ᠬᠦᠳᠡᠭᠡ ᠠᠵᠤ ᠠᠬᠤᠢ᠂ ᠮᠠᠯ ᠡᠮᠨᠡᠯᠭᠡ ᠶᠢᠨ ᠤᠬᠠᠭᠠᠨ ᠤ ᠬᠤᠣᠰ ᠳ᠋ᠣᠺᠲ᠋ᠣᠷ ᠮᠠᠩᠯᠠᠢ ᠬᠦᠪᠡᠭᠡᠲᠦ ᠰᠢᠷ᠎ᠠ ᠬᠤᠰᠢᠭᠤᠨ ᠤ ᠣᠣᠯ ᠤᠨ ᠬᠤᠩᠭᠤᠷ ᠠᠭᠤᠯᠠ | ᠨᠢᠭᠡᠳᠦᠯ ᠤᠨ ᠬᠦᠷᠳᠦᠨ ᠭᠤᠣᠯ ᠪᠠᠷᠢᠭᠠᠳᠠ ᠶᠢᠨ ᠳᠤᠮᠳᠠ ᠬᠦᠷᠳᠦᠨ ᠭᠤᠣᠯ ᠬᠡᠮᠡᠬᠦ ᠨᠤᠲᠤᠭ ᠲᠤ᠂ ᠣᠣᠯ ᠤᠨ ᠴᠠᠬᠠᠷ ᠤᠨ ᠴᠢᠭᠤᠯᠭᠠᠨ ᠤ ᠬᠦᠪᠡᠭᠡᠲᠦ ᠰᠢᠷ᠎ᠠ | ᠠᠷᠪᠠᠨᠨ ᠬᠤᠶᠠᠳᠤᠭᠠᠷ ᠰᠣᠮᠣ ᠶᠢᠨ ᠬᠠᠷᠢᠶᠠᠲᠤ ᠣᠯᠭᠤᠨᠤᠳ ᠣᠪᠣᠭᠲᠤ ᠲᠤᠭᠠᠷᠵᠠᠪ ᠤᠨ ᠤᠤᠭᠠᠨ ᠬᠦᠪᠡᠬᠦᠨ ᠪᠤᠯᠤᠨ ᠵᠠᠶᠠᠭᠠᠵᠠᠢ᠃ | 1981 ᠣᠨ ᠳᠤ ᠥᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ ᠰᠢᠯᠭᠠᠭᠳᠠᠨ ᠤᠷᠤᠵᠤ᠂ ᠵᠡᠬᠦᠨ ᠬᠤᠶᠢᠳᠦ ᠶᠢᠨ ᠲᠠᠷᠢᠶᠠᠯᠠᠩ ᠤᠨ ᠶᠡᠭᠡ | ᠰᠤᠷᠭᠠᠭᠤᠯᠢ ᠶᠢᠨ ᠠᠮᠢᠳᠠᠨ ᠤ ᠤᠳᠤᠮᠰᠢᠯ ᠪᠠ ᠡᠬᠦᠯᠳᠡᠷ ᠪᠤᠶᠢᠵᠢᠭᠤᠯᠬᠤ ᠲᠤᠰᠬᠠᠢ ᠮᠡᠷᠭᠡᠵᠢᠯ ᠢᠶᠠᠷ ᠠᠰᠫᠢᠷᠠᠨᠲ ᠲᠡᠬᠦᠰᠴᠦ᠂ 2000 ᠣᠨ ᠳᠤ ᠶᠠᠫᠤᠨ ᠤ ᠲᠤᠤᠺᠢᠤ᠋ | ᠶᠡᠭᠡ ᠰᠤᠷᠭᠠᠭᠤᠯᠢ ᠳᠤ ᠮᠠᠯ ᠡᠮᠨᠡᠯᠭᠡ ᠶᠢᠨ ᠤᠬᠠᠭᠠᠨ ᠤ ᠳ᠋ᠣᠺᠲ᠋ᠣᠷ ᠴᠣᠯᠠ ᠬᠠᠮᠠᠭᠠᠯᠠᠵᠤ᠂ ᠲᠤᠰ ᠵᠢᠯ ᠠᠴᠠ ᠥᠪᠦᠷ ᠮᠤᠩᠭᠤᠯ ᠤᠨ ᠲᠠᠷᠢᠶᠠᠯᠠᠩ ᠤᠨ ᠶᠡᠭᠡ | ᠰᠤᠷᠭᠠᠭᠤᠯᠢ ᠳᠤ ᠡᠬᠢᠯᠡᠵᠦ ᠠᠵᠢᠯᠯᠠᠵᠠᠢ᠃ | ᠣᠳᠤ ᠥᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠳᠡᠳ᠋ ᠲᠠᠷᠤᠭ᠎ᠠ᠂ ᠥᠪᠦᠷ ᠮᠤᠩᠭᠤᠯ ᠤᠨ ᠦᠪᠡᠷᠲᠡᠭᠡᠨ ᠲᠠᠪᠤᠳᠤᠭᠠᠷ ᠬᠤᠭᠤᠴᠠᠭᠠᠨ ᠤ | ᠮᠠᠯ ᠠᠵᠤ ᠠᠬᠤᠢ ᠶᠢᠨ ᠨᠡᠶᠢᠭᠡᠮᠯᠢᠭ ᠤᠨ ᠬᠡᠷᠡᠭ ᠮᠡᠳᠡᠭᠴᠢᠳ ᠤᠨ ᠲᠠᠷᠤᠭ᠎ᠠ᠂ ᠪᠦᠬᠦ ᠤᠯᠤᠰ ᠤᠨ ᠬᠤᠶᠠᠳᠤᠭᠠᠷ ᠬᠤᠭᠤᠴᠠᠭᠠᠨ ᠤ ᠲᠡᠵᠢᠭᠡᠪᠦᠷᠢ ᠶᠢᠨ ᠤᠳᠤᠮᠰᠢᠯ ᠤᠨ | ᠨᠦᠭᠡᠴᠡ ᠪᠠᠶᠠᠯᠢᠭ ᠤᠨ ᠵᠥᠪᠯᠡᠯ ᠤᠨ ᠬᠡᠰᠢᠬᠦᠨ ᠪᠦᠭᠡᠳ ᠦᠬᠡᠷ ᠠᠳᠤᠭᠤ ᠲᠡᠮᠡᠭᠡᠨ ᠤ ᠲᠤᠰᠬᠠᠢ ᠮᠡᠷᠭᠡᠵᠢᠯᠲᠡᠨ ᠤ ᠵᠥᠪᠯᠡᠯ ᠤᠨ ᠬᠡᠰᠢᠬᠦᠨ᠂ ᠰᠤᠷᠭᠠᠨ | ᠬᠦᠮᠦᠵᠢᠯ ᠤᠨ ᠶᠠᠮᠤᠨ ᠤ ᠠᠮᠢᠳᠠᠨ ᠠᠴᠠ ᠭᠠᠷᠤᠯᠲᠠᠢ ᠦᠢᠯᠡᠳᠪᠦᠷᠢᠯᠡᠯ ᠤᠨ ᠲᠤᠰᠬᠠᠢ ᠮᠡᠷᠭᠡᠵᠢᠯ ᠤᠨ ᠵᠢᠭᠠᠨ ᠵᠢᠯᠦᠭᠤᠳᠬᠤ ᠵᠥᠪᠯᠡᠯ ᠤᠨ ᠳᠡᠳ᠋ ᠡᠷᠬᠢᠯᠡᠭᠴᠢ᠂ | ᠲᠤᠮᠳᠠᠳᠤ ᠤᠯᠤᠰ ᠤᠨ ᠮᠣᠷᠢᠨ ᠤ ᠦᠢᠯᠡᠰ ᠤᠨ ᠨᠡᠶᠢᠭᠡᠮᠯᠢᠭ ᠤᠨ ᠬᠤᠶᠠᠳᠤᠭᠠᠷ ᠬᠤᠭᠤᠴᠠᠭᠠᠨ ᠤ ᠬᠡᠷᠡᠭ ᠮᠡᠳᠡᠭᠴᠢᠳ ᠤᠨ ᠳᠠᠷᠤᠭ᠎ᠠ᠂ ᠲᠤᠮᠳᠠᠳᠤ ᠤᠯᠤᠰ ᠤᠨ | ᠮᠣᠷᠢᠨ ᠤ ᠠᠵᠤ ᠦᠢᠯᠡᠰ ᠤᠨ ᠨᠡᠶᠢᠭᠡᠮᠯᠢᠭ ᠤᠨ ᠲᠥᠷᠦ ᠶᠢᠨ ᠪᠤᠳᠣᠯᠭ᠎ᠠ ᠰᠣᠳᠣᠯᠠᠬᠤ ᠲᠥᠪ ᠤᠨ ᠲᠤᠰᠬᠠᠢ ᠮᠡᠷᠭᠡᠵᠢᠯᠲᠡᠨ᠂ ᠲᠤᠮᠳᠠᠳᠤ ᠤᠯᠤᠰ ᠤᠨ ᠮᠠᠯ ᠠᠵᠤ | ᠠᠬᠤᠢ ᠮᠠᠯ ᠡᠮᠨᠡᠯᠭᠡ ᠶᠢᠨ ᠨᠡᠶᠢᠭᠡᠮᠯᠢᠭ ᠤᠨ ᠮᠣᠷᠢᠨ ᠤ ᠦᠢᠯᠡᠰ ᠤᠨ ᠰᠠᠯᠪᠦᠷᠢ ᠨᠡᠶᠢᠭᠡᠮᠯᠢᠭ ᠤᠨ ᠳᠡᠳ᠋ ᠳᠠᠷᠤᠭ᠎ᠠ᠂ ᠲᠤᠮᠳᠠᠳᠤ ᠤᠯᠤᠰ ᠤᠨ ᠠᠩᠬᠠᠳᠤᠭᠠᠷ ᠤᠳᠠᠭᠠᠨ ᠤ | ᠮᠠᠯ ᠠᠵᠤ ᠠᠬᠤᠢ ᠶᠢᠨ ᠨᠡᠶᠢᠭᠡᠮᠯᠢᠭ ᠤᠨ ᠡᠯᠵᠢᠭᠡᠨ ᠤ ᠦᠢᠯᠡᠰ ᠤᠨ ᠰᠠᠯᠪᠦᠷᠢ ᠨᠡᠶᠢᠭᠡᠮᠯᠢᠭ ᠤᠨ ᠳᠡᠳ᠋ ᠳᠠᠷᠤᠭ᠎ᠠ᠂ ᠲᠤᠮᠳᠠᠳᠤ ᠤᠯᠤᠰ ᠤᠨ ᠮᠠᠯ ᠲᠡᠵᠢᠭᠡᠪᠦᠷᠢ ᠶᠢᠨ | ᠤᠳᠤᠮᠰᠢᠯ ᠤᠨ ᠨᠦᠭᠡᠴᠡ ᠪᠠᠶᠠᠯᠢᠭ ᠤᠨ ᠭᠤᠷᠪᠠᠳᠤᠭᠠᠷ ᠬᠤᠭᠤᠴᠠᠭᠠᠨ ᠤ ᠵᠥᠪᠯᠡᠯ ᠤᠨ ᠬᠡᠰᠢᠬᠦᠨ ᠪᠦᠭᠡᠳ ᠦᠬᠡᠷ ᠠᠳᠤᠭᠤ ᠲᠡᠮᠡᠭᠡᠨ ᠤ ᠲᠤᠬᠠᠢ ᠮᠡᠷᠭᠡᠵᠢᠯ ᠤᠨ | ᠵᠥᠪᠯᠡᠯ ᠤᠨ ᠡᠷᠬᠢᠯᠡᠭᠴᠢ ᠵᠡᠷᠭᠡ ᠲᠤᠰᠢᠶᠠᠯ ᠢ ᠡᠬᠦᠷᠭᠡᠯᠡᠵᠦ ᠪᠠᠶᠢᠨ᠎ᠠ᠃ |