ᠪᠠᠶᠢᠭᠠᠯᠢ ᠶᠢᠨ ᠤᠬᠠᠭᠠᠨ ᠤ ᠳ᠋ᠣᠺᠲ᠋ᠣᠷ ᠬᠠᠷᠠᠨᠤᠳ ᠣᠪᠣᠭᠲᠤ ᠴᠣᠭᠲᠤ ︵1959.1-︶ ᠥᠪᠥᠷ ᠮᠣᠩᠭᠤᠯ ᠤᠨ ᠤᠤᠯ ᠤᠨ ᠬᠥᠪᠡᠭᠡᠲᠦ ᠰᠢᠷ᠎ᠠ ᠬᠤᠰᠢᠭᠤᠨ ᠤ | ᠵᠢᠷᠭᠤᠳᠤᠭᠠᠷ ᠰᠤᠮᠤ ᠶᠢᠨ ᠤᠤᠭᠠᠯ ᠬᠠᠷᠢᠶᠠᠲᠤ᠃ ᠬᠥᠪᠡᠭᠡᠲᠦ ᠰᠢᠷ᠎ᠠ ᠬᠤᠰᠢᠭᠤᠨ ᠤ ᠤᠤᠯ ᠤᠨ ᠬᠤᠰᠢᠭᠤ ᠠᠮᠪᠠᠨ᠂ ᠬᠠᠷᠠᠨᠤᠳ ᠣᠪᠣᠭᠲᠤ ᠢᠳᠠᠮᠵᠠᠪ ᠤᠨ | ᠮᠥᠭᠳᠡᠨᠪᠦᠦ ᠭᠤᠸᠠᠢ ᠪᠣᠯ ᠲᠡᠭᠦᠨ ᠤ ᠡᠪᠦᠭᠡ ᠨᠢ ᠪᠠᠶᠢᠵᠤ᠂ ᠥᠪᠥᠷ ᠮᠣᠩᠭᠤᠯ ᠤᠨ ︽ᠮᠣᠩᠭᠤᠯ ᠡᠮ ᠡᠮᠨᠡᠯᠭᠡ︾ ᠰᠡᠳᠬᠦᠯ ᠢ ᠡᠭᠦᠰᠬᠡᠨ ᠪᠠᠶᠢᠭᠤᠯᠵᠤ᠂ ᠶᠡᠷᠦᠩᠬᠡᠢ | ᠨᠠᠶᠢᠷᠠᠭᠤᠯᠤᠭᠴᠢ ᠪᠠᠷ ᠠᠵᠢᠯᠯᠠᠵᠤ ᠪᠠᠶᠢᠭᠰᠠᠨ ᠬᠠᠷᠠᠨᠤᠳ ᠣᠪᠣᠭᠲᠤ ᠮᠥᠭᠳᠡᠨᠪᠦᠦ ᠶᠢᠨ ᠰᠣᠳᠨᠠᠮᠳᠠᠷᠵᠠ ᠭᠤᠸᠠᠢ ᠪᠣᠯ ᠲᠡᠭᠦᠨ ᠤ ᠠᠪᠤ ᠨᠢ ᠪᠣᠯᠣᠨ᠎ᠠ᠃ | ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠠᠴᠠ ᠣᠶᠤᠲᠠᠨ ᠲᠡᠭᠦᠰᠴᠦ᠂ 1989 ᠣᠨ ᠳᠤ ᠶᠠᠫᠤᠨ ᠤᠯᠤᠰ ᠤᠨ ᠶᠠᠮᠠᠭᠠᠲ᠋ᠠ ᠲᠡᠭᠡ | ᠰᠤᠷᠭᠠᠭᠤᠯᠢ ᠶᠢᠨ ᠲᠧᠭᠨᠢᠭ ᠤᠨ ᠤᠬᠠᠭᠠᠨ ᠤ ᠬᠡᠯᠲᠡᠰ ᠲᠤ ᠠᠨᠠᠯᠢᠰ ᠬᠢᠮᠢ ᠶᠢᠨ ᠮᠡᠷᠭᠡᠵᠢᠯ ᠢᠶᠠᠷ ᠠᠰᠫᠢᠷᠠᠨᠲ ᠰᠢᠯᠭᠠᠨ ᠣᠷᠣᠵᠠᠢ᠃ | 1992 ᠣᠨ ᠳᠤ ᠶᠠᠫᠤᠨ ᠤ ᠲᠣᠣᠺᠢᠤ᠋ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠶᠡᠷᠦᠩᠬᠡᠶᠢᠯᠡᠭᠰᠡᠨ ᠲᠧᠭᠨᠤᠯᠤᠭᠢ ᠶᠢᠨ ᠰᠠᠯᠠᠭᠠᠨ ᠳᠤ ᠡᠯᠧᠺᠳ᠋ᠷᠣᠨ | ᠬᠢᠮᠢ ᠶᠢᠨ ᠮᠡᠷᠭᠡᠵᠢᠯ ᠢᠶᠠᠷ ᠳ᠋ᠣᠺᠲ᠋ᠣᠷᠠᠨᠲ ᠰᠢᠯᠭᠠᠨ ᠣᠷᠣᠵᠤ᠂ 1995 ᠣᠨ ᠳᠤ ᠲᠤᠰ ᠰᠤᠷᠭᠠᠭᠤᠯᠢ ᠶᠢᠨ ᠪᠠᠶᠢᠭᠠᠯᠢ ᠶᠢᠨ ᠤᠬᠠᠭᠠᠨ ᠤ ᠳ᠋ᠣᠺᠲ᠋ᠣᠷ ᠴᠣᠯᠠ | ᠬᠠᠮᠠᠭᠠᠯᠠᠨ᠂ ᠰᠤᠷᠭᠠᠭᠤᠯᠢ ᠳᠠᠭᠠᠨ ᠦᠯᠡᠳᠡᠵᠦ᠂ ᠵᠣᠴᠢᠨ ᠰᠤᠳᠤᠯᠤᠭᠴᠢ ᠪᠠᠷ ᠫᠣᠰᠲ ᠳ᠋ᠣᠺᠲ᠋ᠣᠷ ᠤᠨ ᠰᠤᠳᠤᠯᠭᠠᠨ ᠢᠶᠠᠨ ᠬᠢᠵᠡᠢ᠃ | 1996 ᠣᠨ ᠳᠤ ᠶᠠᠫᠤᠨ ᠤᠯᠤᠰ ᠤᠨ ᠰᠤᠳᠤᠯᠭᠠᠨ ᠤ ᠭᠠᠵᠠᠷ ᠲᠤ ᠰᠤᠳᠤᠯᠤᠭᠴᠢ ᠪᠠᠷ ᠠᠵᠢᠯᠯᠠᠵᠤ᠂ ᠲᠤᠰ ᠵᠢᠯ ᠳᠡᠭᠡᠨ ᠰᠤᠳᠤᠯᠬᠤ ᠭᠠᠵᠠᠷ ᠤᠨ ᠢᠶᠠᠨ ᠰᠢᠨ᠎ᠡ | ᠪᠦᠲᠦᠭᠡᠭᠳᠡᠬᠦᠨ ᠢ ᠰᠤᠳᠤᠯᠤᠨ ᠦᠢᠯᠡᠳᠬᠦ ᠬᠡᠯᠲᠡᠰ ᠤᠨ ᠳᠠᠷᠤᠭ᠎ᠠ ᠪᠣᠯᠵᠤ ᠳᠠᠪᠰᠢᠨ᠂ 2003 ᠣᠨ ᠳᠤ ᠰᠢᠨ᠎ᠡ ᠪᠦᠲᠦᠭᠡᠭᠳᠡᠬᠦᠨ ᠰᠤᠳᠤᠯᠤᠨ ᠦᠢᠯᠡᠳᠬᠦ | ᠬᠡᠯᠲᠡᠰ ᠤᠨ ᠡᠷᠬᠢᠯᠡᠭᠴᠢ᠂ ᠳᠡᠭᠡᠳᠦ ᠲᠡᠰ ᠤᠨ ᠰᠤᠳᠤᠯᠤᠭᠴᠢ ᠪᠣᠯᠣᠨ ᠲᠠᠪᠰᠢᠵᠠᠢ᠃ 2003 ᠣᠨ ᠳᠤ ︽ᠼᠤᠤ ᠬᠦᠴᠢᠯ ᠤᠨ ᠬᠡᠲᠦ ᠢᠰᠦᠯ ᠪᠠ | ᠤᠰᠦᠳᠦ᠋ᠷᠦᠭᠴᠢ ᠶᠢᠨ ᠬᠡᠲᠦ ᠢᠰᠦᠯ ᠤᠨ ᠬᠡᠮᠵᠢᠭᠦᠷ ᠤᠨ ᠡᠭᠦᠳᠦᠯᠲᠡ︾ ᠪᠠᠷ ᠢᠶᠠᠨ ᠶᠠᠫᠤᠨ ᠤ ᠰᠣᠶᠣᠯ ᠤᠨ ᠶᠠᠮᠤᠨ ᠤ ᠣᠨ ᠤ ᠡᠭᠦᠳᠦᠯᠲᠡ ᠶᠢᠨ ᠬᠠᠮᠤᠭ ᠤᠨ | ᠥᠨᠳᠥᠷ ᠱᠠᠩᠨᠠᠯ ᠪᠣᠯᠬᠤ ︽ᠲᠧᠵᠢᠮᠠ ᠠᠵᠤ ᠦᠢᠯᠡᠳᠪᠦᠷᠢ ᠶᠢᠨ ᠡᠭᠦᠳᠦᠯᠲᠡ ᠶᠢᠨ ᠱᠠᠩᠨᠠᠯ︾ ᠢ ᠬᠦᠷᠲᠡᠪᠡ ︵ᠲᠣᠰ ᠱᠠᠩᠨᠠᠯ ᠢ ᠬᠦᠷᠲᠡᠭᠰᠡᠨ ᠠᠩᠬᠠᠳᠠᠭᠴᠢ | ᠭᠠᠳᠠᠭᠠᠳᠤ ᠶᠢᠨ ᠬᠥᠮᠥᠨ ᠪᠣᠯᠣᠨ᠎ᠠ︶᠃ 2008 ᠣᠨ ᠳᠤ ᠥᠪᠥᠷ ᠮᠣᠩᠭᠤᠯ ᠤᠨ ᠥᠨᠳᠥᠷ ᠲᠡᠰ ᠤᠨ ᠴᠢᠳᠠᠪᠤᠷᠢᠲᠠᠨ ᠢᠶᠠᠷ ᠤᠷᠢᠭᠳᠠᠵᠤ᠂ ᠥᠪᠥᠷ ᠮᠣᠩᠭᠤᠯ ᠤᠨ | ᠶᠡᠭᠡ ᠰᠤᠷᠭᠠᠭᠤᠯᠢ ᠳᠤ ᠢᠷᠡᠵᠦ ᠳᠡᠳ᠋ ᠫᠷᠤᠹᠧᠰᠰᠤᠷ ᠢᠶᠠᠷ ᠠᠵᠢᠯᠯᠠᠪᠠ᠃ ᠲᠠᠷᠠᠭ᠎ᠠ ᠨᠢ᠂ ᠰᠤᠷᠭᠠᠨ ᠬᠥᠮᠦᠵᠢᠯ ᠤᠨ ᠶᠠᠮᠤᠨ ᠤ ᠨᠤᠲᠠᠯᠠᠯᠲᠠ ᠪᠠ ᠵᠥᠪᠰᠢᠶᠡᠷᠡᠯ ᠢᠶᠠᠷ ︽ | ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠴᠠᠭᠠᠨ ᠢᠳᠡᠭᠡᠨ ᠤ ᠴᠢᠨᠠᠷ ᠴᠢᠨᠰᠠᠭ᠎ᠠ ᠬᠤᠣᠷᠳᠠᠯ ᠦᠭᠡᠢ ᠶᠢ ᠪᠠᠲᠤᠯᠠᠬᠤ ᠮᠡᠷᠭᠡᠵᠢᠯ ᠤᠨ ᠰᠤᠷᠭᠠᠨ ᠬᠥᠮᠦᠵᠢᠯ ᠤᠨ | ᠶᠠᠮᠤᠨ ᠤ ᠢᠵᠧᠨᠧᠷᠢᠩ ᠤᠨ ᠰᠤᠳᠤᠯᠭᠠᠨ ᠤ ᠲᠥᠪ︾ ᠢ ᠪᠠᠶᠢᠭᠤᠯᠵᠤ᠂ ᠰᠤᠳᠤᠯᠬᠤ ᠲᠥᠪ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠪᠠ᠃ ᠡᠨᠡ ᠬᠦ | ᠲᠠᠪᠴᠠᠩ ᠢᠶᠠᠷ ᠳᠠᠮᠵᠢᠨ᠂ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠰᠤᠳᠤᠯᠭᠠᠨ ᠤ ᠫᠷᠦᠵᠧᠺᠲ ᠭᠤᠷᠪᠠ ᠶᠢ᠂ ᠥᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠫᠷᠦᠵᠧᠺᠲ ᠳᠥᠷᠪᠡ ᠶᠢ᠂ ᠣᠷᠣᠨ ᠨᠤᠲᠤᠭ ᠤᠨ ᠬᠥᠨᠳᠡᠯᠡᠨ ᠤ ᠰᠤᠳᠤᠯᠭᠠᠨ ᠤ ᠫᠷᠦᠵᠧᠺᠲ | ᠵᠢᠷᠭᠤᠭ᠎ᠠ ᠶᠢ ᠳᠠᠭᠠᠭᠠᠴᠢᠯᠠᠨ᠂ ᠴᠠᠭᠠᠨ ᠢᠳᠡᠭᠡᠨ ᠤ ᠦᠢᠯᠡᠳᠪᠦᠷᠢ ᠳᠤ ᠴᠢᠭᠯᠡᠭᠦᠯᠦᠭᠰᠡᠨ ᠲᠤᠰᠬᠠᠢ ᠨᠠᠶᠢᠷᠠᠯᠭ᠎ᠠ ᠶᠢᠨ ᠤᠬᠢᠶᠠᠯᠭ᠎ᠠ ᠶᠢᠨ ᠪᠣᠳᠠᠰ 120 ᠲᠥᠷᠦᠯ ᠢ | ᠰᠤᠳᠤᠯᠤᠨ ᠭᠠᠷᠭᠠᠵᠤ᠂ ᠨᠢᠭᠡ ᠬᠡᠰᠡᠭ ᠨᠢ ᠨᠢᠭᠡᠨᠲᠡ ᠠᠰᠢᠭᠯᠠᠯᠲᠠ ᠳᠤ ᠣᠷᠣᠵᠠᠢ᠃ ᠭᠤᠷᠪᠠᠳᠤᠭᠠᠷ ᠡᠷᠢᠨ Itaccpper ᠪᠠᠺᠲ᠋ᠧᠷᠢ ᠠᠯᠠᠬᠤ ᠮᠡᠷᠭᠡᠵᠢᠯ ᠪᠠ | ᠬᠠᠮᠢᠶ᠎ᠠ ᠪᠦᠬᠦᠢ ᠲᠥᠬᠦᠭᠡᠷᠦᠮᠵᠢ ᠶᠢ ᠰᠤᠳᠤᠯᠤᠨ᠂ ᠠᠷᠢᠭᠤᠳᠬᠠᠭᠴᠢ ᠶᠢᠨ ᠢᠯᠵᠢᠷᠡᠭᠦᠯᠬᠦ ᠴᠢᠨᠠᠷ ᠤᠨ ᠬᠦᠴᠢᠷ ᠠᠰᠠᠭᠤᠳᠠᠯ ᠢ ᠰᠢᠢᠳᠪᠦᠷᠢᠯᠡᠵᠡᠢ᠃ ᠲᠡᠭᠦᠨ ᠤ | ᠰᠤᠳᠤᠯᠭᠠᠨ ᠤ ᠦᠷ᠎ᠡ ᠪᠦᠲᠦᠭᠡᠯ ᠨᠢ ᠲᠤᠰ ᠮᠡᠷᠭᠡᠵᠢᠯ ᠤᠨ ᠬᠦᠷᠢᠶ᠎ᠡ ᠴᠠᠷᠠᠭ᠎ᠠ ᠳᠤ ᠳᠡᠯᠡᠬᠡᠢ ᠶᠢᠨ ᠲᠡᠷᠢᠭᠦᠨ ᠪᠠᠶᠢᠷᠢᠨ ᠳᠤ ᠲᠣᠳᠣᠷᠠᠨ᠂ ᠡᠮ ᠡᠮᠨᠡᠯᠭᠡ᠂ ᠢᠳᠡᠭᠡᠨ | ᠪᠤᠯᠪᠠᠰᠤᠷᠠᠭᠤᠯᠬᠤ᠂ ᠬᠥᠳᠡᠭᠡ ᠠᠵᠤ ᠠᠬᠤᠢ ᠵᠡᠷᠭᠡ ᠣᠷᠴᠢᠨ ᠳᠤ ᠪᠦᠲᠦᠭᠡᠭᠳᠡᠬᠦᠨ ᠢᠶᠠᠷ ᠬᠡᠷᠡᠭᠯᠡᠭᠳᠡᠵᠦ᠂ ᠠᠵᠤ ᠠᠬᠤᠢ ᠶᠢᠨ ᠠᠰᠢᠭ ᠢᠶᠠᠷ ᠥᠨᠳᠥᠷ ᠮᠥᠷᠲᠡᠭᠡᠨ | ᠨᠡᠶᠢᠭᠡᠮ ᠤᠨ ᠲᠤᠰᠬᠠᠯ ᠮᠠᠰᠢ ᠰᠠᠶᠢᠨ ᠪᠠᠶᠢᠪᠠ᠃ | 2013 ᠣᠨ ᠳᠤ ︽ᠥᠪᠥᠷ ᠮᠣᠩᠭᠤᠯ ᠤᠨ ᠢᠳᠡᠭᠡᠨ ᠤ ᠪᠣᠯᠪᠠᠰᠤᠷᠠᠭᠤᠯᠤᠯᠲᠠ ᠳᠠᠬᠢ ᠤᠬᠢᠶᠠᠨ ᠠᠷᠢᠭᠤᠳᠬᠠᠬᠤ ᠮᠡᠷᠭᠡᠵᠢᠯ ᠤᠨ ᠰᠤᠳᠤᠯᠭᠠᠨ ᠤ ᠲᠥᠪ︾ ᠶᠢ | ᠪᠠᠶᠢᠭᠤᠯᠤᠨ ᠡᠷᠬᠢᠯᠡᠭᠴᠢ ᠪᠠᠷ ᠠᠵᠢᠯᠯᠠᠪᠠ᠃ | 2016 ᠣᠨ ᠳᠤ ᠲᠤᠮᠳᠠᠳᠤ ᠤᠯᠤᠰ ᠤᠨ ᠰᠠᠨᠰᠠᠷ ᠤᠨ ᠲᠧᠭᠨᠢᠭ ᠤᠨ ᠪᠦᠯᠦᠭᠯᠡᠯ ᠤᠨ ᠵᠢᠷᠭᠤᠳᠤᠭᠠᠷ ᠰᠤᠳᠤᠯᠭᠠᠨ ᠤ ᠲᠥᠪ ᠤᠨ ᠠᠬᠠᠯᠠᠭᠴᠢ ᠰᠤᠳᠤᠯᠤᠭᠴᠢ᠂ | ᠪᠣᠬᠢᠷᠳᠤᠯ ᠦᠭᠡᠢ ᠴᠡᠪᠡᠷᠯᠡᠭᠡᠨ ᠤ ᠰᠤᠳᠤᠯᠭᠠᠨ ᠤ ᠴᠢᠭᠯᠡᠯ ᠤᠨ ᠰᠤᠳᠤᠯᠭᠠᠨ ᠤ ᠳᠠᠭᠠᠭᠤᠯᠤᠭᠴᠢ ᠪᠠᠷ ᠠᠵᠢᠯᠯᠠᠨ ᠲᠡᠷᠡ ᠰᠤᠳᠤᠯᠭᠠᠨ ᠤ ᠪᠠᠭ ᠤᠨ ᠬᠢᠨ ᠲᠠᠢ ᠬᠠᠮᠲᠤ | ᠳᠡᠭᠡᠳᠦ ᠠᠰᠢᠭᠯᠠᠮᠵᠢᠲᠤ ᠴᠢᠩᠭ᠎ᠠ ᠱᠦᠯᠲᠦᠯᠢᠭ ᠬᠠᠲᠠᠭᠤ ᠪᠡᠶᠡᠲᠦ ᠤᠬᠢᠶᠠᠭᠴᠢ ᠡᠳ᠋᠂ ᠠᠽᠣᠲ ᠬᠦᠴᠢᠯ ᠤᠨ ᠬᠠᠲᠠᠭᠤ ᠪᠡᠶᠡᠲᠦ ᠤᠬᠢᠶᠠᠭᠴᠢ ᠡᠳ᠋᠂ ᠠᠽᠣᠲ | ᠬᠦᠴᠢᠯ ᠤᠨ ᠬᠠᠲᠠᠭᠤ ᠪᠡᠶᠡᠲᠦ ᠬᠠᠮ ᠤᠬᠢᠶᠠᠭᠴᠢ ᠵᠡᠷᠭᠡ ᠲᠤᠯᠤᠭᠠᠨ ᠲᠥᠷᠦᠯ ᠤᠨ ᠨᠡᠷᠡᠲᠦ ᠪᠦᠲᠦᠭᠡᠭᠳᠡᠬᠦᠨ ᠢ ᠡᠭᠦᠳᠦᠨ᠂ ᠰᠤᠳᠤᠯᠭᠠᠨ ᠤ ᠬᠦᠴᠢᠷ ᠠᠰᠠᠭᠤᠳᠠᠯ ᠢ | ᠰᠢᠢᠳᠪᠦᠷᠢᠯᠡᠨ ᠠᠰᠢᠭᠯᠠᠯᠲᠠ ᠳᠤ ᠣᠷᠣᠭᠤᠯᠵᠠᠢ᠃ ᠲᠡᠳᠬᠦᠨ ᠤ ᠪᠦᠲᠦᠭᠡᠭᠳᠡᠬᠦᠨ ᠭᠠᠳᠠᠭᠠᠳᠤ ᠶᠢᠨ ᠢᠵᠢᠯ ᠲᠥᠷᠦᠯ ᠤᠨ ᠪᠦᠲᠦᠭᠡᠭᠳᠡᠬᠦᠨ ᠢ ᠢᠯᠡᠳᠲᠡ ᠳᠠᠪᠠᠵᠤ᠂ | ᠭᠠᠳᠠᠭᠠᠳᠤ ᠶᠢᠨ ᠠᠵᠤ ᠠᠬᠤᠶᠢᠯᠠᠯ ᠤᠨ ᠭᠠᠭᠴᠠᠭᠠᠷ ᠡᠵᠡᠮᠰᠢᠯ ᠤᠨ ᠪᠠᠶᠢᠳᠠᠯ ᠢ ᠡᠪᠳᠡᠵᠦ ᠡᠷᠢᠨ ᠵᠠᠭᠠᠭᠯᠠᠭᠰᠠᠨ ᠪᠦᠲᠦᠭᠡᠭᠳᠡᠬᠦᠨ ᠬᠡᠮᠡᠨ ᠦᠨᠡᠯᠡᠭᠳᠡᠵᠡᠢ᠃ ᠲᠡᠷᠡ | 2016 ᠣᠨ ᠳᠤ ᠥᠪᠥᠷ ᠮᠣᠩᠭᠤᠯ ᠤᠨ ᠱᠢ ᠠᠨ ᠲᠧᠭᠨᠢᠭ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢ ᠪᠠᠶᠢᠭᠤᠯᠤᠨ | ᠬᠡᠷᠡᠭ ᠮᠡᠳᠡᠭᠴᠢ ᠶᠢᠨ ᠳᠠᠷᠤᠭ᠎ᠠ ᠪᠠ ᠶᠡᠷᠦᠩᠬᠡᠢ ᠵᠠᠬᠢᠷᠤᠯ ᠤᠨ ᠠᠵᠢᠯ ᠢ ᠬᠠᠷᠢᠭᠤᠴᠠᠪᠠ᠃ ᠲᠤᠰ ᠺᠤᠮᠫᠠᠨᠢ ᠨᠢ ᠢᠳᠡᠭᠡᠨ ᠤ ᠪᠣᠯᠪᠠᠰᠤᠷᠠᠭᠤᠯᠤᠯᠲᠠ ᠶᠢᠨ ᠠᠵᠤ | ᠦᠢᠯᠡᠳᠪᠦᠷᠢ ᠳᠤ ᠬᠡᠷᠡᠭᠯᠡᠬᠦ ᠲᠤᠭ᠎ᠠ᠂ ᠴᠡᠪᠡᠷᠯᠡᠭᠴᠢ ᠡᠳ᠋᠂ ᠠᠷᠢᠭᠤᠳᠬᠠᠭᠴᠢ ᠵᠡᠷᠭᠡ ᠬᠠᠮᠢᠶ᠎ᠠ ᠪᠦᠬᠦᠢ ᠪᠠᠶᠢᠴᠠᠭᠠᠨ ᠬᠡᠮᠵᠢᠬᠦ ᠲᠥᠬᠦᠭᠡᠷᠦᠮᠵᠢ ᠶᠢ ᠰᠤᠳᠤᠯᠤᠨ | ᠦᠢᠯᠡᠳᠪᠦᠷᠢᠯᠡᠵᠦ ᠪᠣᠷᠣᠯᠠᠭᠤᠯᠵᠤ ᠪᠤᠢ᠃ | ᠰᠡᠳᠬᠢᠯ ᠤᠨ ᠵᠠᠬᠢᠶᠠᠰᠤ᠄ ︽ᠭᠠᠵᠠᠷ ᠤᠨ ᠵᠢᠷᠤᠭ ᠳᠡᠭᠡᠷ᠎ᠡ ᠠᠴᠠ ᠡᠷᠢᠬᠦ ᠳᠤ ᠨᠤᠲᠤᠭ ᠭᠡᠵᠦ ᠭᠠᠭᠴᠠᠬᠠᠨ ᠲᠤᠰᠤᠯ ᠨᠢᠯᠪᠤᠰᠤ︾ ᠭᠡᠳᠡᠭ ᠦᠭᠡ ᠪᠣᠯ ᠮᠢᠨᠤ | ᠬᠠᠮᠤᠭ ᠠᠴᠠ ᠪᠠᠭ᠋ᠠᠷᠬᠠᠳᠠᠭ ᠦᠭᠡ ᠪᠣᠯᠣᠨ᠎ᠠ᠃ |