ᠬᠡᠯᠡ ᠰᠢᠨᠵᠢᠯᠡᠯ ᠤᠨ ᠤᠬᠠᠭᠠᠨ ᠤ ᠳ᠋ᠣᠺᠲ᠋ᠣᠷ ᠲᠡᠭᠦᠰ ︵1965.7-︶ ᠥᠪᠥᠷ ᠮᠣᠩᠭᠤᠯ ᠤᠨ ᠬᠥᠪᠡᠭᠡᠲᠦ ᠰᠢᠷ᠎ᠠ ᠬᠤᠰᠢᠭᠤᠨ ᠤ ᠤᠤᠭᠠᠯ ᠬᠠᠷᠢᠶᠠᠲᠤ᠃ | ᠪᠠᠷᠠᠭᠤᠨ ᠰᠥᠨᠢᠳ ᠬᠤᠰᠢᠭᠤᠨ ᠤ ᠲᠥᠪ ᠰᠠᠶᠢᠬᠠᠨᠲᠠᠯ᠎ᠠ ᠪᠠᠯᠭᠠᠰᠤᠨ ᠳᠤ ᠷᠢᠨᠴᠢᠨᠳᠣᠩᠷᠣᠪ ᠤᠨ ᠤᠤᠭᠠᠨ ᠬᠥᠪᠡᠭᠦᠨ ᠨᠢ ᠪᠣᠯᠣᠨ ᠲᠦᠷᠦᠵᠠᠢ᠃ ᠲᠦᠷᠪᠡᠨ ᠨᠠᠰᠤᠲᠠᠢ | ᠪᠠᠶᠢᠬᠤ ᠳᠤ ᠪᠠᠨ ᠭᠡᠷ ᠪᠦᠯᠢ ᠪᠠᠨ ᠲᠠᠭᠠᠵᠦ᠂ ᠠᠪᠤ ᠡᠵᠢ ᠶᠢᠨ ᠳᠡᠭᠡᠳᠦ ᠶᠢᠨ ᠨᠤᠲᠤᠭ ᠪᠤᠯᠬᠤ ᠬᠥᠪᠡᠭᠡᠲᠦ ᠰᠢᠷ᠎ᠠ ᠬᠤᠰᠢᠭᠤᠨ ᠤ ᠨᠠᠷᠠᠨ ᠠᠭᠤᠯᠠ ᠰᠤᠮᠤᠨ ᠤ ᠬᠠᠳᠠᠨ | ᠬᠤᠰᠢᠭᠤ ᠪᠠᠷᠢᠭᠠᠳᠠ ᠳᠤ ᠪᠤᠴᠠᠨ ᠢᠷᠡᠵᠦ ᠨᠤᠲᠤᠭᠰᠢᠭᠰᠠᠨ ᠪᠠᠶᠢᠨ᠎ᠠ᠃ ᠬᠥᠳᠡᠭᠡ ᠨᠤᠲᠤᠭ ᠤᠨ ᠠᠮᠢᠳᠤᠷᠠᠯ ᠳᠤ ᠲᠠᠰᠴᠤ᠂ ᠪᠦᠬᠦᠯᠢ ᠲᠤᠯᠤᠭᠠᠨ ᠨᠠᠰᠤᠨ ᠠᠴᠠ ᠪᠠᠨ | ᠡᠮᠦᠨ᠎ᠡ᠂ 1972 ᠣᠨ ᠤ ᠬᠠᠪᠤᠷ ᠬᠠᠳᠠᠨ ᠬᠤᠰᠢᠭᠤ ᠪᠠᠷᠢᠭᠠᠳᠠ ᠶᠢᠨ ᠪᠠᠭ᠎ᠠ ᠰᠤᠷᠭᠠᠭᠤᠯᠢ ᠶᠢᠨ ᠪᠣᠱᠤᠭ᠎ᠠ ᠶᠢ ᠠᠯᠬᠤᠨ᠂ ᠰᠤᠷᠤᠯᠭ᠎ᠠ ᠶᠢᠨ ᠮᠥᠷ ᠢᠶᠠᠨ | ᠡᠬᠢᠯᠡᠭᠦᠯᠵᠡᠢ᠃ ᠲᠡᠭᠡᠭᠡᠳ ᠠᠩᠬ᠎ᠠ ᠲᠤᠮᠲᠠᠲᠤ ᠰᠤᠷᠭᠠᠭᠤᠯᠢ ᠪᠠᠨ ᠨᠠᠷᠠᠨ ᠠᠭᠤᠯᠠ ᠰᠤᠮᠤᠨ ᠤ ᠰᠤᠷᠭᠠᠭᠤᠯᠢ ᠪᠠ ᠪᠠᠶᠠᠨᠲᠠᠯ᠎ᠠ ᠰᠤᠮᠤᠨ ᠤ ᠲᠤᠮᠲᠠᠲᠤ ᠰᠤᠷᠭᠠᠭᠤᠯᠢ ᠪᠠᠷ | ᠲᠠᠮᠵᠢᠨ ᠰᠤᠷᠤᠯᠴᠠᠵᠦ᠂ 1980 ᠣᠨ ᠤ ᠨᠠᠮᠤᠷ᠂ ᠰᠢᠯᠢ ᠶᠢᠨ ᠭᠤᠣᠯ ᠠᠶᠢᠮᠠᠭ ᠤᠨ ᠮᠣᠩᠭᠤᠯ ᠲᠤᠮᠲᠠᠲᠤ ᠰᠤᠷᠭᠠᠭᠤᠯᠢ ᠶᠢᠨ ᠳᠡᠭᠡᠳᠦ ᠲᠤᠮᠲᠠᠲᠤ ᠶᠢᠨ ᠠᠩᠭᠢ ᠳᠤ | ᠡᠯᠰᠡᠭᠳᠡᠨ ᠰᠤᠷᠤᠯᠴᠠᠪᠠ᠃ ᠭᠡᠷ ᠨᠤᠲᠤᠭ ᠠᠴᠠ ᠪᠠᠨ ᠰᠠᠯᠵᠤ᠂ ᠠᠶᠢᠮᠠᠭ ᠤᠨ ᠮᠣᠩᠭᠤᠯ ᠲᠤᠮᠲᠠᠲᠤ ᠰᠤᠷᠭᠠᠭᠤᠯᠢ ᠥᠩᠭᠡᠷᠡᠭᠡᠭᠰᠡᠨ ᠭᠤᠷᠪᠠᠨ ᠵᠢᠯ ᠤᠨ ᠠᠮᠢᠳᠤᠷᠠᠯ ᠨᠢ | ᠲᠡᠭᠦᠨ ᠤ ᠨᠢᠳᠦ ᠶᠢ ᠨᠢ ᠨᠡᠭᠡᠭᠡᠯᠭᠡᠵᠦ᠂ ᠬᠤᠯᠠ ᠶᠢ ᠵᠣᠷᠢᠬᠤ ᠵᠡᠭᠦᠳᠦ ᠬᠦᠰᠡᠯᠡᠩ ᠢ ᠤᠷᠭᠤᠭᠤᠯᠵᠦ ᠥᠭᠭᠦᠭᠰᠡᠨ ᠭᠡᠵᠦ ᠲᠡᠷᠡ ᠥᠪᠡᠷ ᠢᠶᠠᠨ ᠦᠷᠭᠦᠯᠵᠢ ᠪᠤᠳᠤᠳᠠᠭ | ᠪᠠᠶᠢᠨ᠎ᠠ᠃ 1983 ᠣᠨ ᠤ ᠵᠤᠨ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠥᠨᠳᠥᠷ ᠤᠨᠤᠭ᠎ᠠ ᠠᠪᠴᠤ᠂ ᠥᠪᠥᠷ ᠮᠣᠩᠭᠤᠯ ᠤᠨ ᠶᠡᠭᠡ | ᠰᠤᠷᠭᠠᠭᠤᠯᠢ ᠶᠢᠨ ᠬᠡᠯᠡ ᠤᠳᠬ᠎ᠠ ᠵᠣᠬᠢᠶᠠᠯ ᠤᠨ ᠰᠠᠯᠪᠤᠷᠢ ᠳᠤ ᠡᠯᠰᠡᠭᠳᠡᠵᠦ᠂ ᠣᠶᠤᠲᠠᠨ ᠤ ᠠᠮᠢᠳᠤᠷᠠᠯ ᠢᠶᠠᠨ ᠡᠬᠢᠯᠡᠭᠦᠯᠵᠡᠢ᠃ ᠬᠡᠦᠬᠡᠳ ᠪᠠᠭ᠎ᠠ ᠨᠠᠰᠤᠨ ᠠᠴᠠ ᠪᠠᠨ | ᠠᠪᠠᠭ᠎ᠠ ᠯᠢᠭᠳᠡᠨ ᠤ ᠵᠣᠬᠢᠶᠠᠯ ᠪᠦᠲᠦᠭᠡᠯ ᠢ ᠰᠣᠨᠢᠷᠬᠠᠨ ᠤᠩᠰᠢᠵᠤ ᠥᠰᠦᠭᠰᠡᠨ ᠲᠡᠭᠦᠰ ᠣᠶᠤᠲᠠᠨ ᠤ ᠠᠮᠢᠳᠤᠷᠠᠯ ᠤᠨ ᠡᠬᠢᠨ ᠤ ᠵᠢᠯ ᠤᠳ ᠲᠤ᠂ ᠠᠪᠠᠭ᠎ᠠ ᠲᠠᠢ ᠪᠠᠨ | ᠠᠳᠠᠯᠢ ᠵᠣᠬᠢᠶᠠᠯᠴᠢ ᠪᠤᠯᠬᠤ ᠬᠦᠰᠡᠯ ᠲᠠᠢ ᠪᠠᠶᠢᠵᠠᠢ᠃ ᠲᠡᠭᠡᠬᠦ ᠳᠤ ᠪᠠᠨ ᠮᠣᠩᠭᠤᠯ ᠬᠡᠯᠡᠨ ᠬᠠᠯᠬ᠎ᠠ᠂ ᠴᠠᠬᠠᠷ᠂ ᠬᠤᠷᠴᠢᠨ᠂ ᠪᠤᠷᠢᠶᠠᠳ᠂ ᠣᠶᠢᠷᠠᠳ ᠵᠡᠷᠭᠡ ᠤᠯᠠᠨ | ᠬᠡᠯᠡ ᠠᠶᠠᠯᠭᠤᠨ ᠤ ᠢᠯᠭᠠᠭ᠎ᠠ ᠵᠥᠷᠢᠶ᠎ᠡ ᠶᠢ ᠣᠶᠢᠯᠠᠭᠠᠵᠤ ᠮᠡᠳᠡᠬᠦ ᠶᠠᠪᠤᠴᠠ ᠳᠤ ᠪᠠᠨ᠂ ᠬᠡᠯᠡ ᠰᠢᠨᠵᠢᠯᠡᠯ ᠤᠨ ᠰᠤᠳᠤᠯᠤᠯ ᠳᠤ ᠳᠤᠷ᠎ᠠ ᠪᠠᠬ᠎ᠠ ᠲᠠᠢ ᠪᠣᠯᠵᠤ᠂ ᠶᠡᠭᠡ | ᠰᠤᠷᠭᠠᠭᠤᠯᠢ ᠶᠢᠨ ᠲᠦᠷᠪᠡᠨ ᠵᠢᠯ ᠤᠨ ᠦᠨᠳᠦᠰᠦᠨ ᠠᠩᠭᠢ ᠪᠠᠨ ᠲᠡᠭᠦᠰᠬᠡᠵᠦ᠂ ᠴᠢᠨᠠᠭᠰᠢ ᠪᠠᠨ ᠠᠰᠫᠢᠷᠠᠨᠲ ᠢᠶᠠᠷ ᠰᠢᠯᠭᠠᠨ ᠣᠷᠣᠵᠤ᠂ ᠣᠷᠴᠢᠨ ᠴᠠᠭ ᠤᠨ ᠮᠣᠩᠭᠤᠯ | ᠬᠡᠯᠡᠨ ᠤ ᠴᠢᠭᠯᠡᠯ ᠢᠶᠠᠷ ᠭᠤᠷᠪᠠᠨ ᠵᠢᠯ ᠰᠤᠷᠤᠯᠴᠠᠵᠦ᠂ ᠮᠠᠰᠲ᠋ᠧᠷ ᠴᠣᠯᠠ ᠬᠠᠮᠠᠭᠠᠯᠠᠭᠰᠠᠨ ᠪᠠᠶᠢᠨ᠎ᠠ᠃ 1990 ᠣᠨ ᠤ ᠨᠠᠮᠤᠷ ᠲᠡᠭᠦᠰ ᠥᠪᠥᠷ ᠮᠣᠩᠭᠤᠯ | ᠣᠷᠣᠨ ᠠᠴᠠ ᠪᠠᠨ ᠠᠶᠠᠷᠯᠠᠵᠤ᠂ ᠠᠷᠠᠯ ᠤᠨ ᠤᠯᠤᠰ ᠶᠠᠫᠤᠨ ᠬᠦᠷᠦᠨ ᠢ ᠵᠣᠷᠢᠵᠤ᠂ ᠬᠤᠺᠠᠺᠠᠶᠢᠳᠤᠤ᠋ ᠶᠡᠭᠡ ᠰᠤᠷᠭᠠᠭᠤᠯᠢ ᠳᠤ ᠮᠡᠷᠭᠡᠵᠢᠯ ᠲᠡᠭᠡᠭᠰᠢᠯᠡᠭᠦᠯᠬᠦ ᠣᠶᠤᠲᠠᠨ | ᠪᠣᠯᠵᠠᠢ᠃ ᠡᠨᠡ ᠬᠦ ᠶᠡᠭᠡ ᠰᠤᠷᠭᠠᠭᠤᠯᠢ ᠳᠤ ᠣᠷᠣᠭᠰᠠᠨ ᠵᠣᠷᠢᠯᠭ᠎ᠠ ᠪᠣᠯ᠂ ᠮᠣᠩᠭᠤᠯ ᠬᠡᠯᠡᠨ ᠤ ᠰᠤᠳᠤᠯᠭ᠎ᠠ ᠪᠠᠨ ᠴᠢᠨᠠᠭᠰᠢ ᠪᠠᠨ ᠥᠷᠭᠡᠵᠢᠭᠦᠯᠬᠦ ᠶᠠᠪᠤᠳᠠᠯ ᠪᠣᠯᠣᠨ᠎ᠠ᠃ | | ᠬᠤᠺᠠᠺᠠᠶᠢᠳᠤᠤ᠋ ᠶᠡᠭᠡ ᠰᠤᠷᠭᠠᠭᠤᠯᠢ ᠶᠢᠨ ᠬᠡᠯᠡ ᠰᠢᠨᠵᠢᠯᠡᠯ ᠤᠨ ᠲᠠᠰᠤᠭ ᠪᠣᠯ ᠶᠠᠫᠤᠨ ᠤ ᠠᠶᠢᠨᠤ᠋ ᠬᠡᠯᠡᠨ ᠤ ᠰᠤᠳᠤᠯᠤᠯ᠂ ᠤᠷᠤᠰ ᠤᠨ ᠰᠢᠪᠧᠷᠢᠶ᠎ᠠ ᠶᠢᠨ ᠤᠯᠠᠨ | ᠬᠡᠯᠡᠨ ᠰᠤᠳᠤᠯᠤᠯ᠂ ᠴᠢᠨᠠᠭᠰᠢᠯᠠᠭᠠᠳ ᠠᠮᠧᠷᠢᠺᠠ ᠶᠢᠨ ᠤᠤᠭᠠᠯ ᠶᠠᠰᠤᠲᠠᠨ ᠪᠤᠯᠬᠤ ᠠᠶᠢᠰᠺᠢᠮᠤ᠋ ᠬᠥᠮᠥᠰ ᠤᠨ ᠬᠡᠯᠡᠨ ᠤ ᠰᠤᠳᠤᠯᠭᠠᠨ ᠤ ᠲᠠᠯ᠎ᠠ ᠪᠠᠷ ᠮᠠᠰᠢ ᠠᠯᠳᠠᠷᠲᠠᠢ | ᠪᠠᠶᠢᠳᠠᠭ᠃ ᠮᠣᠩᠭᠤᠯ ᠬᠡᠯᠡᠨ ᠤ ᠰᠤᠳᠤᠯᠭᠠᠨ ᠤ ᠬᠦᠷᠢᠶᠡᠨ ᠳᠤ ᠭᠤᠷᠪᠠᠨ ᠵᠢᠯ ᠡᠷᠭᠢᠴᠡᠭᠰᠡᠨ ᠲᠡᠭᠦᠰ ᠲᠤ ᠠᠪᠴᠤ ᠬᠡᠯᠡᠪᠡᠯ᠂ ᠡᠨᠡ ᠰᠤᠳᠤᠯᠭᠠᠨ ᠤ ᠣᠷᠴᠢᠨ ᠨᠢ | ᠮᠠᠰᠢ ᠭᠠᠶᠢᠬᠠᠯᠲᠠᠢ ᠰᠠᠶᠢᠬᠠᠨ ᠰᠠᠨᠠᠭᠳᠠᠵᠤ᠂ ᠥᠪᠡᠷ ᠤᠨ ᠤᠶᠤᠨ ᠤᠬᠠᠭᠠᠨ ᠢᠶᠠᠨ ᠰᠣᠷᠢᠵᠤ᠂ ᠮᠡᠳᠡᠯᠭᠡ ᠶᠢᠨ ᠬᠦᠷᠢᠶ᠎ᠡ ᠴᠠᠷᠠᠭ᠎ᠠ ᠪᠠᠨ ᠲᠡᠯᠡᠬᠦ ᠬᠤᠪᠣᠷ ᠵᠠᠪᠰᠢᠶᠠᠨ | ᠪᠣᠯᠵᠠᠢ᠃ ᠨᠢᠭᠡ ᠵᠢᠯ ᠬᠠᠭᠠᠰ ᠤᠨ ᠮᠡᠳᠡᠯᠭᠡ ᠳᠡᠭᠡᠭᠰᠢᠯᠡᠭᠦᠯᠬᠦ ᠬᠤᠭᠤᠴᠠᠭᠠᠨ ᠳᠤ ᠪᠠᠨ ᠲᠡᠭᠦᠰ ᠶᠠᠫᠤᠨ ᠬᠡᠯᠡ ᠪᠠᠷ ᠪᠢᠴᠢᠭᠳᠡᠭᠰᠡᠨ ᠬᠡᠯᠡ ᠰᠢᠨᠵᠢᠯᠡᠯ ᠤᠨ ᠲᠤᠬᠠᠢ | ᠥᠭᠦᠯᠡᠯ ᠵᠣᠬᠢᠶᠠᠯ ᠢ ᠣᠯᠠᠨᠲᠠ ᠤᠩᠰᠢᠵᠤ᠂ ᠲᠠᠬᠢᠨ ᠠᠰᠫᠢᠷᠠᠨᠲ ᠪᠤᠯᠬᠤ ᠪᠡᠯᠡᠳᠬᠡᠯ ᠢᠶᠠᠨ ᠬᠢᠵᠡᠢ᠃ ᠲᠡᠷᠡ ᠪᠠᠰᠠ ᠠᠩᠭ᠍ᠯᠢ ᠬᠡᠯᠡ ᠪᠠ ᠤᠷᠤᠰ ᠬᠡᠯᠡ ᠶᠢ | ᠥᠪᠡᠷ ᠢᠶᠠᠨ ᠡᠬᠢᠯᠡᠨ ᠰᠤᠷᠤᠭᠰᠠᠨ ᠮᠥᠷᠲᠡᠭᠡᠨ ᠶᠠᠫᠤᠨ᠂ ᠤᠷᠤᠰ᠂ ᠠᠩᠭ᠍ᠯᠢ ᠬᠡᠯᠡ ᠪᠠᠷ ᠪᠢᠴᠢᠭᠳᠡᠭᠰᠡᠨ ᠬᠡᠯᠡ ᠰᠢᠨᠵᠢᠯᠡᠯ ᠤᠨ ᠪᠦᠲᠦᠭᠡᠯ ᠢ ᠤᠩᠰᠢᠵᠤ ᠠᠰᠢᠭᠯᠠᠵᠠᠢ᠃ | 1992 ᠣᠨ ᠤ 4 ᠰᠠᠷ᠎ᠠ ᠳᠤ ᠲᠡᠭᠦᠰ ᠠᠰᠫᠢᠷᠠᠨᠲ ᠢᠶᠠᠷ ᠲᠠᠬᠢᠨ ᠰᠢᠯᠭᠠᠨ ᠣᠷᠣᠵᠤ᠂ ᠤᠷᠤᠰ ᠤᠨ ᠰᠢᠪᠧᠷᠢᠶ᠎ᠠ ᠣᠷᠣᠨ ᠤ ᠵᠡᠭᠦᠨ ᠬᠤᠶᠢᠲᠤ ᠵᠠᠬ᠎ᠠ ᠳᠤ | ᠠᠮᠢᠳᠤᠷᠠᠳᠠᠭ ᠴᠦᠺᠡᠴᠢ ᠭᠡᠬᠦ ᠦᠨᠳᠦᠰᠦᠲᠡᠨ ᠤ ᠬᠡᠯᠡ ᠶᠢ ᠰᠤᠳᠤᠯᠬᠤ ᠪᠠᠷ ᠪᠣᠯᠵᠠᠢ᠃ ᠲᠤᠰ ᠵᠢᠯ ᠤᠨ 7 ᠰᠠᠷ᠎ᠠ ᠶᠢᠨ ᠳᠤᠮᠳᠠᠴᠢ ᠪᠠᠷ᠂ ᠲᠡᠭᠦᠰ ᠴᠦᠺᠡᠴᠢ ᠬᠡᠯᠡᠨ ᠤ | ᠬᠡᠭᠡᠷ᠎ᠡ ᠶᠢᠨ ᠰᠢᠨᠵᠢᠯᠡᠭᠡᠨ ᠤ ᠠᠵᠢᠯ ᠢᠶᠠᠷ ᠤᠷᠤᠰ ᠤᠨ ᠵᠡᠭᠦᠨ ᠬᠤᠶᠢᠲᠤ ᠬᠡᠰᠡᠭ ᠢ ᠵᠣᠷᠢᠵᠤ᠂ ᠵᠤᠨ ᠤ ᠤᠯᠠᠷᠢᠯ ᠳᠤ ᠨᠠᠷᠠ ᠰᠢᠩᠭᠡᠳᠡᠭ ᠦᠭᠡᠢ ᠤᠮᠠᠷᠠᠲᠤ ᠲᠦᠢᠯ ᠤᠨ | ᠣᠷᠣᠨ ᠳᠤ ᠰᠤᠳᠤᠯᠭᠠᠨ ᠤ ᠠᠵᠢᠯ ᠢᠶᠠᠨ ᠡᠬᠢᠯᠡᠭᠦᠯᠵᠡᠢ᠃ ᠴᠦᠺᠡᠴᠢ ᠬᠡᠯᠡ ᠪᠣᠯ ᠬᠡᠪ ᠰᠢᠨᠵᠢ ᠶᠢᠨ ᠬᠤᠪᠢ ᠳᠤ ᠨᠡᠶᠢᠯᠡᠮᠡᠯ ᠪᠦᠲᠦᠴᠡ ᠲᠠᠢ ᠬᠡᠯᠡᠨ ᠳᠤ ᠪᠠᠭᠲᠠᠵᠤ᠂ | ᠲᠡᠭᠦᠨ ᠤ ᠤᠨᠠᠭᠠᠨ ᠬᠡᠯᠡ ᠪᠤᠯᠬᠤ ᠮᠣᠩᠭᠤᠯ ᠬᠡᠯᠡ ᠲᠠᠢ ᠱᠠᠯ ᠥᠭᠡᠷ᠎ᠡ ᠪᠠᠶᠢᠵᠤ᠂ ᠨᠢᠭᠡ ᠦᠭᠡ ᠨᠢ ᠵᠠᠷᠢᠮ ᠳᠤ ᠪᠠᠨ ᠤᠯᠠᠨ ᠶᠠᠩᠵᠤ ᠶᠢᠨ ᠤᠭᠲᠤᠪᠤᠷᠢ ᠪᠠ | ᠲᠠᠭᠠᠪᠤᠷᠢ ᠵᠠᠯᠭᠠᠨ ᠪᠦᠲᠦᠳᠡᠭ ᠪᠣᠯᠬᠤᠷ ᠪᠤᠰᠤᠳ ᠬᠡᠯᠡᠨ ᠤ ᠨᠢᠭᠡ ᠥᠭᠦᠯᠡᠪᠦᠷᠢ ᠪᠠᠷ ᠢᠯᠡᠳᠬᠡᠬᠦ ᠠᠭᠤᠯᠭ᠎ᠠ ᠶᠢ ᠴᠦᠺᠡᠴᠢ ᠬᠡᠯᠡᠨ ᠳᠤ ᠨᠢᠭᠡ ᠦᠭᠡ ᠪᠠᠷ ᠢᠯᠡᠳᠬᠡᠳᠡᠭ | ᠃ ᠲᠡᠭᠦᠰ ᠭᠤᠷᠪᠠᠨ ᠵᠢᠯ ᠤᠨ ᠠᠰᠫᠢᠷᠠᠨᠲ ᠤᠨ ᠬᠤᠭᠤᠴᠠᠭᠠᠨ ᠳᠤ ᠪᠠᠨ ᠭᠤᠷᠪᠠ ᠤᠳᠠᠭ᠎ᠠ ᠨᠡᠶᠢᠲᠡ 8 ᠰᠠᠷ᠎ᠠ ᠢᠯᠡᠭᠦᠦ ᠴᠦᠺᠡᠴᠢ ᠨᠠᠰᠤᠲᠠᠨ ᠲᠠᠢ ᠬᠠᠮᠲᠤ | ᠠᠮᠢᠳᠤᠷᠠᠵᠤ᠂ ᠡᠨᠡ ᠬᠦ ᠪᠤᠳᠤᠯᠢᠶᠠᠨᠲᠠᠢ ᠬᠡᠯᠡᠨ ᠤ ᠠᠪᠢᠶ᠎ᠠ ᠵᠦᠢ ᠪᠠ ᠬᠡᠯᠡ ᠵᠦᠢ ᠶᠢᠨ ᠲᠤᠬᠠᠢ ᠨᠠᠷᠢᠨ ᠰᠤᠳᠤᠯᠤᠭᠰᠠᠨ ᠪᠠᠶᠢᠨ᠎ᠠ᠃ 1995 ᠣᠨ ᠤ 3 ᠰᠠᠷ᠎ᠠ ᠳᠤ | ᠲᠡᠭᠦᠰ ᠴᠦᠺᠡᠴᠢ ᠬᠡᠯᠡᠨ ᠤ ᠥᠭᠦᠯᠡᠯ ᠢᠶᠠᠷ ᠢᠶᠠᠨ ᠮᠠᠰᠲ᠋ᠧᠷ ᠴᠣᠯᠠ ᠬᠠᠮᠠᠭᠠᠯᠠᠵᠤ᠂ ᠲᠤᠰ ᠵᠢᠯ ᠤᠨ 4 ᠰᠠᠷ᠎ᠠ ᠠᠴᠠ ᠶᠠᠫᠤᠨ ᠤ ᠺᠢᠤᠲ᠋ᠤ᠋ ᠶᠡᠭᠡ ᠰᠤᠷᠭᠠᠭᠤᠯᠢ ᠳᠤ ᠬᠡᠯᠡ | ᠰᠢᠨᠵᠢᠯᠡᠯ ᠤᠨ ᠮᠡᠷᠭᠡᠵᠢᠯ ᠢᠶᠠᠷ ᠳ᠋ᠣᠺᠲ᠋ᠣᠷᠠᠨᠲ ᠪᠣᠯᠵᠤ᠂ ᠰᠤᠷᠤᠯᠴᠠᠯᠭ᠎ᠠ ᠪᠠᠨ ᠦᠷᠭᠦᠯᠵᠢᠯᠡᠭᠦᠯᠵᠡᠢ᠃ ᠲᠡᠭᠦᠨ ᠤ ᠳ᠋ᠣᠺᠲ᠋ᠣᠷᠠᠨᠲ ᠶᠢᠨ ᠰᠤᠷᠤᠯᠭ᠎ᠠ ᠶᠢᠨ | ᠬᠤᠭᠤᠴᠠᠭᠠᠨ ᠳᠤ ᠪᠢᠴᠢᠭᠰᠡᠨ ᠠᠩᠭ᠍ᠯᠢ ᠬᠡᠯᠡᠨ ᠤ ᠥᠭᠦᠯᠡᠯ ︽ᠴᠦᠺᠡᠴᠢ ᠬᠡᠯᠡᠨ ᠤ ᠨᠡᠷ᠎ᠡ ᠦᠭᠡ ᠶᠢ ᠦᠢᠯᠡ ᠦᠭᠡᠨ ᠳᠤ ᠬᠤᠷᠰᠢᠨ ᠨᠡᠶᠢᠯᠡᠭᠦᠯᠬᠦ ᠠᠷᠭ᠎ᠠ ᠶᠢᠨ ᠲᠤᠬᠠᠢ | ︾ ᠭᠡᠬᠦ ᠥᠭᠦᠯᠡᠯ ᠢ ᠶᠠᠫᠤᠨ ᠤ ᠬᠡᠯᠡ ᠰᠢᠨᠵᠢᠯᠡᠯ ᠤᠨ ᠠᠯᠳᠠᠷᠲᠤ ᠡᠷᠳᠡᠮᠲᠡᠨ ᠺᠡᠤᠤᠨᠤ᠋ ᠷᠤᠺᠦ᠋ᠷᠦᠦ ᠫᠷᠤᠹᠧᠰᠰᠤᠷ ᠠᠴᠠ ︽ᠴᠦᠺᠡᠴᠢ ᠬᠡᠯᠡᠨ ᠤ ᠣᠨᠴᠠᠯᠢᠭ ᠢ | ᠲᠣᠳᠣᠷᠬᠠᠢ ᠬᠠᠷᠠᠭᠤᠯᠵᠤ ᠴᠢᠳᠠᠭᠰᠠᠨ ᠢᠶᠠᠷ ᠪᠠᠷᠠᠬᠤ ᠦᠭᠡᠢ᠂ ᠲᠤᠰ ᠬᠡᠯᠡᠨ ᠤ ᠰᠤᠳᠤᠯᠭᠠᠨ ᠤ ᠲᠠᠯ᠎ᠠ ᠪᠠᠷ ᠤᠷᠤᠰ ᠤᠨ ᠡᠷᠳᠡᠮᠲᠡᠳ ᠤᠨ ᠰᠤᠳᠤᠯᠭᠠᠨ ᠳᠤ | ᠬᠠᠷᠠᠭᠳᠠᠭ᠎ᠠ ᠦᠭᠡᠢ ᠵᠦᠢ ᠢ ᠢᠯᠡᠷᠡᠭᠦᠯᠦᠭᠰᠡᠨ ᠪᠠᠶᠢᠨ᠎ᠠ︾ ᠭᠡᠵᠦ ᠥᠨᠳᠥᠷ ᠢᠶᠠᠷ ᠦᠨᠡᠯᠡᠭᠰᠡᠨ ᠪᠠᠶᠢᠨ᠎ᠠ᠃ | 1998 ᠣᠨ ᠤ ᠬᠠᠪᠤᠷ ᠲᠡᠭᠦᠰ ᠳ᠋ᠣᠺᠲ᠋ᠣᠷᠠᠨᠲ ᠤᠨ ᠺᠦᠷᠰ ᠢᠶᠠᠨ ᠲᠡᠭᠦᠰᠬᠡᠬᠦ ᠦᠶ᠎ᠡ ᠳᠤ ᠪᠠᠨ ᠲᠣᠣᠺᠢᠤ᠋ ᠶᠢᠨ ᠭᠠᠳᠠᠭᠠᠳᠤ ᠬᠡᠯᠡᠨ ᠤ ᠶᠡᠭᠡ ᠰᠤᠷᠭᠠᠭᠤᠯᠢ ᠶᠢᠨ | ᠠᠽᠢᠶ᠎ᠠ ᠠᠹᠷᠢᠺᠠ ᠶᠢᠨ ᠬᠡᠯᠡ ᠰᠣᠶᠣᠯ ᠰᠤᠳᠤᠯᠬᠤ ᠬᠦᠷᠢᠶᠡᠯᠡᠩ ᠤᠨ ᠪᠠᠭᠰᠢ ᠪᠠᠷ ᠠᠵᠢᠯᠯᠠᠭᠰᠠᠨ ᠪᠠᠶᠢᠨ᠎ᠠ᠃ ᠶᠠᠫᠤᠨ ᠤᠯᠤᠰ ᠲᠤ ᠬᠦᠷᠦᠭᠰᠡᠨ ᠤ ᠲᠠᠷᠠᠭ᠎ᠠ ᠲᠤᠯᠤᠭᠠᠨ | ᠵᠢᠯ ᠬᠠᠭᠠᠰ ᠤᠨ ᠬᠤᠭᠤᠴᠠᠭᠠᠨ ᠳᠤ ᠲᠡᠭᠦᠰ ᠶᠠᠫᠤᠨ ᠬᠡᠯᠡᠨ ᠠᠴᠠ ᠭᠠᠳᠠᠨ᠎ᠠ ᠤᠷᠤᠰ᠂ ᠠᠩᠭ᠍ᠯᠢ ᠬᠡᠯᠡ ᠶᠢ ᠰᠠᠶᠢᠨ ᠰᠤᠷᠴᠤ ᠡᠵᠡᠮᠰᠢᠭᠰᠡᠨ ᠢᠶᠠᠷ ᠪᠠᠷᠠᠬᠤ ᠦᠭᠡᠢ | ᠤᠷᠤᠰ ᠤᠨ ᠨᠢᠭᠡ ᠵᠢᠵᠢᠭ ᠦᠨᠳᠦᠰᠦᠲᠡᠨ ᠤ ᠬᠡᠯᠡ ᠶᠢ ᠰᠤᠳᠤᠯᠵᠤ᠂ ᠣᠯᠣᠭᠰᠠᠨ ᠦᠷ᠎ᠡ ᠪᠦᠲᠦᠭᠡᠯ ᠢᠶᠠᠷ ᠢᠶᠠᠨ ᠡᠷᠳᠡᠮᠲᠡᠳ ᠲᠤ ᠲᠠᠨᠢᠭᠳᠠᠵᠤ᠂ ᠤᠯᠤᠰ ᠤᠨ ᠶᠡᠭᠡ | ᠰᠤᠷᠭᠠᠭᠤᠯᠢ ᠳᠤ ᠪᠠᠭᠰᠢ ᠪᠣᠯᠤᠭᠰᠠᠨ ᠭᠡᠳᠡᠭ ᠪᠣᠯ ᠲᠡᠶᠢᠮᠤ ᠬᠢᠯᠪᠠᠷᠬᠠᠨ ᠶᠠᠪᠤᠳᠠᠯ ᠪᠢᠰᠢ ᠶᠤᠮ᠃ ᠡᠨᠡ ᠬᠦ ᠰᠤᠳᠤᠯᠭᠠᠨ ᠤ ᠬᠦᠷᠢᠶᠡᠯᠡᠩ ᠳᠤ ᠭᠤᠷᠪᠠᠨ ᠵᠢᠯ | ᠠᠵᠢᠯᠯᠠᠭᠰᠠᠨ ᠤ ᠲᠠᠷᠠᠭ᠎ᠠ᠂ 2001 ᠣᠨ ᠤ 3 ᠰᠠᠷ᠎ᠠ ᠳᠤ ᠬᠡᠯᠡ ᠰᠢᠨᠵᠢᠯᠡᠯ ᠤᠨ ᠤᠬᠠᠭᠠᠨ ᠤ ᠳ᠋ᠣᠺᠲ᠋ᠣᠷ ᠴᠣᠯᠠ ᠬᠠᠮᠠᠭᠠᠯᠠᠵᠤ᠂ 2001 ᠣᠨ ᠤ ᠵᠤᠨ ᠠᠮᠧᠷᠢᠺᠠ | ᠤᠯᠤᠰ ᠤᠨ ᠠᠯᠠᠰᠺᠠ ᠶᠡᠭᠡ ᠰᠤᠷᠭᠠᠭᠤᠯᠢ ᠶᠢᠨ ᠬᠠᠷᠢᠶᠠᠲᠤ ︽ᠠᠯᠠᠰᠺᠠ ᠶᠢᠨ ᠤᠤᠭᠠᠯ ᠦᠨᠳᠦᠰᠦᠲᠡᠨ ᠤ ᠬᠡᠯᠡ ᠰᠤᠳᠤᠯᠤᠯ ᠤᠨ ᠲᠥᠪ︾ ᠲᠤ ᠬᠦᠷᠴᠦ᠂ ᠵᠣᠴᠢᠨ | ᠰᠤᠳᠤᠯᠤᠭᠠᠴᠢ ᠪᠠᠷ 9 ᠰᠠᠷ᠎ᠠ ᠣᠷᠴᠢᠮ ᠠᠵᠢᠯᠯᠠᠵᠤ᠂ ᠲᠤᠰ ᠰᠤᠳᠤᠯᠬᠤ ᠲᠥᠪ ᠠᠴᠠ ᠨᠠᠶᠢᠷᠠᠭᠤᠯᠵᠤ ᠪᠠᠶᠢᠭᠰᠠᠨ ︽ᠰᠢᠪᠧᠷᠢᠶ᠎ᠠ ᠶᠢᠨ ᠠᠶᠢᠰᠺᠢᠮᠤ᠋ ᠬᠡᠯᠡᠨ ᠤ ᠲᠤᠯᠠᠢ | ᠪᠢᠴᠢᠭ︾ ᠲᠤᠩ ᠬᠠᠮᠤᠷᠤᠭᠳᠠᠭᠰᠠᠨ ᠴᠦᠺᠡᠴᠢ ᠬᠡᠯᠡᠨ ᠠᠴᠠ ᠭᠠᠷᠤᠯ ᠲᠠᠢ ᠦᠭᠡᠰ ᠢ ᠵᠠᠳᠠᠯᠤᠨ ᠲᠠᠶᠢᠯᠪᠤᠷᠢᠯᠠᠬᠤ ᠠᠵᠢᠯ ᠳᠤ ᠨᠢ ᠲᠤᠰᠠᠯᠠᠵᠤ ᠥᠭᠭᠦᠭᠰᠡᠨ ᠪᠠᠶᠢᠳᠠᠭ᠃ | ᠲᠡᠭᠡᠭᠡᠳ ᠪᠠᠰᠠ ᠲᠤᠰ ᠰᠤᠳᠤᠯᠬᠤ ᠬᠦᠷᠢᠶᠡᠯᠡᠩ ᠠᠴᠠ ᠤᠤᠭᠠᠯ ᠶᠠᠰᠤᠲᠠᠨ ᠦᠨᠳᠦᠰᠦᠲᠡᠨ ᠤ ᠬᠡᠯᠡ ᠶᠢ ᠰᠤᠳᠤᠯᠬᠤ ᠪᠠ ᠵᠢᠭᠠᠬᠤ ᠠᠷᠭ᠎ᠠ ᠵᠦᠢ᠂ ᠴᠢᠨᠠᠭᠰᠢᠯᠠᠭᠠᠳ | ᠤᠰᠠᠳᠴᠤ ᠰᠦᠢᠳᠬᠦ ᠭᠡᠵᠦ ᠪᠠᠶᠢᠭ᠎ᠠ ᠬᠡᠯᠡ ᠶᠢ ᠶᠠᠭᠠᠬᠢᠵᠤ ᠰᠡᠷᠭᠦᠭᠡᠵᠦ ᠠᠪᠤᠷᠠᠬᠤ ᠲᠤᠬᠠᠢ ᠠᠷᠭ᠎ᠠ ᠲᠤᠷᠰᠢᠯᠭ᠎ᠠ ᠶᠢ ᠰᠤᠷᠴᠤ ᠠᠪᠬᠤ ᠪᠠᠷ ᠬᠢᠴᠢᠶᠡᠨ ᠠᠵᠢᠯᠯᠠᠪᠠ᠃ |