ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠤᠶᠢᠯᠠᠭᠠᠭᠰᠠᠨ ᠢᠶᠠᠷ᠂ ᠲᠦᠷᠦᠬᠦᠬᠡᠨ ᠱᠠᠩᠬᠠᠢ ᠬᠤᠳᠠ ᠳᠤ ᠶᠠᠪᠤᠭᠳᠠᠭᠰᠠᠨ | 2024 ᠳᠤᠮᠳᠠᠳᠤ ᠤᠯᠤᠰ ᠤᠨ ᠣᠯᠠᠨ ᠤᠯᠤᠰ ᠤᠨ ᠵᠢᠭᠤᠯᠴᠢᠯᠠᠯ ᠤᠨ ᠠᠷᠠᠯᠵᠢᠶᠠᠨ ᠤ ᠴᠤᠭᠯᠠᠭᠠᠨ ᠳᠤ ᠮᠠᠨ ᠤ ᠣᠷᠣᠨ ᠤ ᠡᠯ᠎ᠡ ᠠᠶᠢᠮᠠᠭ ᠬᠤᠲᠠ ᠢᠢᠨ ᠰᠣᠶᠣᠯ | ᠵᠢᠭᠤᠯᠴᠢᠯᠠᠯ ᠤᠨ ᠰᠠᠯᠠᠭ᠎ᠠ ᠮᠥᠴᠢᠷ ᠪᠠ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠷᠤᠯᠴᠠᠵᠦ᠂ ︽ᠠᠶᠠᠯᠭᠤᠳᠤ ᠵᠢᠭᠤᠯᠴᠢᠯᠠᠯ ᠥᠪᠥᠷ ᠮᠣᠩᠭᠤᠯ ᠪᠠᠶᠠᠷ | ᠪᠠᠶᠠᠰᠬᠤᠯᠠᠩᠲᠤ ᠮᠥᠰᠥ ᠴᠠᠰᠤᠨ ᠤ ᠤᠯᠠᠷᠢᠯ︾ ᠤᠨ ᠭᠤᠤᠯ ᠰᠡᠳᠦᠪ ᠤᠨ ᠲᠤᠭᠤᠷᠢᠨ ᠳᠤ ᠵᠢᠭᠤᠯᠴᠢᠯᠠᠯ ᠤᠨ ᠳᠠᠨᠢᠯᠴᠠᠭᠤᠯᠭ᠎ᠠ ᠪᠠ ᠳᠡᠯᠬᠡᠨ ᠦᠵᠡᠬᠦᠯᠬᠡ ᠬᠢᠵᠤ᠂ | ᠠᠷᠠᠯᠵᠢᠶᠠᠨ ᠤ ᠴᠤᠭᠯᠠᠭᠠᠨ ᠳᠤ ᠬᠦᠷᠦᠯᠴᠡᠨ ᠢᠷᠡᠭᠰᠡᠨ ᠤᠯᠤᠰ ᠤᠨ ᠲᠤᠳᠤᠭᠠᠳᠤ ᠭᠠᠳᠠᠭᠠᠳᠤ ᠶᠢᠨ ᠠᠷᠠᠯᠵᠢᠶᠡᠴᠢᠳ ᠤᠨ ᠠᠩᠬᠠᠷᠤᠯ ᠳᠤ ᠬᠦᠷᠪᠠ᠃ | 2024 ᠳᠤᠮᠳᠠᠳᠤ ᠤᠯᠤᠰ ᠤᠨ ᠣᠯᠠᠨ ᠤᠯᠤᠰ ᠤᠨ ᠵᠢᠭᠤᠯᠴᠢᠯᠠᠯ ᠤᠨ ᠠᠷᠠᠯᠵᠢᠶᠠᠨ ᠤ ᠴᠤᠭᠯᠠᠭᠠᠨ ᠤ ᠥᠪᠥᠷ ᠮᠣᠩᠭᠤᠯ ᠤᠨ ᠦᠵᠡᠬᠦᠯᠬᠡ ᠶᠢᠨ ᠲᠢᠩᠬᠢᠮ ᠨᠢ | ︽ᠠᠶᠠᠯᠭᠤᠳᠤ ᠵᠢᠭᠤᠯᠴᠢᠯᠠᠯ ᠥᠪᠥᠷ ᠮᠣᠩᠭᠤᠯ ᠪᠠᠶᠠᠷ ᠪᠠᠶᠠᠰᠬᠤᠯᠠᠩᠲᠤ ᠮᠥᠰᠥ ᠴᠠᠰᠤᠨ ᠤ ᠤᠯᠠᠷᠢᠯ︾ ᠰᠡᠬᠦᠳᠡᠷ ᠳᠠᠳᠠᠭᠤᠯᠵᠦ ᠲᠤᠷᠠᠰᠬᠠᠯ ᠦᠯᠡᠳᠡᠬᠡᠬᠦ ᠭᠠᠵᠠᠷ ᠢ | ᠤᠨᠴᠠᠯᠠᠨ ᠪᠠᠶᠢᠭᠤᠯᠵᠦ᠂ ︽ᠥᠪᠥᠷ ᠮᠣᠩᠭᠤᠯ ᠤᠨ ᠡᠪᠦᠯ ᠤᠨ ᠤᠷᠢᠯᠭ᠎ᠠ︾ ᠵᠢᠭᠤᠯᠴᠢᠯᠠᠯ ᠤᠨ ᠰᠣᠳᠣᠨ ᠵᠠᠮ ᠱᠤᠭᠤᠮ ᠤᠨ ᠦᠢᠯᠡᠳᠬᠦᠨ᠂ ᠲᠤᠰᠬᠠᠶ ᠮᠡᠷᠭᠡᠵᠢᠯ ᠤᠨ | ᠴᠠᠨᠠᠯᠠᠬᠤ ᠲᠣᠨᠤᠭ ᠲᠥᠬᠦᠭᠡᠷᠦᠮᠵᠢ᠂ ᠡᠪᠦᠯ ᠤᠨ ᠤᠯᠠᠷᠢᠯ ᠤᠨ ᠪᠠᠶᠢᠭᠠᠯᠢ ᠢᠢᠨ ᠥᠩᠭᠡ ᠦᠵᠡᠮᠵᠢ ᠶᠢ ᠳᠡᠯᠭᠡᠨ ᠦᠵᠡᠭᠦᠯᠵᠠᠢ᠃ ᠦᠵᠡᠭᠦᠯᠭᠡ ᠢᠢᠨ ᠲᠠᠯᠠᠪᠠᠶ ᠳᠤ | ᠤᠯᠠᠭᠠᠨᠮᠥ᠋ᠴᠢᠷ ᠤᠨ ᠲᠣᠭᠯᠠᠭᠴᠢᠳ ᠥᠪᠥᠷ ᠮᠣᠩᠭᠤᠯ ᠤᠨ ᠳᠠᠭᠤᠤ᠂ ᠪᠥᠵᠢᠭ᠂ ᠮᠣᠷᠢᠨ ᠬᠤᠭᠤᠷ ᠵᠡᠷᠭᠡ ᠰᠣᠩᠭᠤᠳᠠᠭ ᠲᠤᠭᠯᠠᠯᠳᠠ ᠶᠢ ᠰᠤᠨᠢᠷᠬᠠᠭᠤᠯᠵᠦ᠂ ᠬᠡᠰᠡᠭ | ᠠᠶᠢᠮᠠᠭ ᠬᠤᠲᠠ ᠵᠢᠴᠢ ᠵᠢᠭᠤᠯᠴᠢᠯᠠᠯ ᠤᠨ ᠬᠤᠷᠢᠶ᠎ᠠ ᠡᠪᠦᠯ ᠤᠨ ᠤᠯᠠᠷᠢᠯ ᠤᠨ ᠵᠢᠭᠤᠯᠴᠢᠯᠠᠯ ᠪᠠ ᠬᠢᠯᠢ ᠠᠯᠤᠰᠯᠠᠭᠰᠠᠨ ᠵᠢᠭᠤᠯᠴᠢᠯᠠᠯ ᠤᠨ ᠦᠢᠯᠡᠴᠢᠯᠡᠭᠡ ᠶᠢ | ᠤᠬᠠᠭᠤᠯᠤᠨ ᠲᠠᠨᠢᠯᠴᠠᠭᠤᠯᠵᠠᠢ᠃ ᠰᠣᠶᠣᠯ ᠤᠨ ᠡᠭᠦᠳᠦᠯᠲᠡ ᠢᠢᠨ ᠪᠦᠳᠦᠭᠡᠭᠳᠡᠬᠦᠨ ᠤ ᠦᠵᠡᠭᠦᠯᠭᠡ ᠢᠢᠨ ᠲᠣᠭᠤᠷᠢᠭ ᠲᠤ ︽ᠠᠶᠠᠯᠭᠤᠳᠤ ᠵᠢᠭᠤᠯᠴᠢᠯᠠᠯ ᠥᠪᠥᠷ | ᠮᠣᠩᠭᠤᠯ︾ ᠤᠨ ᠣᠯᠠᠨ ᠵᠦᠢᠯ ᠤᠨ ᠡᠭᠡᠰᠢᠭᠳᠦ ᠬᠠᠶᠢᠷᠴᠠᠭ ᠪᠠ ᠳᠠᠭᠤᠤ ᠬᠦᠭᠵᠢᠮ ᠤᠨ ᠪᠠᠭᠠᠵᠢ ᠵᠡᠷᠭᠡ ᠪᠦᠳᠦᠭᠡᠭᠳᠡᠬᠦᠨ ᠢ ᠲᠥᠪᠯᠡᠷᠡᠭᠦᠯᠦᠨ ᠳᠡᠯᠭᠡᠨ ᠦᠵᠡᠭᠦᠯᠵᠦ᠂ | ᠦᠪ ᠤᠯᠠᠮᠵᠢᠯᠠᠯ · ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠤᠨ ᠦᠵᠡᠬᠦᠯᠬᠡ ᠶᠢᠨ ᠲᠣᠭᠤᠷᠢᠭ ᠲᠤ ︽ᠪᠦᠰᠡᠬᠦᠢ︾ ᠵᠠᠩᠬᠢᠳᠤᠮᠠᠯ ᠲᠣᠪᠴᠢ᠂ | ᠠᠷᠠᠰᠤᠨ ᠰᠡᠶᠢᠯᠦᠮᠡᠯ᠂ ᠤᠷᠠᠳ ᠤᠨ ᠬᠠᠳᠬᠤᠮᠠᠯ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠭᠳᠡᠬᠦᠨ ᠢ ᠳᠡᠯᠭᠡᠨ ᠦᠵᠡᠭᠦᠯᠪᠠ᠃ ᠪᠠᠰᠠ ᠬᠢᠩᠭᠠᠨ | ᠠᠶᠢᠮᠠᠭ ᠤᠨ ᠲᠤᠲᠤᠷᠭ᠎ᠠ᠂ ᠵᠦᠸᠧᠽᠢ ᠢᠢᠨ ᠤᠲᠤᠮᠠᠯ ᠲᠠᠬᠢᠶ᠎ᠠ ᠵᠡᠷᠭᠡ ᠳᠤᠮᠳᠠᠳᠤ ᠤᠯᠤᠰ ᠤᠨ ᠭᠠᠵᠠᠷ ᠵᠦᠶ ᠢᠢᠨ ᠢᠯᠡᠷᠬᠡᠶᠢᠯᠡᠯᠳᠦ ᠪᠦᠲᠦᠭᠡᠭᠳᠡᠬᠦᠨ ᠪᠣᠯᠤᠨ | ᠪᠣᠷᠴᠠ᠂ ᠡᠭᠡᠳᠡᠭᠰᠡᠨ ᠰᠦ ᠵᠡᠷᠭᠡ ᠥᠪᠥᠷ ᠮᠣᠩᠭᠤᠯ ᠤᠨ ᠠᠮᠲᠠᠲᠤ ᠢᠳᠡᠭᠡᠨ ᠢ ᠲᠦᠪᠯᠡᠷᠡᠬᠦᠯᠦᠨ ᠦᠵᠡᠬᠦᠯᠵᠡᠢ᠃ | ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠪᠠᠰᠠ ᠳᠤᠮᠳᠠᠳᠤ ᠣᠷᠣᠰ ᠮᠣᠩᠭᠤᠯ ᠤᠨ ︽ᠲᠦᠮᠡᠨ ᠭᠠᠵᠠᠷ ᠤᠨ ᠴᠠᠶ ᠢᠢᠨ ᠵᠠᠮ︾ | ᠣᠯᠠᠨ ᠤᠯᠤᠰ ᠤᠨ ᠵᠢᠭᠤᠯᠴᠢᠯᠠᠯ ᠤᠨ ᠬᠤᠯᠪᠣᠭ᠎ᠠ ᠢᠢᠨ ᠤᠯᠤᠰ ᠤᠨ ᠳᠣᠲᠣᠭᠠᠳᠤ ᠢᠢᠨ ᠦᠵᠡᠰᠭᠦᠯᠡᠩ ᠳᠤ ᠣᠷᠣᠯᠴᠠᠬᠤ ᠨᠢᠭᠡᠴᠢ ᠶᠢ ᠲᠦᠷᠦᠭᠦᠯᠡᠨ ᠵᠣᠬᠢᠶᠠᠨ | ᠪᠠᠶᠢᠭᠤᠯᠵᠤ᠂ ᠲᠦᠮᠡᠨ ᠭᠠᠵᠠᠷ ᠤᠨ ᠴᠠᠶ ᠢᠢᠨ ᠵᠠᠮ ᠤᠨ ᠦᠵᠡᠭᠦᠯᠭᠡ ᠢᠢᠨ ᠲᠣᠭᠤᠷᠢᠭ ᠲᠤ ᠦᠢᠯᠡᠳᠬᠦᠨ ᠢᠶᠠᠨ ᠤᠬᠠᠭᠤᠯᠤᠨ ᠳᠡᠯᠭᠡᠷᠡᠭᠦᠯᠵᠦ᠂ ᠳᠤᠮᠳᠠᠳᠤ ᠣᠷᠣᠰ | ᠮᠣᠩᠭᠤᠯ ᠤᠨ ︽ᠲᠦᠮᠡᠨ ᠭᠠᠵᠠᠷ ᠤᠨ ᠴᠠᠶ ᠢᠢᠨ ᠵᠠᠮ︾ ᠬᠢᠯᠢ ᠠᠯᠤᠰᠯᠠᠭᠰᠠᠨ ᠵᠢᠭᠤᠯᠴᠢᠯᠠᠯ ᠤᠨ ᠰᠣᠳᠣᠨ ᠵᠠᠮ ᠱᠤᠭᠤᠮ ᠢ ᠳᠠᠨᠢᠯᠴᠠᠭᠤᠯᠤᠨ᠂ ᠲᠦᠷᠪᠡᠨ ᠵᠦᠭ | ᠨᠠᠢᠮᠠᠨ ᠵᠤᠪᠬᠢᠰ ᠠᠴᠠ ᠦᠵᠡᠭᠦᠯᠭᠡ ᠢᠢᠨ ᠲᠣᠭᠤᠷᠢᠭ ᠲᠤ ᠬᠦᠷᠦᠯᠴᠡᠨ ᠢᠷᠡᠭᠰᠡᠨ ᠬᠦᠮᠦᠰ ᠲᠤ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠠᠳᠠᠯᠢ ᠪᠤᠰᠤ | ᠵᠢᠭᠤᠯᠴᠢᠯᠠᠯ ᠤᠨ ᠰᠣᠶᠣᠯ ᠢ ᠪᠡᠶᠡᠴᠢᠯᠡᠨ ᠣᠶᠢᠯᠠᠭᠠᠬᠤ ᠳᠤ ᠲᠦᠬᠦᠮ ᠦᠵᠡᠬᠦᠯᠵᠡᠢ᠃ |