ᠤᠯᠠᠨ ᠲᠦᠮᠡᠨᠴᠢ ᠮᠥᠰᠥ ᠴᠠᠰᠤᠨ ᠤ ᠠᠵᠢᠯᠯᠠᠭ᠎ᠠ ᠨᠢ ᠬᠦᠮᠤᠰ ᠤᠨ ᠮᠦᠰᠥ ᠴᠠᠰᠤᠨ ᠤ ᠬᠥᠳᠡᠯᠭᠡᠭᠡᠨ ᠳᠤ ᠣᠷᠣᠯᠴᠠᠬᠤ ᠶᠢ ᠲᠠᠶᠢᠴᠢᠯᠠᠵᠤ ᠪᠠᠶᠢᠨ᠎ᠠ
ᠨᠡᠶᠢᠲᠡᠯᠡᠭᠰᠡᠨ ᠴᠠᠭ᠄
2024/12/24
    ᠶᠠᠭ ᠰᠠᠶᠢᠬᠠᠨ ᠶᠠᠪᠤᠭᠳᠠᠵᠤ ᠪᠠᠶᠢᠭ᠎ᠠ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠣᠯᠤᠰ ᠤᠨ ᠤᠯᠠᠨ ᠲᠦᠮᠡᠨᠴᠢ ᠮᠥᠰᠤ ᠴᠠᠰᠤᠨ ᠤ ᠤᠯᠠᠷᠢᠯ ᠤᠨ ᠠᠵᠢᠯᠯᠠᠭ᠎ᠠ ᠶᠢᠨ ᠲᠡᠰᠢᠷᠡᠮ ᠢᠶᠠᠷ᠂ ᠬᠦᠯᠥᠨ ᠪᠤᠶᠢᠷ ᠬᠤᠲᠠ ᠶᠢᠨ ᠮᠠᠨᠵᠤᠣᠷ ᠬᠤᠲᠠ ᠶᠢᠨ ᠠᠷᠠᠳ ᠤᠯᠠᠨ ︽3 ᠳ᠋ᠦᠩᠰᠢᠭᠤᠷ ᠬᠥᠮᠤᠨ ᠳᠠᠶᠢᠴᠢᠯᠠᠨ ᠮᠥᠰᠤ ᠴᠠᠰᠤᠨ ᠤ ᠲᠠᠮᠢᠷ ᠤᠨ ᠬᠦᠳᠡᠯᠭᠡᠭᠡᠨ ᠳᠤ ᠣᠷᠣᠯᠴᠠᠭᠤᠯᠬᠤ︾ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠳᠤᠨ ᠳᠠᠭᠠᠵᠤ᠂ ᠮᠥᠰᠣ ᠴᠠᠰᠤᠨ ᠤ ᠳᠠᠮᠢᠷ ᠤᠨ ᠬᠥᠳᠡᠯᠭᠡᠭᠡᠨ ᠳᠤ ᠢᠳᠡᠪᠬᠢᠲᠠᠢ ᠣᠷᠣᠯᠴᠠᠵᠤ ᠪᠠᠶᠢᠨ᠎ᠠ᠃ 
1.jpg
    ᠮᠠᠨᠵᠤᠤᠷ ᠬᠤᠳᠠ ᠶᠢᠨ ᠣᠷᠣᠰ ᠬᠡᠦᠬᠡᠯᠳᠡᠢ ᠶᠢᠨ ᠦᠵᠡᠮᠵᠢ ᠶᠢᠨ ᠣᠷᠣᠨ ᠤ ᠭᠡᠷ ᠲᠣᠳᠤᠷᠠᠬᠢ ᠮᠥᠰᠣ ᠲᠡᠰᠢᠬᠦ ᠲᠠᠯᠠᠪᠠᠢ ᠳᠤ ᠬᠦᠷ ᠬᠥᠭᠵᠢᠶᠡᠨ ᠢᠶᠠᠷ ᠪᠢᠯᠬᠠᠨ᠎ᠠ᠃ ᠮᠦᠰᠤᠨ ᠪᠦᠮᠪᠦᠭᠡ ᠳᠤ ᠪᠠᠭ᠋ᠠᠲᠠᠢ ᠬᠥᠮᠤᠰ ᠪᠦᠮᠪᠦᠭᠡ ᠪᠠᠨ ᠤᠷᠠᠨ ᠢᠶᠠᠷ ᠳᠠᠮᠵᠢᠭᠤᠯᠤᠨ᠂ ᠪᠠᠰᠠ ᠪᠦᠮᠪᠦᠭᠡ ᠪᠠᠨ ᠬᠦᠴᠣᠳᠡᠢ ᠢᠰᠭᠦᠯᠵᠦ᠂ ᠬᠥᠮᠤᠰ ᠲᠠᠮᠢᠷ ᠤᠨ ᠬᠦᠳᠡᠯᠭᠡᠭᠡᠨ ᠤ ᠪᠠᠶᠠᠷ ᠪᠠᠭ᠋ᠠᠳᠤᠯ ᠢ ᠬᠠᠷᠠᠭᠤᠯᠤᠨ᠎ᠠ᠃ ᠮᠥᠰᠣᠨ ᠪᠦᠮᠪᠦᠭᠡ ᠨᠢ ᠮᠠᠨᠵᠤᠣᠷ ᠬᠤᠳᠠ ᠶᠢᠨ ᠮᠦᠰᠦᠨ ᠲᠡᠭᠡᠷᠡᠬᠢ ᠤᠯᠠᠮᠵᠢᠯᠡᠯᠳᠤ ᠳᠠᠮᠢᠷ ᠤᠨ ᠬᠦᠳᠡᠯᠭᠡᠬᠡᠨ ᠤ ᠲᠦᠷᠤᠯ ᠵᠦᠢᠯ ᠤᠨ ᠨᠢᠭᠡ ᠪᠣᠯᠤᠭᠰᠠᠨ ᠤ ᠬᠤᠪᠢ ᠳᠤ ᠮᠥᠰᠣ ᠴᠠᠰᠤᠨ ᠤ ᠲᠠᠮᠢᠷ ᠤᠨ ᠬᠦᠳᠡᠯᠭᠡᠭᠡᠨ ᠳᠤ ᠴᠢᠬᠤᠯᠠ ᠪᠠᠶᠢᠷᠢ ᠰᠠᠭᠤᠷᠢ ᠶᠢ ᠡᠵᠡᠯᠡᠵᠦ ᠪᠠᠶᠢᠳᠠᠭ᠃ 
2.jpg
    ᠣᠶᠢᠯᠠᠭᠠᠭᠰᠠᠨ ᠢᠶᠠᠷ᠂ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠤᠯᠤᠰ ᠤᠨ ᠤᠯᠠᠨ ᠲᠦᠮᠡᠨᠴᠢ ᠮᠥᠰᠤ ᠴᠠᠰᠤᠨ ᠤ ᠤᠯᠠᠷᠢᠯ ᠤᠨ ᠬᠤᠭᠤᠴᠠᠭᠠᠨ ᠳᠤ᠂ ᠮᠠᠨᠵᠤᠣᠷ ᠬᠤᠳᠠ 2024 - 2025 ᠣᠨ ᠤ ᠪᠥᠬᠦ ᠣᠷᠣᠨ ᠤ ᠮᠥᠰᠤ ᠴᠠᠰᠤᠨ ᠤ ᠣᠷᠤᠯᠳᠤᠭᠠᠨ ᠵᠡᠷᠭᠡ ᠤᠯᠠᠨ ᠲᠦᠮᠡᠨᠴᠢ ᠮᠥᠰᠥ ᠴᠠᠰᠤᠨ ᠤ ᠣᠨᠴᠠᠯᠢᠭᠲᠤ ᠣᠷᠤᠯᠳᠤᠭᠠᠨ ᠪᠠ ᠠᠵᠢᠯᠯᠠᠭ᠎ᠠ ᠶᠢ ᠡᠷᠬᠢᠯᠡᠵᠦ᠂ ᠤᠯᠠᠨ ᠲᠦᠮᠡᠨ ᠢ ᠮᠦᠰᠣ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠬᠤ ᠶᠢ ᠲᠠᠶᠢᠴᠢᠯᠠᠬᠤ ᠪᠣᠯᠣᠨ᠎ᠠ᠃
3.jpg
ᠢᠷᠡᠯᠲᠡ᠄ NMTV ᠸᠢᠴᠠᠲ ᠲᠠᠪᠴᠠᠩ