ᠨᠡᠶᠢᠭᠡᠮ ᠤᠨ ᠤᠬᠠᠭᠠᠨ ᠤ ᠳ᠋ᠣᠺᠲ᠋ᠣᠷ ᠬᠦᠷᠡᠯᠪᠠᠭᠠᠲᠤᠷ
ᠨᠡᠶᠢᠲᠡᠯᠡᠭᠰᠡᠨ ᠴᠠᠭ᠄
2024/12/17
    ᠨᠡᠶᠢᠭᠡᠮ ᠤᠨ ᠤᠬᠠᠭᠠᠨ ᠤ ᠳ᠋ᠣᠺᠲ᠋ᠣᠷ ᠬᠦᠷᠡᠯᠪᠠᠭᠠᠲᠤᠷ ︵1961.8 -︶ ᠥᠪᠥᠷ ᠮᠣᠩᠭᠤᠯ ᠤᠨ ᠬᠥᠪᠡᠭᠡᠲᠦ ᠰᠢᠷ᠎ᠠ ᠬᠤᠰᠢᠭᠤᠨ ᠤ ᠤᠤᠯ ᠤᠨ ᠪᠠᠶᠠᠨᠲᠠᠯ᠎ᠠ ᠰᠤᠮᠤᠨ ᠤ ᠬᠠᠭ᠋ᠠᠭᠤᠯᠠ ᠪᠠᠷᠢᠭᠠᠳᠠ ᠳᠤ ᠣᠷᠢᠶᠠᠩᠬᠠᠨ ᠣᠪᠣᠭ ᠲᠠᠢ ᠪᠠᠯᠳᠤᠷᠵᠢ ᠶᠢᠨ ᠬᠥᠪᠡᠭᠦᠨ ᠪᠣᠯᠣᠨ ᠵᠠᠶᠠᠭᠠᠵᠠᠢ᠃ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠠ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠪᠠᠨ ᠰᠤᠮᠤ ᠬᠤᠰᠢᠭᠤᠨ ᠳᠤ ᠪᠠᠨ ᠰᠤᠷᠤᠯᠴᠠᠵᠤ᠂ 1978 ᠣᠨ ᠳᠤ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠣᠩᠭᠤᠯ ᠬᠡᠯᠡ ᠤᠳᠬ᠎ᠠ ᠵᠣᠬᠢᠶᠠᠯ ᠤᠨ ᠰᠠᠯᠪᠤᠷᠢ ᠳᠤ ᠰᠢᠯᠭᠠᠭᠳᠠᠨ ᠣᠷᠣᠵᠤ ᠲᠥᠷᠪᠡᠨ ᠵᠢᠯ ᠤᠨ ᠶᠡᠭᠡ ᠰᠤᠷᠭᠠᠭᠤᠯᠢ ᠶᠢᠨ ᠰᠤᠷᠤᠯᠭ᠎ᠠ ᠪᠠᠨ ᠲᠡᠭᠦᠰᠬᠡᠪᠡ᠃     1982 ᠣᠨ ᠳᠤ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠣᠩᠭᠤᠯ ᠬᠡᠯᠡ ᠪᠢᠴᠢᠭ ᠰᠤᠳᠤᠯᠬᠤ ᠭᠠᠵᠠᠷ ᠠᠰᠫᠢᠷᠠᠨᠲ ᠢᠶᠠᠷ ᠰᠢᠯᠭᠠᠭᠳᠠᠨ ᠣᠷᠣᠵᠤ᠂ ᠬᠡᠯᠡᠨ ᠤ ᠮᠡᠷᠭᠡᠵᠢᠯ ᠢᠶᠠᠷ ᠰᠤᠳᠤᠯᠤᠨ ᠰᠤᠷᠬᠤ ᠠᠩᠬᠠᠨ ᠤ ᠵᠠᠮ ᠢᠶᠠᠨ ᠠᠯᠬᠤᠵᠠᠢ᠃ ᠲᠡᠷᠡ ᠠᠰᠫᠢᠷᠠᠨᠲ ᠢᠶᠠᠷ 3 ᠵᠢᠯ ᠰᠤᠷᠴᠤ᠂ 1985 ᠣᠨ ᠳᠤ ︽ᠳᠤᠮᠳᠠᠳᠤ ᠵᠠᠭᠤᠨ ᠤ ᠮᠣᠩᠭᠤᠯ ᠬᠡᠯᠡᠨ ᠤ ᠦᠢᠯᠡ ᠦᠭᠡ ᠶᠢᠨ ᠬᠡᠪ ᠤᠨ ᠤᠯᠠᠷᠢᠯ ᠬᠥᠭᠵᠢᠯ︾ ᠭᠡᠬᠦ ᠥᠭᠦᠯᠡᠯ ᠢᠶᠠᠷ ᠮᠠᠰᠲ᠋ᠧᠷ ᠴᠣᠯᠠ ᠬᠠᠮᠠᠭᠠᠯᠠᠪᠠ᠃     1985 ᠣᠨ ᠠᠴᠠ 1994 ᠣᠨ ᠬᠦᠷᠲᠡᠯ᠎ᠡ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠣᠩᠭᠤᠯ ᠬᠡᠯᠡ ᠤᠳᠬ᠎ᠠ ᠵᠣᠬᠢᠶᠠᠯ ᠤᠨ ᠰᠠᠯᠪᠤᠷᠢ ᠳᠤ ᠪᠠᠭᠰᠢᠯᠠᠵᠤ᠂ 1994 ᠣᠨ ᠠᠴᠠ 2003 ᠣᠨ ᠤ ᠬᠤᠭᠤᠷᠣᠨᠳᠤ ᠶᠠᠫᠤᠨ ᠤ ᠬᠢᠲ᠋ᠣᠽᠦ᠋ᠪᠠᠰᠢ ᠶᠡᠭᠡ ᠰᠤᠷᠭᠠᠭᠤᠯᠢ᠂ ᠵᠡᠭᠦᠨ ᠬᠤᠶᠢᠲᠤ ᠶᠢᠨ ᠶᠡᠭᠡ ᠰᠤᠷᠭᠠᠭᠤᠯᠢ ᠵᠡᠷᠭᠡ ᠰᠤᠷᠭᠠᠭᠤᠯᠢ ᠨᠤᠭᠤᠳ ᠲᠤ ᠳ᠋ᠣᠺᠲ᠋ᠣᠷ ᠤᠨ ᠺᠦᠷᠰ᠂ ᠫᠣᠰᠲ ᠳ᠋ᠣᠺᠲ᠋ᠣᠷ ᠤᠨ ᠠᠵᠢᠯ ᠳᠤ ᠲᠠᠲᠠᠭᠳᠠᠵᠤ ᠶᠠᠪᠤᠯ᠎ᠠ᠃ 2000 ᠣᠨ ᠤ 3 ᠰᠠᠷ᠎ᠠ ᠳᠤ ︽ᠮᠣᠩᠭᠤᠯ ᠬᠡᠯᠡᠨ ᠤ ᠤᠷᠳᠤ ᠡᠭᠡᠰᠢᠭ ᠤᠨ ᠰᠤᠳᠤᠯᠤᠯ︾ ᠭᠡᠬᠦ ᠥᠭᠦᠯᠡᠯ ᠢᠶᠠᠷ ᠢᠶᠠᠨ ᠨᠡᠶᠢᠭᠡᠮ ᠤᠨ ᠤᠬᠠᠭᠠᠨ ᠤ ᠳ᠋ᠣᠺᠲ᠋ᠣᠷ ᠴᠣᠯᠠ ᠬᠠᠮᠠᠭᠠᠯᠠᠵᠠᠢ᠃     2003 ᠣᠨ ᠳᠤ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠣᠩᠭᠤᠯ ᠬᠡᠯᠡ ᠤᠳᠬ᠎ᠠ ᠵᠣᠬᠢᠶᠠᠯ ᠤᠨ ᠰᠠᠯᠪᠤᠷᠢ ᠳᠤ ᠪᠤᠴᠠᠨ ᠢᠷᠡᠵᠦ ᠪᠠᠭᠰᠢᠯᠠᠪᠠ᠃ ᠡᠷᠳᠡᠮ ᠰᠢᠨᠵᠢᠯᠡᠭᠡᠨ ᠤ ᠠᠵᠢᠯ ᠪᠠ ᠪᠦᠲᠦᠭᠡᠯ ᠤᠨ ᠲᠠᠯ᠎ᠠ ᠪᠠᠷ᠂ ︽ᠮᠣᠩᠭᠤᠯ ᠬᠡᠯᠡ ᠰᠣᠶᠣᠯ ᠤᠨ ᠰᠤᠳᠤᠯᠤᠯ︾ ︵1998 ᠣᠨ︶᠂ ︽ᠣᠷᠴᠢᠨ ᠴᠠᠭ ᠤᠨ ᠮᠣᠩᠭᠤᠯ ᠬᠡᠯᠡᠨ ᠤ ᠵᠢᠷᠤᠮᠯᠠᠬᠤ ᠠᠪᠢᠶ᠎ᠠ︾ ︵2007︶᠂ ︽ᠮᠣᠩᠭᠤᠯ ᠬᠡᠯᠡᠨ ᠤ ᠠᠮᠢ ᠠᠬᠤᠢ︾ ︵2009 ᠣᠨ︶ ᠵᠡᠷᠭᠡ ᠥᠪᠡᠷ ᠤᠨ ᠪᠦᠲᠦᠭᠡᠯ ᠢᠶᠠᠨ ᠨᠡᠶᠢᠲᠡᠯᠡᠭᠦᠯᠦᠭᠰᠡᠨ ᠠᠴᠠ ᠭᠠᠳᠠᠨ᠎ᠠ᠂ ᠶᠠᠫᠤᠨ ᠤ ᠺᠦᠷᠢᠪᠠᠶᠠᠰᠢ ᠬᠢᠲ᠋ᠣᠰᠢ ᠠᠪᠤᠭᠠᠢ ᠲᠠᠢ ᠬᠠᠮᠲᠤᠷᠠᠨ ︽︹ ᠬᠠᠭᠠᠨ ᠤ ᠪᠢᠴᠢᠭᠰᠡᠨ ᠮᠠᠨᠵᠤ ᠮᠣᠩᠭᠤᠯ ᠬᠢᠲᠠᠳ ᠦᠰᠦᠭ ᠭᠤᠷᠪᠠᠨ ᠵᠢᠯ ᠤᠨ ᠠᠶᠠᠯᠭᠤ ᠨᠡᠶᠢᠯᠡᠭᠰᠡᠨ ᠲᠣᠯᠢ ᠪᠢᠴᠢᠭ ︺ ᠲᠠᠬᠢ ᠮᠣᠩᠭᠤᠯ ᠬᠡᠯᠡᠨ ᠤ TEXT ᠪᠣᠯᠣᠨ ᠬᠡᠯᠬᠢᠶᠡᠰᠦ︾ ︵2006︶᠂ ︽︹ ᠬᠠᠭᠠᠨ ᠤ ᠪᠢᠴᠢᠭᠰᠡᠨ ᠮᠠᠨᠵᠤ ᠮᠣᠩᠭᠤᠯ ᠬᠢᠲᠠᠳ ᠦᠰᠦᠭ ᠭᠤᠷᠪᠠᠨ ᠵᠦᠢᠯ ᠤᠨ ᠠᠶᠠᠯᠭᠤ ᠨᠡᠶᠢᠯᠡᠭᠰᠡᠨ ᠲᠣᠯᠢ ᠪᠢᠴᠢᠭ ︺ ᠲᠠᠬᠢ ᠮᠣᠩᠭᠤᠯ ᠬᠡᠯᠡ ᠶᠢ ᠵᠢᠱᠢᠶ᠎ᠡ ᠬᠠᠪᠰᠤᠷᠭᠠᠨ ᠬᠠᠷᠢᠴᠠᠭᠤᠯᠤᠭᠰᠠᠨ ᠦᠭᠡᠰ︾ ︵2008︶ ᠭᠡᠬᠦ ᠬᠤᠶᠠᠷ ᠲᠣᠮᠣᠬᠠᠨ ᠪᠦᠲᠦᠭᠡᠯ ᠢᠶᠠᠨ ᠶᠠᠫᠤᠨ ᠤᠯᠤᠰ ᠲᠤ ᠬᠡᠪᠯᠡᠭᠦᠯᠵᠡᠢ᠃     ᠡᠭᠦᠨ ᠠᠴᠠ ᠭᠠᠳᠠᠨ᠎ᠠ 80 ᠭᠠᠷᠤᠢ ᠡᠷᠳᠡᠮ ᠰᠢᠨᠵᠢᠯᠡᠭᠡᠨ ᠤ ᠥᠭᠦᠯᠡᠯ ᠢᠶᠠᠨ ᠮᠣᠩᠭᠤᠯ᠂ ᠬᠢᠲᠠᠳ᠂ ᠶᠠᠫᠤᠨ ᠬᠡᠯᠡ ᠪᠠᠷ ᠨᠡᠶᠢᠲᠡᠯᠡᠭᠦᠯᠪᠡ᠃ ᠰᠤᠳᠤᠯᠭᠠᠨ ᠤ ᠰᠡᠳᠦᠪ ᠤᠨ ᠬᠤᠪᠢ ᠳᠤ ︽ᠠᠷᠪᠠᠨ ᠨᠠᠢᠮᠠᠳᠤᠭᠠᠷ ᠵᠠᠭᠤᠨ ᠤ ᠮᠠᠨᠵᠤ ᠦᠰᠦᠭ ᠤᠨ ᠮᠣᠩᠭᠤᠯ ᠬᠡᠯᠡᠨ ᠤ ᠮᠠᠲ᠋ᠧᠷᠢᠶᠠᠯ ᠤᠨ ᠲᠢᠭᠯᠡᠯ ᠪᠠ ᠰᠤᠳᠤᠯᠭ᠎ᠠ︾ ᠵᠡᠷᠭᠡ ᠰᠤᠷᠭᠠᠨ ᠬᠥᠮᠦᠵᠢᠯ ᠤᠨ ᠶᠠᠮᠤᠨ ᠤ ᠰᠡᠳᠦᠪ ᠢ ᠳᠠᠭᠠᠭᠠᠴᠢᠯᠠᠨ ᠬᠢᠬᠦ ᠠᠴᠠ ᠭᠠᠳᠠᠨ᠎ᠠ᠂ ᠪᠠᠰᠠ ︽ᠮᠣᠩᠭᠤᠯ ᠬᠡᠯᠡᠨ ᠤ ᠲᠤᠯᠭᠤᠷ ᠪᠢᠴᠢᠭ ᠮᠡᠲ᠋ᠧᠷᠢᠶᠠᠯ ᠢ ᠺᠤᠮᠫᠢᠦᠲ᠋ᠧᠷᠴᠢᠯᠡᠨ ᠠᠰᠢᠭᠯᠠᠬᠤ ᠲᠤᠬᠠᠢ ᠰᠤᠳᠤᠯᠤᠯ︾ ︵2006 - 2008︶᠂ ︽ᠮᠣᠩᠭᠤᠯ ᠬᠡᠯᠡᠨ ᠤ ᠰᠤᠷᠠᠭ ᠵᠠᠩᠭᠢ ᠶᠢᠨ ᠬᠡᠯᠬᠢᠶᠡᠰᠦ ᠶᠢᠨ ᠵᠠᠩᠭᠢᠯᠠᠭ᠎ᠠ ᠶᠢᠨ ᠠᠰᠠᠭᠤᠳᠠᠯ ᠤᠨ ᠲᠤᠬᠠᠢ ᠰᠤᠳᠤᠯᠤᠯ︾ ᠵᠡᠷᠭᠡ ᠪᠤᠰᠤᠳ ᠬᠥᠮᠥᠨ ᠤ ᠳᠠᠭᠠᠭᠠᠴᠢᠯᠠᠭᠰᠠᠨ ᠣᠯᠠᠨ ᠰᠤᠳᠤᠯᠭᠠᠨ ᠳᠤ ᠤᠷᠤᠯᠴᠠᠭᠰᠠᠨ ᠪᠠᠶᠢᠨ᠎ᠠ᠃     ᠰᠡᠳᠬᠢᠯ ᠤᠨ ᠵᠠᠬᠢᠶᠠᠰᠤ᠄ ᠪᠢ ᠮᠣᠩᠭᠤᠯ ᠬᠡᠯᠡ ᠲᠠᠢ ᠪᠠᠨ ᠠᠮᠢ ᠨᠠᠰᠤ ᠪᠠᠷ ᠢᠶᠠᠨ ᠬᠤᠯᠪᠣᠭᠠᠲᠠᠢ᠃
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ