︽ᠠᠶᠠᠯᠭᠤᠲᠤ ᠵᠢᠭᠤᠯᠴᠢᠯᠠᠯ ᠦᠪᠦᠷ ᠮᠤᠩᠭᠤᠯ ᠪᠠᠶᠠᠰᠬᠤᠯᠠᠩᠲᠤ ᠮᠦᠰᠦ ᠴᠠᠰᠤᠨ ᠤ ᠨᠠᠭᠠᠳᠤᠮ︾ 2024 — 2025 ᠤᠨ ᠤ ᠥᠪᠥᠷ ᠮᠣᠩᠭᠤᠯ ᠤᠨ ᠡᠪᠦᠯ ᠤᠨ ᠤᠯᠠᠷᠢᠯ ᠤᠨ ᠵᠢᠭᠤᠯᠴᠢᠯᠠᠯ ᠵᠢᠴᠢ ᠬᠥᠯᠥᠨ ᠪᠤᠶᠢᠷ ᠤᠨ ᠮᠥᠰᠥ ᠴᠠᠰᠤᠨ ᠤ ᠵᠢᠭᠤᠯᠴᠢᠯᠠᠯ ᠤᠨ ᠤᠯᠠᠷᠢᠯ ᠡᠬᠢᠯᠡᠪᠡ
ᠨᠡᠶᠢᠲᠡᠯᠡᠭᠰᠡᠨ ᠴᠠᠭ᠄
2024/12/24
    11 ᠰᠠᠷ᠎ᠠ ᠶᠢᠨ 7 ᠤ ᠡᠳᠦᠷ᠂ 2024 — 2025 ᠥᠪᠥᠷ ᠮᠣᠩᠭᠤᠯ ᠤᠨ ᠡᠪᠦᠯ ᠤᠨ ᠤᠯᠠᠷᠢᠯ ᠤᠨ ᠵᠢᠭᠤᠯᠴᠢᠯᠠᠯ ᠵᠢᠴᠢ ᠬᠥᠯᠥᠨ ᠪᠤᠶᠢᠷ ᠤᠨ ᠮᠥᠰᠥ ᠴᠠᠰᠤᠨ ᠤ ᠵᠢᠭᠤᠯᠴᠢᠯᠠᠯ ᠤᠨ ᠤᠯᠠᠷᠢᠯ ᠶᠠᠭᠰᠢ ᠶᠢᠨ ᠹᠧᠩ ᠬᠤᠸᠠᠩ ᠱᠠᠨ ᠦᠵᠡᠮᠵᠢ ᠶᠢᠨ ᠣᠷᠣᠨ ᠳᠤ ᠡᠬᠢᠯᠡᠪᠡ᠃     ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠧᠢ ᠭᠦᠸᠧ ᠨᠠᠨ ᠴᠤᠭᠯᠠᠭᠠᠨ ᠡᠬᠢᠯᠡᠭᠰᠡᠨ ᠢ ᠵᠠᠷᠯᠠᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠷᠦᠢ ᠬᠤᠷᠠᠯ ᠢ ᠡᠷᠭᠢᠯᠡᠵᠦ ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠲᠠᠨᠢᠯᠴᠠᠭᠤᠯᠬᠤ ᠲᠤᠰᠢᠶᠠᠯᠲᠠᠨ ᠳᠤ ᠦᠨᠡᠮᠯᠡᠯ ᠣᠯᠭᠤᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠪᠠᠶᠠᠷ ᠤᠨ ᠦᠭᠡ ᠬᠡᠯᠡᠵᠡᠢ᠃ ᠬᠤᠲᠠ ᠶᠢᠨ ᠤᠳᠤᠷᠢᠳᠤᠯᠭ᠎ᠠ ᠯᠢ ᠵᠢᠢ ᠷᠦᠩ᠂ ᠰᠦᠨ ᠸᠧᠢ᠂ ᠵᠠᠩ ᡁᠢ ᠵᠢᠴᠢ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠬᠢᠩᠭᠠᠨ ᠠᠶᠢᠮᠠᠭ᠂ ᠶᠡᠭᠡ ᠬᠢᠩᠭᠠᠨ ᠳᠠᠪᠠᠭ᠎ᠠ ᠭᠠᠵᠠᠷ ᠣᠷᠣᠨ ᠤ ᠵᠠᠬᠢᠷᠭ᠎ᠠ᠂ ᠥᠪᠥᠷ ᠮᠣᠩᠭᠤᠯ ᠤᠨ ᠣᠶ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠤᠯᠪᠣᠭᠳᠠᠯ ᠪᠦᠬᠦᠢ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ 
1.jpg
    ᠠᠭᠤᠯᠠ ᠤᠰᠤ ᠠᠯᠭᠤᠷ ᠠᠭᠠᠵᠢᠮ ᠢᠶᠠᠷ᠂ ᠴᠠᠰᠤ ᠮᠥᠰᠥ ᠪᠠᠷ ᠬᠤᠴᠢᠭᠳᠠᠵᠤ᠂ ᠡᠪᠦᠯ ᠤᠨ ᠡᠳᠦᠷ ᠤᠨ ᠷᠤᠮᠠᠨᠲ᠋ᠢᠭ ᠶᠠᠭᠰᠢ ᠶᠢᠨ ᠹᠧᠩ ᠬᠤᠸᠠᠩ ᠱᠠᠨ ᠠᠭᠤᠯᠠ ᠶᠢᠨ ᠬᠤᠷᠮᠣᠢ ᠳᠤ᠂ ᠪᠠᠶᠠᠰᠬᠤᠯᠠᠩᠲᠠᠢ ᠬᠠᠯᠠᠭᠤᠮᠰᠤᠭ ᠳᠠᠭᠤᠤ ᠪᠥᠵᠢᠭ ᠤᠨ ᠲᠣᠭᠯᠠᠯᠲᠠ ᠵᠣᠴᠢᠳ ᠢ ᠤᠭᠲᠤᠵᠤ ᠪᠠᠶᠢᠯ᠎ᠠ᠃ 
2.jpg
    ᠵᠢᠢ ᠶᠦᠩ ᠴᠢᠶᠠᠨ ᠪᠠᠶᠠᠷ ᠤᠨ ᠦᠭᠡ ᠳᠡᠭᠡᠨ᠂ ᠬᠥᠯᠥᠨ ᠪᠤᠶᠢᠷ ᠬᠤᠲᠠ ᠶᠡᠷᠦᠩᠬᠡᠢ ᠱᠦᠵᠢ ᠰᠢ ᠶᠢᠨ ᠫᠢᠩ ᠤᠨ ︽ᠮᠥᠰᠥ ᠴᠠᠰᠤᠨ ᠳᠤ ᠬᠤᠴᠢᠭᠳᠠᠭᠰᠠᠨ ᠴᠤ ᠠᠯᠲᠠᠨ ᠠᠭᠤᠯᠠ ᠮᠥᠩᠭᠦᠨ ᠬᠠᠶᠢᠷᠬᠠᠨ ᠮᠥᠨ︾ ᠪᠠ ︽ᠣᠨᠴᠠᠯᠢᠭᠲᠤ ᠰᠣᠶᠣᠯ ᠵᠢᠭᠤᠯᠴᠢᠯᠠᠯ ᠢ ᠶᠡᠭᠡ ᠪᠠᠷ ᠬᠥᠭᠵᠢᠭᠦᠯᠬᠦ ᠬᠡᠷᠡᠭᠲᠡᠢ︾ ᠭᠡᠬᠦ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠮᠥᠰᠥ ᠴᠠᠰᠤᠨ ᠤ ᠠᠰᠢᠭ ᠲᠤᠰᠠ ᠶᠢ ᠭᠦᠢᠴᠡᠳ ᠪᠠᠳᠠᠷᠠᠭᠤᠯᠵᠤ᠂ ᠡᠪᠦᠯ ᠤᠨ ᠤᠯᠠᠷᠢᠯ ᠤᠨ ᠮᠥᠰᠥ ᠴᠠᠰᠤᠨ ᠤ ᠵᠢᠭᠤᠯᠴᠢᠯᠠᠯ ᠤᠨ ᠦᠢᠯᠡᠰ ᠦᠷᠭᠦᠯᠵᠢᠯᠡᠨ ᠰᠠᠶᠢᠵᠢᠷᠠᠪᠠ᠃ ᠪᠢᠳᠡ ᠠᠵᠠ ᠲᠣᠬᠢᠶᠠᠯ ᠢ ᠠᠮᠵᠢᠵᠤ᠂ ᠥᠨᠳᠥᠷ ᠪᠠᠷᠢᠮᠵᠢᠶ᠎ᠠ ᠪᠠᠷ ᠵᠢᠷᠤᠭ ᠲᠥᠯᠥᠪᠯᠡᠭᠡ ᠬᠢᠵᠦ᠂ ᠠᠵᠤ ᠦᠢᠯᠡᠰ ᠢ ᠪᠥᠬᠦ ᠬᠡᠯᠬᠢᠶ᠎ᠡ ᠪᠠᠷ ᠪᠠᠶᠢᠷᠢᠰᠢᠭᠤᠯᠤᠨ᠂ ᠮᠥᠰᠥ ᠴᠠᠰᠤᠨ ᠤ ᠬᠦᠴᠦᠷᠬᠡᠭ ᠬᠤᠲᠠ ᠶᠢ ᠴᠢᠷᠮᠠᠶᠢᠨ ᠪᠦᠲᠦᠭᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ᠃ ᠳᠥᠷᠪᠡᠨ ᠵᠦᠭ ᠤᠨ ᠵᠣᠴᠢᠳ ᠢ ᠥᠪᠥᠷ ᠮᠣᠩᠭᠤᠯ ᠳᠤ ᠤᠷᠢᠨ ᠠᠪᠴᠢᠷᠠᠵᠤ᠂ ᠬᠥᠯᠥᠨ ᠪᠤᠶᠢᠷ ᠲᠤ ᠴᠤᠭᠯᠠᠷᠠᠭᠤᠯᠤᠨ᠂ ᠤᠮᠠᠷᠠᠲᠤ ᠬᠢᠯᠢ ᠶᠢᠨ ᠡᠪᠦᠯ ᠤᠨ ᠡᠳᠦᠷ ᠤᠨ ᠬᠢᠵᠠᠭᠠᠯᠠᠰᠢ ᠦᠭᠡᠢ ᠷᠢᠳᠢ ᠰᠢᠳᠢ ᠶᠢ ᠬᠠᠮᠲᠤ ᠪᠠᠷ ᠡᠳ᠋ᠯᠡᠶ᠎ᠡ ᠭᠡᠪᠡ᠃ 
3.jpg
    ᠲᠤᠬᠠᠢ ᠶᠢᠨ ᠲᠠᠯᠠᠪᠠᠢ ᠳᠤ ᠪᠠᠰᠠ ᠶᠡᠭᠡ ᠬᠢᠩᠭᠠᠨ ᠳᠠᠪᠠᠭ᠎ᠠ ᠶᠢᠨ ᠵᠤᠭᠠᠴᠠᠯ ᠤᠨ ᠬᠤᠯᠪᠣᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠵᠤ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠬᠠᠮᠲᠤ ᠪᠠᠷ 2024 ᠣᠨ ᠤ ᠡᠪᠦᠯ ᠤᠨ ᠤᠯᠠᠷᠢᠯ ᠤᠨ ᠵᠤᠭᠠᠴᠠᠯ ᠤᠨ ᠴᠡᠨᠡᠯᠡᠯᠳᠡ ᠶᠢᠨ ᠠᠩᠬᠠᠨ ᠤ ᠭᠠᠷᠤᠭ᠎ᠠ ᠪᠣᠯᠣᠨ ︽ᠹᠧᠩ ᠬᠤᠸᠠᠩ ᠱᠠᠨ ᠠᠭᠤᠯᠠᠨ ᠤ ᠨᠢᠭᠤᠴᠠ ᠬᠢᠯᠢ ᠪᠠᠷ ᠥᠩᠭᠡᠷᠡᠬᠦ︾ ᠬᠡᠭᠡᠷᠡᠯᠡᠭᠴᠢ ᠮᠠᠰᠢᠨ ᠲᠡᠷᠭᠡ ᠬᠥᠳᠡᠯᠬᠦ ᠶᠣᠰᠣᠯᠠᠯ ᠳᠤ ᠣᠷᠣᠯᠴᠠᠵᠤ᠂ ᠮᠣᠷᠢᠨ ᠮᠡᠷᠭᠡᠵᠢᠯ ᠤᠨ ᠳᠤᠭᠤᠢ ᠤᠨᠤᠬᠤ᠂ ᠮᠥᠰᠥᠨ ᠳᠡᠭᠡᠷᠡᠬᠢ ᠪᠠᠯᠧᠲ ᠪᠥᠵᠢᠭ᠂ ᠠᠮᠲᠠᠲᠤ ᠢᠳᠡᠭᠡᠨ ᠤ ᠲᠣᠯᠢ ᠵᠡᠷᠭᠡ ᠤᠯᠠᠨ ᠡᠰᠢᠵᠢᠭᠰᠡᠨ ᠡᠵᠡᠩᠨᠡᠯᠲᠡ ᠶᠢᠨ ᠬᠡᠯᠪᠡᠷᠢ ᠪᠣᠯᠣᠨ ᠣᠨᠴᠠᠯᠢᠭᠲᠤ ᠠᠵᠢᠯᠯᠠᠭ᠎ᠠ ᠶᠢ ᠰᠣᠨᠢᠷᠬᠠᠨ ᠣᠶᠢᠯᠠᠭᠠᠪᠠ᠃ ᠣᠶᠢᠯᠠᠭᠠᠭᠰᠠᠨ ᠢᠶᠠᠷ᠂ ᠡᠨᠡ ᠵᠢᠯ ᠤᠨ ᠡᠪᠦᠯ᠂ ᠬᠥᠯᠥᠨ ᠪᠤᠶᠢᠷ ᠬᠤᠲᠠ ︽ᠥᠪᠥᠷ ᠮᠣᠩᠭᠤᠯ ᠬᠥᠯᠥᠨ ᠪᠤᠶᠢᠷ ᠤᠨ ᠶᠡᠭᠡ ᠴᠠᠰᠤᠲᠤ ᠲᠠᠯ᠎ᠠ ᠶᠢᠨ ᠳᠠᠭᠤᠤ ᠬᠥᠭᠵᠢᠮ ᠤᠨ ᠤᠯᠠᠷᠢᠯ︾᠂ ︽ᠬᠥᠯᠥᠨ ᠪᠤᠶᠢᠷ ᠤᠨ ᠲᠠᠯ᠎ᠠ ᠨᠤᠲᠤᠭ ᠡᠪᠦᠯ ᠤᠨ ᠤᠯᠠᠷᠢᠯ ᠤᠨ ᠪᠠᠭᠠᠲᠤᠷ ᠵᠤᠷᠢᠭᠲᠠᠳ ᠤᠨ ᠴᠤᠭᠯᠠᠭᠠᠨ︾ ᠪᠠ ︽ᠮᠥᠰᠥ ᠴᠠᠰᠤᠨ ᠤ ᠨᠠᠭᠠᠳᠤᠮ︾ ᠵᠡᠷᠭᠡ 3 ᠵᠦᠢᠯ ᠤᠨ ᠭᠤᠣᠯ ᠪᠣᠯᠬᠤ IP ᠶᠢ ᠬᠦᠴᠦᠯᠡᠨ ᠴᠣᠭᠴᠠᠯᠠᠵᠤ᠂ ᠮᠥᠰᠥ ᠴᠠᠰᠤᠨ ᠤ ᠤᠷᠤᠯᠳᠤᠭᠠᠨ᠂ ᠠᠷᠠᠳ ᠤᠨ ᠵᠠᠩ ᠦᠶ᠋ᠯᠡ᠂ ᠳᠠᠭᠤᠤ ᠬᠥᠭᠵᠢᠮ᠂ ᠰᠤᠳᠤᠯᠤᠨ ᠰᠤᠷᠤᠯᠴᠠᠬᠤ᠂ ᠪᠠᠶᠠᠷ ᠳᠤᠷᠠᠰᠬᠠᠯ ᠵᠡᠷᠭᠡ 5 ᠶᠡᠭᠡ ᠲᠥᠷᠥᠯ ᠤᠨ 45 ᠵᠦᠢᠯ ᠤᠨ ᠠᠵᠢᠯᠯᠠᠭ᠎ᠠ ᠶᠢ ᠥᠷᠨᠢᠭᠦᠯᠵᠦ᠂ ︽ᠭᠠᠷᠠᠭ ᠪᠣᠯᠭᠠᠨ ᠬᠥᠳᠡᠯᠭᠡᠭᠡᠨ ᠲᠠᠢ᠂ ᠰᠠᠷ᠎ᠠ ᠪᠣᠯᠭᠠᠨ ᠬᠠᠯᠠᠮᠰᠢᠯ ᠲᠠᠢ︾ ᠪᠠᠶᠢᠬᠤ ᠶᠢ ᠪᠡᠶᠡᠯᠡᠭᠦᠯᠪᠡ᠃
ᠢᠷᠡᠯᠲᠡ᠄ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ