ᠬᠢᠮᠢ ᠶᠢᠨ ᠤᠬᠠᠭᠠᠨ ᠤ ᠳ᠋ᠣᠺᠲ᠋ᠣᠷ ᠪᠤᠷᠵᠢᠬᠢᠨ ᠭᠡᠷᠡᠯᠲᠦ ᠬᠦᠪᠡᠭᠡᠲᠦ ᠰᠢᠷ᠎ᠠ ᠬᠤᠰᠢᠭᠤᠨ ᠤ ᠲᠥᠪ ᠰᠢᠨᠡᠪᠤᠯᠠᠭ ᠪᠠᠯᠭᠠᠰᠤᠨ ᠳᠤ ᠬᠦᠪᠡᠭᠡᠲᠦ ᠰᠢᠷ᠎ᠠ ᠬᠤᠰᠢᠭᠤᠨ ᠤ | ᠨᠠᠮ ᠤᠨ ᠬᠤᠷᠢᠶᠠᠨ ᠤ ᠱᠦᠵᠢ ᠪᠠᠷ ᠠᠵᠢᠯᠯᠠᠵᠤ ᠪᠠᠶᠢᠭᠰᠠᠨ ᠠᠭᠰᠠᠨ ᠲᠡᠮᠦᠷᠪᠠᠷᠰ ᠤᠨ ᠭᠤᠷᠪᠠᠳᠤᠭᠠᠷ ᠬᠦᠪᠡᠬᠦᠨ ᠪᠤᠯᠤᠨ ᠵᠠᠶᠠᠭᠠᠵᠠᠢ᠃ | 1977 ᠣᠨ ᠳᠤ ᠥᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠢᠮᠢ ᠶᠢᠨ ᠰᠠᠯᠪᠦᠷᠢ ᠳᠤ ᠰᠢᠯᠭᠠᠭᠳᠠᠨ ᠣᠷᠣᠵᠤ᠂ 1987 ᠣᠨ ᠠᠴᠠ | 1999 ᠣᠨ ᠬᠦᠷᠲᠡᠯ᠎ᠡ ᠪᠡᠭᠡᠵᠢᠩ ᠶᠡᠭᠡ ᠰᠤᠷᠭᠠᠭᠤᠯᠢ᠂ ᠠᠩᠯᠢ ᠤᠯᠤᠰ ᠤᠨ lancster ᠶᠡᠭᠡ ᠰᠤᠷᠭᠠᠭᠤᠯᠢ ᠪᠤᠯᠤᠨ ᠶᠠᠫᠤᠨ ᠤ ᠲᠤᠤᠺᠢᠤ᠋ ᠶᠡᠭᠡ | ᠰᠤᠷᠭᠠᠭᠤᠯᠢ ᠳᠤ ᠰᠤᠷᠤᠯᠴᠠᠵᠤ᠂ ᠬᠢᠮᠢ ᠶᠢᠨ ᠤᠬᠠᠭᠠᠨ ᠤ ᠳ᠋ᠣᠺᠲ᠋ᠣᠷ ᠴᠣᠯᠠ ᠬᠠᠮᠠᠭᠠᠯᠠᠵᠠᠢ᠃ | ᠥᠪᠦᠷ ᠮᠤᠩᠭᠤᠯ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠤᠭᠤᠳᠤᠭᠴᠢ ᠪᠠᠭᠰᠢ᠂ ᠥᠪᠦᠷ ᠮᠤᠩᠭᠤᠯ ᠤᠨ ᠶᠡᠭᠡ ᠰᠤᠷᠭᠠᠭᠤᠯᠢ ᠶᠢᠨ | ᠮᠤᠩᠭᠤᠯ ᠡᠮ ᠬᠢᠮᠢ ᠰᠤᠳᠤᠯᠬᠤ ᠭᠠᠵᠠᠷ ᠪᠠ ᠥᠪᠦᠷ ᠮᠤᠩᠭᠤᠯ ᠤᠨ ᠮᠤᠩᠭᠤᠯ ᠡᠮ ᠬᠢᠮᠢ ᠰᠤᠳᠤᠯᠬᠤ ᠲᠥᠪ ᠤᠨ ᠡᠬᠦᠰᠬᠡᠨ ᠪᠠᠶᠢᠭᠤᠯᠤᠭᠴᠢ᠂ ︽ᠮᠤᠩᠭᠤᠯ | ᠲᠤᠯᠭᠠᠲᠠᠨ ᠤ ᠵᠠᠭᠤᠨ ᠡᠷᠬᠢᠮ︾ ᠤᠨ ᠨᠢᠭᠡᠨ ᠪᠢᠯᠡ᠃ ᠥᠪᠦᠷ ᠮᠤᠩᠭᠤᠯ ᠤᠨ ᠠᠩᠬᠠᠳᠠᠭᠴᠢ ︽ᠲᠠᠯ᠎ᠠ ᠨᠤᠲᠤᠭ ᠤᠨ ᠴᠢᠳᠠᠪᠦᠷᠢᠲᠠᠨ︾ ᠤ ᠬᠤᠰᠢᠭᠤᠴᠢᠯᠠᠭᠴᠢ᠂ | ᠲᠥᠪ ᠤᠨ ᠵᠤᠬᠢᠶᠠᠨ ᠪᠠᠶᠢᠭᠤᠯᠬᠤ ᠬᠡᠯᠲᠡᠰ ᠤᠨ ᠬᠠᠷᠢᠯᠴᠠᠬᠤ ᠡᠷᠳᠡᠮᠳᠡᠨ᠂ ᠥᠪᠦᠷ ᠮᠤᠩᠭᠤᠯ ᠤᠨ ᠮᠤᠩᠭᠤᠯ ᠡᠮ ᠬᠢᠮᠢ ᠰᠤᠳᠤᠯᠬᠤ ᠲᠡᠷᠢᠬᠦᠨ ᠮᠡᠷᠭᠡᠵᠢᠯᠲᠡᠨ ᠪᠤᠯᠤᠨ᠎ᠠ | ᠃ |