨ ᠭᠠᠳᠠᠭᠠᠳᠤ ᠶᠢᠨ ᠣᠷᠴᠢᠭᠤᠯᠭ᠎ᠠ ᠶᠢᠨ ᠤᠨᠤᠯ︾ ᠵᠡᠷᠭᠡ ᠠᠷᠪᠠᠭᠠᠳ ᠲᠤᠰᠬᠠᠢ ᠨᠤᠮ ᠲᠡᠭᠦᠪᠦᠷᠢ ᠲᠠᠢ᠃ ︽ᠮᠤᠩᠭᠤᠯ ᠤᠷᠴᠢᠭᠤᠯᠭ᠎ᠠ ᠶᠢᠨ ᠲᠡᠦᠬᠡ ᠶᠢᠨ ᠲᠤᠬᠠᠢ ᠲᠤᠪᠴᠢ ᠦᠭᠦᠯᠡᠬᠦ ᠨᠢ︾ ︽ᠮᠠᠤ ᠽᠧ ᠳ᠋ᠦᠩ ᠤᠨ ᠰᠤᠩᠭᠤᠮᠠᠯ ᠵᠤᠬᠢᠶ᠋ᠯ ᠤᠨ ᠮᠤᠩᠭᠤᠯ ᠤᠷᠴᠢᠭᠤᠯᠭ᠎ᠠ ᠶᠢᠨ ᠲᠤᠬᠠᠢ︾᠂ ︽ᠠᠯᠪᠠᠨ ᠪᠢᠴᠢᠭ ᠤᠨ ᠤᠷᠴᠢᠭᠤᠯᠭ᠎ᠠ ᠶᠢᠨ ᠲᠤᠬᠠᠢ︾ ᠵᠡᠷᠭᠡ ᠵᠠᠭᠤᠭᠠᠳ ᠦᠭᠦᠯᠡᠯ ᠵᠤᠬᠢᠶᠠᠯ ᠢᠶᠠᠨ ᠨᠡᠶᠢᠳᠡᠬᠦᠯᠦᠭᠰᠡᠨ ᠪᠤᠶᠤ ᠰᠤᠳᠤᠯᠤᠨ ᠶᠠᠷᠢᠯᠴᠠᠬᠤ ᠬᠤᠷᠠᠯ ᠳᠤ ᠲᠡᠪᠰᠢᠬᠦᠯᠪᠡ᠃ ᠮᠤᠩᠭᠤᠯ ᠬᠡᠯᠡᠨ ᠤ ︽ᠲᠦᠷᠢᠮᠵᠢᠭᠦᠯᠦᠯᠳᠡ᠂ ᠪᠠᠷᠢᠮᠵᠢᠶᠠᠵᠢᠯᠳᠠ᠂ ᠵᠠᠩᠬᠢᠴᠢᠯᠠᠯᠳᠠ︾ ᠶᠢᠨ ᠰᠤᠳᠤᠯᠭᠠᠨ᠂ ᠮᠤᠩᠭᠤᠯ ᠦᠬᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠰᠤᠳᠤᠯᠭᠠᠨ᠂ ᠮᠤᠩᠭᠤᠯ ᠬᠡᠯᠡᠨ ᠤ ᠪᠠᠷᠢᠮᠵᠢᠶ᠎ᠡ ᠠᠪᠢᠶᠠᠨ ᠤ ᠰᠤᠳᠤᠯᠭᠠᠨ᠂ ᠮᠤᠩᠭᠤᠯ ᠬᠢᠳᠠᠳ ᠬᠡᠯᠡᠨ ᠤ ᠤᠷᠴᠢᠭᠤᠯᠭ᠎ᠠ ᠶᠢᠨ ᠲᠤᠬᠠᠢ ᠰᠤᠳᠤᠯᠭ᠎ᠠ ᠵᠡᠷᠬᠡ ᠰᠤᠳᠤᠯᠭᠠᠨ ᠤ ᠴᠢᠭᠯᠡᠯ ᠢᠶᠠᠷ ᠠᠵᠢᠯᠯᠠᠵᠤ ᠪᠤᠢ᠃
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ