ᠲᠦᠷᠪᠡᠳᠦᠭᠡᠷ ᠪᠦᠯᠦᠭ ᠬᠦᠨᠳᠡᠯᠡᠨ ᠠᠴᠠ ᠲᠠᠰᠤᠯᠬᠤ ᠲᠢᠩᠬᠢᠮ | ᠬᠤᠷᠢᠨ ᠳᠣᠯᠣᠳᠤᠭᠠᠷ ᠵᠦᠢᠯ ᠬᠥᠨᠳᠡᠯᠡᠨ ᠠᠴᠠ ᠲᠠᠰᠤᠯᠬᠤ ᠲᠢᠩᠬᠢᠮ ᠨᠢ ᠨᠢᠭᠡ ᠪᠤᠶᠤ ᠭᠤᠷᠪᠠᠨ ᠬᠥᠨᠳᠡᠯᠡᠨ ᠠᠴᠠ ᠲᠠᠰᠤᠯᠤᠭᠴᠢ ᠪᠠᠷ ᠪᠦᠷᠢᠯᠳᠦᠨ᠎ᠡ᠃ | ᠲᠤᠬᠠᠢ ᠶᠢᠨ ᠬᠥᠮᠥᠨ ᠠᠰᠲᠠᠭᠠᠨ ᠪᠣᠯᠵᠣᠯ ᠲᠠᠢ ᠪᠤᠶᠤ ᠲᠤᠰ ᠳᠦᠷᠢᠮ ᠳᠤ ᠠᠰᠲᠠᠭᠠᠨ ᠲᠣᠭᠲᠠᠭᠠᠯ ᠲᠠᠢ ᠪᠢᠰᠢ ᠪᠠᠶᠢᠪᠠᠯ ᠬᠥᠨᠳᠡᠯᠡᠨ ᠠᠴᠠ ᠲᠠᠰᠤᠯᠬᠤ ᠲᠢᠩᠬᠢᠮ ᠨᠢ | ᠭᠤᠷᠪᠠᠨ ᠬᠥᠨᠳᠡᠯᠡᠨ ᠠᠴᠠ ᠲᠠᠰᠤᠯᠤᠭᠴᠢ ᠪᠠᠷ ᠪᠦᠷᠢᠯᠳᠦᠨ᠎ᠡ᠃ | ᠬᠤᠷᠢᠨ ᠨᠠᠢᠮᠠᠳᠤᠭᠠᠷ ᠵᠦᠢᠯ ᠬᠥᠨᠳᠡᠯᠡᠨ ᠠᠴᠠ ᠲᠠᠰᠤᠯᠬᠤ ᠲᠢᠩᠬᠢᠮ ᠨᠢ ᠭᠤᠷᠪᠠᠨ ᠬᠥᠨᠳᠡᠯᠡᠨ ᠠᠴᠠ ᠲᠠᠰᠤᠯᠤᠭᠴᠢ ᠪᠠᠷ ᠪᠦᠷᠢᠯᠳᠦᠭᠰᠡᠨ ᠪᠠᠶᠢᠪᠠᠯ᠂ | ᠭᠤᠶᠤᠴᠢᠯᠠᠭᠴᠢ ᠪᠠ ᠭᠤᠶᠤᠴᠢᠯᠠᠭᠳᠠᠭᠴᠢ ᠨᠢ ᠬᠥᠨᠳᠡᠯᠡᠨ ᠠᠴᠠ ᠲᠠᠰᠤᠯᠤᠭᠤᠯᠬᠤ ᠮᠡᠳᠡᠭᠳᠡᠯ ᠢ ᠣᠯᠣᠭᠰᠠᠨ ᠤ ᠳᠠᠷᠠᠭ᠎ᠠ ᠠᠷᠪᠠᠨ ᠲᠠᠪᠤᠨ ᠡᠳᠦᠷ ᠤᠨ ᠳᠣᠲᠣᠷ᠎ᠠ ᠲᠤᠰ | ᠲᠤᠰ ᠰᠣᠩᠭᠤᠨ ᠲᠣᠭᠲᠠᠭᠠᠬᠤ ᠪᠤᠶᠤ ᠡᠷᠬᠢᠯᠡᠭᠴᠢ ᠳᠤ ᠨᠠᠶᠢᠳᠠᠵᠤ ︽ᠬᠥᠨᠳᠡᠯᠡᠨ ᠠᠴᠠ ᠲᠠᠰᠤᠯᠤᠭᠴᠢ ᠶᠢᠨ ᠨᠡᠷᠡᠰ ᠤᠨ ᠳᠡᠪᠲᠡᠷ︾ ᠠᠴᠠ ᠨᠢᠭᠡ ᠬᠥᠨᠳᠡᠯᠡᠨ ᠠᠴᠠ | ᠲᠠᠰᠤᠯᠤᠭᠴᠢ ᠶᠢ ᠵᠢᠭᠠᠨ ᠲᠣᠭᠲᠠᠭᠠᠯᠭᠠᠬᠤ ᠬᠡᠷᠡᠭᠲᠡᠢ᠃ ᠲᠤᠬᠠᠢ ᠶᠢᠨ ᠬᠥᠮᠥᠨ ᠨᠢ ᠳᠡᠭᠡᠷ᠎ᠡ ᠳᠤᠷᠠᠳᠤᠭᠰᠠᠨ ᠬᠤᠭᠤᠴᠠᠭᠠᠨ ᠤ ᠳᠣᠲᠣᠷ᠎ᠠ ᠡᠷᠬᠢᠯᠡᠭᠴᠢ ᠶᠢ ᠰᠣᠩᠭᠤᠨ | ᠲᠣᠭᠲᠠᠭᠠᠭᠰᠠᠨ ᠦᠭᠡᠢ ᠪᠤᠶᠤ ᠡᠷᠬᠢᠯᠡᠭᠴᠢ ᠳᠤ ᠨᠠᠶᠢᠳᠠᠵᠤ ᠵᠢᠭᠠᠨ ᠲᠣᠭᠲᠠᠭᠠᠯᠭᠠᠭᠰᠠᠨ ᠦᠭᠡᠢ ᠪᠠᠶᠢᠪᠠᠯ᠂ ᠡᠷᠬᠢᠯᠡᠭᠴᠢ ᠠᠴᠠ ᠵᠢᠭᠠᠨ ᠲᠣᠭᠲᠠᠭᠠᠨ᠎ᠠ᠃ ᠭᠤᠷᠪᠠᠳᠤᠭᠠᠷ | ᠨᠡᠷᠡᠰ ᠬᠥᠨᠳᠡᠯᠡᠨ ᠠᠴᠠ ᠲᠠᠰᠤᠯᠤᠭᠴᠢ ᠶᠢ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠨᠢ ᠭᠤᠶᠤᠴᠢᠯᠠᠭᠳᠠᠭᠴᠢ ᠬᠥᠨᠳᠡᠯᠡᠨ ᠠᠴᠠ ᠲᠠᠰᠤᠯᠤᠭᠤᠯᠬᠤ ᠮᠡᠳᠡᠭᠳᠡᠯ ᠢ | ᠣᠯᠣᠭᠰᠠᠨ ᠤ ᠲᠡᠷᠠᠭ᠎ᠠ ᠠᠷᠪᠠᠨ ᠲᠠᠪᠤᠨ ᠡᠳᠦᠷ ᠤᠨ ᠳᠣᠲᠣᠷ᠎ᠠ ᠬᠠᠮᠲᠤ ᠪᠠᠷ ᠰᠣᠩᠭᠤᠨ ᠲᠣᠭᠲᠠᠭᠠᠬᠤ ᠪᠤᠶᠤ ᠬᠠᠮᠲᠤ ᠪᠠᠷ ᠡᠷᠬᠢᠯᠡᠭᠴᠢ ᠳᠤ ᠨᠠᠶᠢᠳᠠᠵᠤ ︽ | ᠬᠥᠨᠳᠡᠯᠡᠨ ᠠᠴᠠ ᠲᠠᠰᠤᠯᠤᠭᠴᠢ ᠶᠢᠨ ᠨᠡᠷᠡᠰ ᠤᠨ ᠲᠡᠩᠰᠠ︾ ᠠᠴᠠ ᠵᠢᠭᠠᠨ ᠲᠣᠭᠲᠠᠭᠠᠯᠭᠠᠨ᠎ᠠ᠃ ᠭᠤᠷᠪᠠᠳᠤᠭᠠᠷ ᠨᠡᠷᠡᠰ ᠬᠥᠨᠳᠡᠯᠡᠨ ᠠᠴᠠ ᠲᠠᠰᠤᠯᠤᠭᠴᠢ ᠨᠢ | ᠬᠥᠨᠳᠡᠯᠡᠨ ᠠᠴᠠ ᠲᠠᠰᠤᠯᠬᠤ ᠲᠢᠩᠬᠢᠮ ᠤᠨ ᠲᠦᠷᠦᠭᠦᠦ ᠬᠥᠨᠳᠡᠯᠡᠨ ᠠᠴᠠ ᠲᠠᠰᠤᠯᠤᠭᠴᠢ ᠪᠣᠯᠣᠨ᠎ᠠ᠃ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠨᠢ ᠲᠤᠰ | ᠲᠤᠰ ᠲᠠᠭᠠᠨ ᠨᠢᠭᠡ ᠠᠴᠠ ᠲᠠᠪᠤᠨ ᠵᠢᠱᠢᠭᠳᠡᠭᠰᠡᠳ ᠢ ᠲᠦᠷᠦᠭᠦᠦ ᠬᠥᠨᠳᠡᠯᠡᠨ ᠠᠴᠠ ᠲᠠᠰᠤᠯᠤᠭᠴᠢ ᠶᠢᠨ ᠵᠢᠱᠢᠭᠳᠡᠭᠴᠢ ᠪᠠᠷ ᠲᠠᠨᠢᠯᠴᠠᠭᠤᠯᠵᠤ ᠪᠣᠯᠬᠤ ᠪᠥᠭᠡᠳ ᠲᠤᠰ | ᠵᠦᠢᠯ ᠤᠨ ᠬᠤᠶᠠᠳᠤᠭᠠᠷ ᠪᠠᠳᠠᠭ ᠲᠤ ᠲᠣᠭᠲᠠᠭᠠᠭᠰᠠᠨ ᠬᠤᠭᠤᠴᠠᠭᠠᠨ ᠳᠤ ᠲᠠᠨᠢᠯᠴᠠᠭᠤᠯᠤᠭᠰᠠᠨ ᠨᠡᠷᠡᠰ ᠢᠶᠠᠨ ᠳᠡᠪᠰᠢᠭᠦᠯᠵᠦ ᠪᠣᠯᠣᠨ᠎ᠠ᠃ | ᠬᠤᠶᠠᠷ ᠲᠠᠯ᠎ᠠ ᠶᠢᠨ ᠲᠤᠬᠠᠢ ᠶᠢᠨ ᠬᠥᠮᠥᠨ ᠤ ᠲᠠᠨᠢᠯᠴᠠᠭᠤᠯᠤᠭᠰᠠᠨ ᠨᠡᠷᠡᠰ ᠤᠨ ᠳᠣᠲᠣᠷᠠᠬᠢ ᠨᠢᠭᠡ ᠵᠢᠱᠢᠭᠳᠡᠭᠴᠢ ᠨᠢ ᠠᠳᠠᠯᠢ ᠪᠠᠶᠢᠪᠠᠯ᠂ ᠲᠤᠰ ᠵᠢᠱᠢᠭᠳᠡᠭᠴᠢ ᠨᠢ | ᠬᠤᠶᠠᠷ ᠲᠠᠯ᠎ᠠ ᠶᠢᠨ ᠲᠤᠬᠠᠢ ᠶᠢᠨ ᠬᠥᠮᠥᠨ ᠤ ᠬᠠᠮᠲᠤ ᠪᠠᠷ ᠰᠣᠩᠭᠤᠨ ᠲᠣᠭᠲᠠᠭᠠᠭᠰᠠᠨ ᠲᠦᠷᠦᠭᠦᠦ ᠬᠥᠨᠳᠡᠯᠡᠨ ᠠᠴᠠ ᠲᠠᠰᠤᠯᠤᠭᠴᠢ ᠪᠣᠯᠣᠨ᠎ᠠ︔ ᠨᠢᠭᠡ ᠠᠴᠠ | ᠳᠡᠭᠡᠭᠰᠢ ᠵᠢᠱᠢᠭᠳᠡᠭᠴᠢ ᠨᠢ ᠠᠳᠠᠯᠢ ᠪᠠᠶᠢᠪᠠᠯ᠂ ᠡᠷᠬᠢᠯᠡᠭᠴᠢ ᠠᠴᠠ ᠬᠡᠷᠡᠭ ᠤᠨ ᠪᠣᠳᠠᠲᠤ ᠪᠠᠶᠢᠳᠠᠯ ᠢ ᠦᠨᠳᠦᠰᠦᠯᠡᠨ ᠠᠳᠠᠯᠢ ᠵᠢᠱᠢᠭᠳᠡᠭᠴᠢ ᠶᠢᠨ ᠳᠣᠲᠣᠷ᠎ᠠ ᠠᠴᠠ | ᠲᠦᠷᠦᠭᠦᠦ ᠬᠥᠨᠳᠡᠯᠡᠨ ᠠᠴᠠ ᠲᠠᠰᠤᠯᠤᠭᠴᠢ ᠶᠢ ᠨᠢᠭᠡ ᠲᠣᠭᠲᠠᠭᠠᠨ᠎ᠠ᠂ ᠲᠤᠰ ᠲᠦᠷᠦᠭᠦᠦ ᠬᠥᠨᠳᠡᠯᠡᠨ ᠠᠴᠠ ᠲᠠᠰᠤᠯᠤᠭᠴᠢ ᠨᠢ ᠮᠥᠨ ᠯᠡ ᠬᠤᠶᠠᠷ ᠡᠲᠡᠭᠡᠳ ᠤᠨ | ᠬᠠᠮᠲᠤ ᠪᠠᠷ ᠰᠣᠩᠭᠤᠨ ᠲᠣᠭᠲᠠᠭᠠᠭᠰᠠᠨ ᠲᠦᠷᠦᠭᠦᠦ ᠬᠥᠨᠳᠡᠯᠡᠨ ᠠᠴᠠ ᠲᠠᠰᠤᠯᠤᠭᠴᠢ ᠪᠣᠯᠣᠨ᠎ᠠ︔ ᠲᠠᠨᠢᠯᠴᠠᠭᠤᠯᠤᠭᠰᠠᠨ ᠨᠡᠷᠡᠰ ᠤᠨ ᠳᠣᠲᠣᠷ᠎ᠠ ᠠᠳᠠᠯᠢ ᠵᠢᠱᠢᠭᠳᠡᠭᠴᠢ | ᠪᠠᠶᠢᠬᠤ ᠦᠭᠡᠢ ᠦᠶ᠎ᠡ ᠳᠤ᠂ ᠲᠦᠷᠦᠭᠦᠦ ᠬᠥᠨᠳᠡᠯᠡᠨ ᠠᠴᠠ ᠲᠠᠰᠤᠯᠤᠭᠴᠢ ᠶᠢ ᠡᠷᠬᠢᠯᠡᠭᠴᠢ ᠨᠢ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠤ ᠲᠠᠨᠢᠯᠴᠠᠭᠤᠯᠤᠭᠰᠠᠨ | ᠨᠡᠷᠡᠰ ᠠᠴᠠ ᠭᠠᠳᠠᠨᠠᠬᠢ ︽ᠬᠥᠨᠳᠡᠯᠡᠨ ᠠᠴᠠ ᠲᠠᠰᠤᠯᠤᠭᠴᠢ ᠶᠢᠨ ᠨᠡᠷᠡᠰ ᠤᠨ ᠳᠡᠪᠲᠡᠷ︾ ᠠᠴᠠ ᠠᠰ ᠲᠤᠨᠢ ᠵᠢᠭᠠᠨ ᠲᠣᠭᠲᠠᠭᠠᠵᠤ ᠭᠠᠷᠭᠠᠨ᠎ᠠ᠂ ᠭᠡᠪᠡᠴᠦ ᠲᠤᠰ | ᠲᠦᠷᠦᠭᠦᠦ ᠬᠥᠨᠳᠡᠯᠡᠨ ᠠᠴᠠ ᠲᠠᠰᠤᠯᠤᠭᠴᠢ ᠶᠢ ᠲᠠᠨᠢᠯᠴᠠᠭᠤᠯᠤᠭᠰᠠᠨ ᠦᠭᠡᠢ ᠲᠤᠬᠠᠢ ᠶᠢᠨ ᠬᠥᠮᠥᠨ ᠤ ᠵᠥᠪᠰᠢᠶᠡᠷᠡᠯ ᠢ ᠨᠢᠭᠡᠨᠲᠡ ᠣᠯᠣᠭᠰᠠᠨ ᠪᠠᠶᠢᠪᠠᠯ ᠡᠭᠦᠨ ᠳᠤ | ᠪᠠᠭᠲᠠᠬᠤ ᠦᠭᠡᠢ᠃ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠨᠢ ᠳᠡᠭᠡᠷ᠎ᠡ ᠳᠤᠷᠠᠳᠤᠭᠰᠠᠨ ᠲᠣᠭᠲᠠᠭᠠᠯ ᠶᠣᠰᠣᠭᠠᠷ ᠲᠦᠷᠦᠭᠦᠦ ᠬᠥᠨᠳᠡᠯᠡᠨ ᠠᠴᠠ ᠲᠠᠰᠤᠯᠤᠭᠴᠢ ᠶᠢ | ᠬᠠᠮᠲᠤ ᠪᠠᠷ ᠰᠣᠩᠭᠤᠨ ᠲᠣᠭᠲᠠᠭᠠᠵᠤ ᠴᠢᠳᠠᠭᠰᠠᠨ ᠦᠭᠡᠢ ᠪᠠᠶᠢᠪᠠᠯ᠂ ᠡᠷᠬᠢᠯᠡᠭᠴᠢ ᠠᠴᠠ ᠲᠦᠷᠦᠭᠦᠦ ᠬᠥᠨᠳᠡᠯᠡᠨ ᠠᠴᠠ ᠲᠠᠰᠤᠯᠤᠭᠴᠢ ᠶᠢ ᠵᠢᠭᠠᠨ ᠲᠣᠭᠲᠠᠭᠠᠨ᠎ᠠ᠃ | ᠬᠥᠭᠡᠷᠦᠭᠦᠯᠬᠦ ᠡᠮ ᠢ ᠡᠰᠡᠷᠭᠦᠴᠡᠬᠦ ᠲᠠᠢ ᠬᠤᠯᠪᠣᠭᠳᠠᠯ ᠪᠦᠬᠦᠢ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠳᠤ ᠠᠳᠠᠭ ᠲᠠᠭᠠᠨ ᠨᠢᠭᠡ ᠬᠠᠤᠯᠢ ᠶᠢᠨ | ᠤᠬᠠᠭᠠᠨ ᠤ ᠠᠬᠤᠢ ᠪᠠᠶᠢᠳᠠᠯ ᠪᠤᠶᠤ ᠬᠠᠤᠯᠢ ᠴᠠᠭᠠᠵᠠ ᠶᠢᠨ ᠲᠤᠰᠬᠠᠢ ᠮᠡᠷᠭᠡᠵᠢᠯ ᠤᠨ ᠲᠤᠷᠰᠢᠯᠭ᠎ᠠ ᠲᠠᠢ ᠬᠥᠨᠳᠡᠯᠡᠨ ᠠᠴᠠ ᠲᠠᠰᠤᠯᠤᠭᠴᠢ ᠪᠠᠶᠢᠬᠤ ᠬᠡᠷᠡᠭᠲᠡᠢ᠃ ᠬᠤᠶᠠᠷ | ᠲᠠᠯ᠎ᠠ ᠶᠢᠨ ᠲᠤᠬᠠᠢ ᠶᠢᠨ ᠬᠥᠮᠥᠨ ᠨᠢ ᠲᠤᠰ ᠵᠦᠢᠯ ᠤᠨ ᠭᠤᠷᠪᠠᠳᠤᠭᠠᠷ ᠪᠠᠳᠠᠭ᠂ ᠳᠥᠷᠪᠡᠳᠦᠭᠡᠷ ᠪᠠᠳᠠᠭ ᠤᠨ ᠲᠣᠭᠲᠠᠭᠠᠯ ᠶᠣᠰᠣᠭᠠᠷ᠂ ︽ᠬᠥᠭᠡᠷᠦᠭᠦᠯᠬᠦ ᠡᠮ ᠢ | ᠡᠰᠡᠷᠭᠦᠴᠡᠬᠦ ᠬᠥᠨᠳᠡᠯᠡᠨ ᠠᠴᠠ ᠲᠠᠰᠤᠯᠤᠭᠴᠢ ᠶᠢᠨ ᠨᠡᠷᠡᠰ ᠤᠨ ᠳᠡᠪᠲᠡᠷ︾ ᠠᠴᠠ ᠠᠳᠠᠭ ᠲᠠᠭᠠᠨ ᠨᠢᠭᠡ ᠬᠥᠨᠳᠡᠯᠡᠨ ᠠᠴᠠ ᠲᠠᠰᠤᠯᠤᠭᠴᠢ ᠶᠢ ᠰᠣᠩᠭᠤᠬᠤ ᠬᠡᠷᠡᠭᠲᠡᠢ᠃ | | ᠬᠤᠷᠢ ᠶᠢᠰᠦᠳᠦᠭᠡᠷ ᠵᠦᠢᠯ ᠬᠥᠨᠳᠡᠯᠡᠨ ᠠᠴᠠ ᠲᠠᠰᠤᠯᠬᠤ ᠲᠢᠩᠬᠢᠮ ᠨᠢ ᠨᠢᠭᠡ ᠬᠥᠨᠳᠡᠯᠡᠨ ᠠᠴᠠ ᠲᠠᠰᠤᠯᠤᠭᠴᠢ ᠪᠠᠷ ᠪᠦᠷᠢᠯᠳᠦᠭᠰᠡᠨ ᠪᠠᠶᠢᠪᠠᠯ᠂ ᠲᠤᠰ | ᠳᠦᠷᠢᠮ ᠤᠨ ᠬᠤᠷᠢᠨ ᠨᠠᠢᠮᠠᠳᠤᠭᠠᠷ ᠵᠦᠢᠯ ᠤᠨ ᠬᠤᠶᠠᠳᠤᠭᠠᠷ ᠪᠠᠳᠠᠭ ᠠᠴᠠ ᠳᠥᠷᠪᠡᠳᠦᠭᠡᠷ ᠪᠠᠳᠠᠭ ᠬᠦᠷᠲᠡᠯᠡᠬᠢ ᠲᠣᠭᠲᠠᠭᠠᠯ ᠢᠶᠠᠷ ᠯᠠᠪᠯᠠᠯᠲᠠ ᠪᠣᠯᠭᠠᠵᠤ ᠲᠤᠰᠠᠭᠠᠷ | ᠬᠥᠨᠳᠡᠯᠡᠨ ᠠᠴᠠ ᠲᠠᠰᠤᠯᠤᠭᠴᠢ ᠶᠢ ᠰᠣᠩᠭᠤᠨ ᠲᠣᠭᠲᠠᠭᠠᠬᠤ ᠪᠤᠶᠤ ᠵᠢᠭᠠᠨ ᠲᠣᠭᠲᠠᠭᠠᠨ᠎ᠠ᠃ ᠬᠥᠭᠡᠷᠦᠭᠦᠯᠬᠦ ᠡᠮ ᠢ ᠡᠰᠡᠷᠭᠦᠴᠡᠬᠦ ᠳᠤ ᠬᠤᠯᠪᠣᠭᠳᠠᠬᠤ ᠪᠡᠶ᠎ᠡ ᠶᠢᠨ | ᠲᠠᠮᠢᠷ ᠤᠨ ᠬᠥᠨᠳᠡᠯᠡᠨ ᠠᠴᠠ ᠲᠠᠰᠤᠯᠬᠤ ᠳᠤ᠂ ᠲᠤᠰᠠᠭᠠᠷ ᠬᠥᠨᠳᠡᠯᠡᠨ ᠠᠴᠠ ᠲᠠᠰᠤᠯᠤᠭᠴᠢ ᠨᠢ ᠬᠠᠤᠯᠢ ᠶᠢᠨ ᠤᠬᠠᠭᠠᠨ ᠤ ᠠᠬᠤᠢ ᠪᠠᠶᠢᠳᠠᠯ ᠪᠠ ᠬᠠᠤᠯᠢ ᠴᠠᠭᠠᠵᠠ ᠶᠢᠨ | ᠲᠤᠰᠬᠠᠢ ᠮᠡᠷᠭᠡᠵᠢᠯ ᠤᠨ ᠲᠤᠷᠰᠢᠯᠭ᠎ᠠ ᠲᠠᠢ ᠪᠠᠶᠢᠬᠤ ᠬᠡᠷᠡᠭᠲᠡᠢ᠃ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠨᠢ ᠲᠤᠰ ᠳᠦᠷᠢᠮ ᠤᠨ ᠬᠤᠷᠢᠨ ᠨᠠᠢᠮᠠᠳᠤᠭᠠᠷ ᠵᠦᠢᠯ ᠤᠨ | ᠭᠤᠷᠪᠠᠳᠤᠭᠠᠷ ᠪᠠᠳᠠᠭ᠂ ᠳᠥᠷᠪᠡᠳᠦᠭᠡᠷ ᠪᠠᠳᠠᠭ ᠤᠨ ᠲᠣᠭᠲᠠᠭᠠᠯ ᠢᠶᠠᠷ ᠯᠠᠪᠯᠠᠯᠲᠠ ᠪᠣᠯᠭᠠᠵᠤ᠂ ︽ᠬᠥᠭᠡᠷᠦᠭᠦᠯᠬᠦ ᠡᠮ ᠢ ᠡᠰᠡᠷᠭᠦᠴᠡᠬᠦ ᠬᠥᠨᠳᠡᠯᠡᠨ ᠠᠴᠠ | ᠲᠠᠰᠤᠯᠤᠭᠴᠢ ᠶᠢᠨ ᠨᠡᠷᠡᠰ ᠤᠨ ᠳᠡᠪᠲᠡᠷ︾ ᠠᠴᠠ ᠨᠢᠭᠡ ᠬᠥᠨᠳᠡᠯᠡᠨ ᠠᠴᠠ ᠲᠠᠰᠤᠯᠤᠭᠴᠢ ᠶᠢ ᠰᠣᠩᠭᠤᠬᠤ ᠬᠡᠷᠡᠭᠲᠡᠢ᠃ | ᠭᠤᠴᠢᠳᠤᠭᠠᠷ ᠵᠦᠢᠯ ᠬᠥᠨᠳᠡᠯᠡᠨ ᠠᠴᠠ ᠲᠠᠰᠤᠯᠬᠤ ᠬᠡᠷᠡᠭ ᠤᠨ ᠭᠤᠶᠤᠴᠢᠯᠠᠭᠴᠢ᠂ ᠭᠤᠶᠤᠴᠢᠯᠠᠭᠳᠠᠭᠴᠢ ᠨᠢ ᠬᠤᠶᠠᠷ ᠪᠤᠶᠤ ᠬᠤᠶᠠᠷ ᠠᠴᠠ ᠳᠡᠭᠡᠭᠰᠢ ᠪᠠᠶᠢᠪᠠᠯ᠂ | ᠭᠤᠶᠤᠴᠢᠯᠠᠭᠴᠢ᠂ ᠭᠤᠶᠤᠴᠢᠯᠠᠭᠳᠠᠭᠴᠢ ᠨᠢ ᠲᠤᠰ ᠲᠤᠰ ᠲᠠᠭᠠᠨ ᠵᠥᠪᠳᠡᠯᠴᠡᠵᠦ᠂ ᠬᠠᠮᠲᠤ ᠪᠠᠷ ᠰᠣᠩᠭᠤᠨ ᠲᠣᠭᠲᠠᠭᠠᠬᠤ ᠪᠤᠶᠤ ᠬᠠᠮᠲᠤ ᠪᠠᠷ ᠡᠷᠬᠢᠯᠡᠭᠴᠢ ᠳᠤ | ᠨᠠᠶᠢᠳᠠᠵᠤ ᠨᠢᠭᠡ ᠬᠥᠨᠳᠡᠯᠡᠨ ᠠᠴᠠ ᠲᠠᠰᠤᠯᠤᠭᠴᠢ ᠶᠢ ᠵᠢᠭᠠᠨ ᠲᠣᠭᠲᠠᠭᠠᠯᠭᠠᠬᠤ ᠬᠡᠷᠡᠭᠲᠡᠢ᠃ ᠲᠦᠷᠦᠭᠦᠦ ᠬᠥᠨᠳᠡᠯᠡᠨ ᠠᠴᠠ ᠲᠠᠰᠤᠯᠤᠭᠴᠢ ᠪᠤᠶᠤ ᠭᠠᠭᠴᠠᠭᠠᠷ | ᠬᠥᠨᠳᠡᠯᠡᠨ ᠠᠴᠠ ᠲᠠᠰᠤᠯᠤᠭᠴᠢ ᠶᠢ ᠲᠤᠰ ᠲᠦᠷᠢᠮ ᠤᠨ ᠬᠤᠷᠢᠨ ᠨᠠᠢᠮᠠᠳᠤᠭᠠᠷ ᠵᠦᠢᠯ ᠤᠨ ᠬᠤᠶᠠᠳᠤᠭᠠᠷ ᠪᠠᠳᠠᠭ ᠠᠴᠠ ᠳᠥᠷᠪᠡᠳᠦᠭᠡᠷ ᠪᠠᠳᠠᠭ ᠬᠦᠷᠲᠡᠯᠡᠬᠢ | ᠲᠣᠭᠲᠠᠭᠠᠯ ᠶᠣᠰᠣᠭᠠᠷ ᠰᠣᠩᠭᠤᠨ ᠲᠣᠭᠲᠠᠭᠠᠬᠤ ᠪᠤᠶᠤ ᠵᠢᠭᠠᠨ ᠲᠣᠭᠲᠠᠭᠠᠬᠤ ᠬᠡᠷᠡᠭᠲᠡᠢ᠃ ᠭᠤᠶᠤᠴᠢᠯᠠᠭᠴᠢ᠂ ᠭᠤᠶᠤᠴᠢᠯᠠᠭᠳᠠᠭᠴᠢ ᠲᠤᠰ ᠳᠦᠷᠢᠮ ᠤᠨ ᠬᠤᠷᠢᠨ | ᠨᠠᠢᠮᠠᠳᠤᠭᠠᠷ ᠵᠦᠢᠯ ᠤᠨ ᠭᠤᠷᠪᠠᠳᠤᠭᠠᠷ ᠪᠠᠳᠠᠭ ᠤᠨ ᠲᠣᠭᠲᠠᠭᠠᠯ ᠶᠣᠰᠣᠭᠠᠷ ᠲᠦᠷᠦᠭᠦᠦ ᠬᠥᠨᠳᠡᠯᠡᠨ ᠠᠴᠠ ᠲᠠᠰᠤᠯᠤᠭᠴᠢ ᠪᠤᠶᠤ ᠲᠤᠰᠠᠭᠠᠷ ᠬᠥᠨᠳᠡᠯᠡᠨ ᠠᠴᠠ | ᠲᠠᠰᠤᠯᠤᠭᠴᠢ ᠶᠢ ᠰᠣᠩᠭᠤᠨ ᠲᠣᠭᠲᠠᠭᠠᠬᠤ ᠳᠠᠭᠠᠨ ᠬᠠᠮᠲᠤ ᠪᠠᠷ ᠵᠥᠪᠳᠡᠯᠴᠡᠵᠦ᠂ ᠬᠠᠮᠲᠤ ᠪᠠᠷ ᠰᠣᠩᠭᠤᠨ ᠲᠣᠭᠲᠠᠭᠠᠭᠰᠠᠨ ᠵᠢᠱᠢᠭᠳᠡᠭᠰᠡᠳ ᠤᠨ ᠨᠡᠷᠡᠰ ᠢ | ᠳᠡᠪᠰᠢᠭᠦᠯᠦᠨ ᠲᠤᠰᠢᠶᠠᠬᠤ ᠬᠡᠷᠡᠭᠲᠡᠢ᠃ ᠬᠡᠷᠪᠡ ᠭᠤᠶᠤᠴᠢᠯᠠᠭᠴᠢ᠂ ᠭᠤᠶᠤᠴᠢᠯᠠᠭᠳᠠᠭᠴᠢ ᠨᠢ ᠬᠥᠨᠳᠡᠯᠡᠨ ᠠᠴᠠ ᠲᠠᠰᠤᠯᠤᠭᠤᠯᠬᠤ ᠮᠡᠳᠡᠭᠳᠡᠯ ᠢ ᠣᠯᠣᠭᠰᠠᠨ ᠤ ᠲᠠᠷᠠᠭ᠎ᠠ | ᠠᠷᠪᠠᠨ ᠲᠠᠪᠤᠨ ᠡᠳᠦᠷ ᠤᠨ ᠳᠣᠲᠣᠷ᠎ᠠ ᠬᠠᠮᠲᠤ ᠪᠠᠷ ᠰᠣᠩᠭᠤᠨ ᠲᠣᠭᠲᠠᠭᠠᠭᠰᠠᠨ ᠪᠤᠶᠤ ᠬᠠᠮᠲᠤ ᠪᠠᠷ ᠡᠷᠬᠢᠯᠡᠭᠴᠢ ᠳᠤ ᠨᠠᠶᠢᠳᠠᠵᠤ ᠨᠢᠭᠡ ᠬᠥᠨᠳᠡᠯᠡᠨ ᠠᠴᠠ | ᠲᠠᠰᠤᠯᠤᠭᠴᠢ ᠶᠢ ᠵᠢᠭᠠᠨ ᠲᠣᠭᠲᠠᠭᠠᠯᠭᠠᠵᠤ ᠴᠢᠳᠠᠭᠰᠠᠨ ᠦᠭᠡᠢ ᠪᠠᠶᠢᠪᠠᠯ᠂ ᠡᠷᠬᠢᠯᠡᠭᠴᠢ ᠠᠴᠠ ᠭᠤᠷᠪᠠᠨ ᠬᠥᠨᠳᠡᠯᠡᠨ ᠠᠴᠠ ᠲᠠᠰᠤᠯᠤᠭᠴᠢ ᠶᠢ ᠵᠢᠭᠠᠨ ᠲᠣᠭᠲᠠᠭᠠᠵᠤ | ᠬᠥᠨᠳᠡᠯᠡᠨ ᠠᠴᠠ ᠲᠠᠰᠤᠯᠬᠤ ᠲᠢᠩᠬᠢᠮ ᠢ ᠪᠦᠷᠢᠯᠳᠦᠭᠦᠯᠬᠦ ᠶᠢᠨ ᠬᠠᠮᠲᠤ ᠲᠡᠭᠦᠨ ᠤ ᠳᠣᠲᠣᠷ᠎ᠠ ᠠᠴᠠ ᠨᠢᠭᠡ ᠬᠥᠮᠥᠨ ᠢ ᠲᠦᠷᠦᠭᠦᠦ ᠬᠥᠨᠳᠡᠯᠡᠨ ᠠᠴᠠ ᠲᠠᠰᠤᠯᠤᠭᠴᠢ ᠪᠠᠷ | ᠲᠣᠭᠲᠠᠭᠠᠨ᠎ᠠ᠃ | ᠭᠤᠴᠢᠨ ᠨᠢᠭᠡᠳᠦᠭᠡᠷ ᠵᠦᠢᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠨᠢ ᠬᠥᠨᠳᠡᠯᠡᠨ ᠠᠴᠠ ᠲᠠᠰᠤᠯᠬᠤ ᠲᠢᠩᠬᠢᠮ ᠢ ᠪᠦᠷᠢᠯᠳᠦᠭᠦᠯᠦᠭᠰᠡᠨ | ᠡᠳᠦᠷ ᠠᠴᠠ ᠡᠬᠢᠯᠡᠨ ᠲᠠᠪᠤᠨ ᠡᠳᠦᠷ ᠤᠨ ᠳᠣᠲᠣᠷ᠎ᠠ ᠲᠢᠩᠬᠢᠮ ᠪᠠᠶᠢᠭᠤᠯᠤᠭᠰᠠᠨ ᠪᠠᠶᠢᠳᠠᠯ ᠢᠶᠠᠨ ᠲᠤᠬᠠᠢ ᠶᠢᠨ ᠬᠥᠮᠥᠨ ᠳᠤ ᠪᠢᠴᠢᠭ ᠢᠶᠠᠷ ᠮᠡᠳᠡᠭᠳᠡᠬᠦ ᠬᠡᠷᠡᠭᠲᠡᠢ᠃ | ᠭᠤᠴᠢᠨ ᠬᠤᠶᠠᠳᠤᠭᠠᠷ ᠵᠦᠢᠯ ᠬᠥᠨᠳᠡᠯᠡᠨ ᠠᠴᠠ ᠲᠠᠰᠤᠯᠤᠭᠴᠢ ᠨᠢ ᠰᠢᠭᠦᠬᠦ ᠲᠢᠩᠬᠢᠮ ᠤᠨ ᠵᠣᠬᠢᠶᠠᠨ ᠪᠠᠶᠢᠭᠤᠯᠬᠤ ᠮᠡᠳᠡᠭᠳᠡᠯ ᠢ ᠣᠯᠣᠭᠰᠠᠨ ᠤ ᠲᠠᠷᠠᠭ᠎ᠠ | ᠢᠯᠡᠷᠬᠡᠶᠢᠯᠡᠯᠲᠡ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠪᠡᠶ᠎ᠡ ᠪᠠᠨ ᠳᠠᠭᠠᠭᠠᠬᠤ᠂ ᠲᠥᠪ ᠭᠤᠣᠯᠴᠢ ᠪᠠᠷ ᠬᠥᠨᠳᠡᠯᠡᠨ ᠠᠴᠠ ᠲᠠᠰᠤᠯᠬᠤ ᠪᠠᠷ ᠠᠮᠠᠯᠠᠬᠤ | ᠬᠡᠷᠡᠭᠲᠡᠢ ᠪᠥᠭᠡᠳ ᠲᠡᠭᠦᠨ ᠤ ᠣᠯᠵᠤ ᠮᠡᠳᠡᠭᠰᠡᠨ ᠪᠡᠶ᠎ᠡ ᠪᠠᠨ ᠳᠠᠭᠠᠭᠠᠬᠤ ᠴᠢᠨᠠᠷ᠂ ᠲᠥᠪ ᠭᠤᠣᠯᠴᠢ ᠴᠢᠨᠠᠷ ᠲᠤ ᠵᠦᠢ ᠵᠣᠬᠢᠰᠲᠠᠢ ᠰᠡᠵᠢᠭᠯᠡᠯ ᠡᠭᠦᠰᠬᠡᠵᠦ ᠮᠡᠳᠡᠬᠦ | ᠪᠠᠶᠢᠳᠠᠯ ᠢ ᠰᠠᠨᠠᠭᠠᠴᠢᠯᠠᠭ᠎ᠠ ᠠᠴᠠ ᠪᠠᠨ ᠪᠢᠴᠢᠭ ᠢᠶᠠᠷ ᠨᠡᠶᠢᠲᠡᠯᠡᠬᠦ ᠬᠡᠷᠡᠭᠲᠡᠢ᠃ ᠬᠥᠨᠳᠡᠯᠡᠨ ᠠᠴᠠ ᠲᠠᠰᠤᠯᠤᠭᠴᠢ ᠠᠴᠠ ᠨᠡᠶᠢᠲᠡᠯᠡᠬᠦ ᠶᠣᠰᠣᠲᠠᠢ ᠪᠠᠶᠢᠳᠠᠯ ᠨᠢ ᠵᠠᠶᠢᠯᠠᠬᠤ | ᠶᠣᠰᠣᠲᠠᠢ ᠤᠴᠢᠷ ᠰᠢᠯᠲᠠᠭᠠᠨ ᠢ ᠭᠦᠢᠴᠡᠳ ᠪᠦᠷᠢᠯᠳᠦᠭᠦᠯᠵᠦ ᠴᠢᠳᠠᠨ᠎ᠠ ᠭᠡᠵᠦ ᠦᠵᠡᠭᠰᠡᠨ ᠪᠠᠶᠢᠪᠠᠯ ᠰᠠᠨᠠᠭᠠᠴᠢᠯᠠᠭ᠎ᠠ ᠠᠴᠠ ᠪᠠᠨ ᠵᠠᠶᠢᠯᠠᠬᠤ ᠬᠡᠷᠡᠭᠲᠡᠢ᠃ ᠨᠡᠶᠢᠲᠡᠯᠡᠬᠦ | ᠶᠣᠰᠣᠲᠠᠢ ᠪᠠᠶᠢᠳᠠᠯ ᠨᠢ ᠢᠯᠡᠷᠬᠡᠶᠢᠯᠡᠯᠲᠡ ᠶᠢᠨ ᠪᠢᠴᠢᠭ ᠲᠤ ᠭᠠᠷ ᠤᠨ ᠦᠰᠦᠭ ᠵᠢᠷᠤᠭᠰᠠᠨ ᠤ ᠳᠠᠷᠠᠭ᠎ᠠ ᠢᠯᠡᠷᠡᠭᠰᠡᠨ ᠪᠠᠶᠢᠪᠠᠯ᠂ ᠬᠥᠨᠳᠡᠯᠡᠨ ᠠᠴᠠ ᠲᠠᠰᠤᠯᠤᠭᠴᠢ ᠴᠠᠭ | ᠲᠤᠬᠠᠢ ᠳᠤᠨᠢ ᠰᠠᠨᠠᠭᠠᠴᠢᠯᠠᠭ᠎ᠠ ᠠᠴᠠ ᠪᠠᠨ ᠪᠢᠴᠢᠭ ᠢᠶᠠᠷ ᠨᠡᠶᠢᠲᠡᠯᠡᠬᠦ ᠬᠡᠷᠡᠭᠲᠡᠢ᠃ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠨᠢ ᠨᠡᠶᠢᠲᠡᠯᠡᠬᠦ ᠤᠴᠢᠷ | ᠶᠠᠪᠤᠳᠠᠯ ᠣᠷᠣᠰᠢᠵᠤ ᠪᠠᠶᠢᠬᠤ ᠢᠯᠡᠷᠬᠡᠶᠢᠯᠡᠯᠲᠡ ᠶᠢᠨ ᠪᠢᠴᠢᠭ ᠢ ᠣᠯᠣᠭᠰᠠᠨ ᠤ ᠲᠠᠷᠠᠭ᠎ᠠ᠂ ᠲᠤᠬᠠᠢ ᠶᠢᠨ ᠬᠥᠮᠥᠨ ᠳᠤ ᠴᠠᠭ ᠲᠤᠬᠠᠢ ᠳᠤᠨᠢ ᠶᠠᠪᠤᠭᠤᠯᠵᠤ ᠥᠭᠬᠦ | ᠬᠡᠷᠡᠭᠲᠡᠢ᠃ | ᠭᠤᠴᠢᠨ ᠭᠤᠷᠪᠠᠳᠤᠭᠠᠷ ᠵᠦᠢᠯ ᠬᠥᠨᠳᠡᠯᠡᠨ ᠠᠴᠠ ᠲᠠᠰᠤᠯᠤᠭᠴᠢ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠵᠠᠶᠢᠯᠠᠬᠤ ᠬᠡᠷᠡᠭᠲᠡᠢ᠂ | ᠲᠤᠬᠠᠢ ᠶᠢᠨ ᠬᠥᠮᠥᠨ ᠴᠦ ᠵᠠᠶᠢᠯᠠᠭᠤᠯᠬᠤ ᠭᠤᠶᠤᠴᠢᠯᠠᠯ ᠭᠠᠷᠭᠠᠬᠤ ᠡᠷᠬᠡ ᠲᠠᠢ᠄ | ︵ᠨᠢᠭᠡ︶ ᠲᠤᠰ ᠬᠡᠷᠡᠭ ᠤᠨ ᠲᠤᠬᠠᠢ ᠶᠢᠨ ᠬᠥᠮᠥᠨ ᠪᠤᠶᠤ ᠲᠤᠬᠠᠢ ᠶᠢᠨ ᠬᠥᠮᠥᠨ ᠪᠠ ᠣᠷᠣᠯᠠᠭᠴᠢ ᠶᠢᠨ ᠣᠶᠢᠷ᠎ᠠ ᠲᠦᠷᠦᠯ ᠰᠡᠳᠦᠠ︔ | ︵ᠬᠤᠶᠠᠷ︶ ᠬᠥᠨᠳᠡᠯᠡᠨ ᠠᠴᠠ ᠲᠠᠰᠤᠯᠤᠭᠴᠢ ᠪᠤᠶᠤ ᠲᠡᠭᠦᠨ ᠤ ᠣᠶᠢᠷ᠎ᠠ ᠲᠦᠷᠦᠯ ᠰᠡᠳᠦᠠ ᠨᠢ ᠲᠤᠰ ᠬᠡᠷᠡᠭ ᠯᠦᠭᠡ ᠠᠰᠢᠭ ᠬᠤᠣᠷ ᠤᠨ ᠬᠠᠷᠢᠴᠠᠭ᠎ᠠ ᠲᠠᠢ | ᠪᠠᠶᠢᠬᠤ︔ | ︵ᠭᠤᠷᠪᠠ︶ ᠲᠤᠰ ᠬᠡᠷᠡᠭ ᠤᠨ ᠲᠤᠬᠠᠢ ᠶᠢᠨ ᠬᠥᠮᠥᠨ᠂ ᠣᠷᠣᠯᠠᠭᠴᠢ ᠲᠠᠢ ᠪᠤᠰᠤᠳ ᠬᠠᠷᠢᠴᠠᠭ᠎ᠠ ᠲᠠᠢ ᠪᠠᠶᠢᠵᠤ᠂ ᠭᠤᠣᠯᠴᠢ ᠪᠠᠷ ᠬᠥᠨᠳᠡᠯᠡᠨ ᠠᠴᠠ | ᠲᠠᠰᠤᠯᠬᠤ ᠶᠢ ᠨᠥᠯᠥᠭᠡᠯᠡᠵᠦ ᠮᠡᠳᠡᠬᠦ︔ | ︵ᠲᠦᠷᠪᠡ︶ ᠲᠤᠬᠠᠢ ᠶᠢᠨ ᠬᠥᠮᠥᠨ ᠪᠠ ᠣᠷᠣᠯᠠᠭᠴᠢ ᠲᠠᠢ ᠳᠤᠷ᠎ᠠ ᠪᠠᠷ ᠢᠶᠠᠨ ᠠᠭᠤᠯᠵᠠᠬᠤ ᠪᠤᠶᠤ ᠲᠤᠬᠠᠢ ᠶᠢᠨ ᠬᠥᠮᠥᠨ ᠪᠠ ᠣᠷᠣᠯᠠᠭᠴᠢ ᠶᠢᠨ ᠳᠠᠶᠢᠯᠠᠯᠭ᠎ᠠ ᠳᠤ | ᠣᠷᠣᠯᠴᠠᠨ ᠪᠡᠯᠡᠭ ᠢ ᠨᠢ ᠭᠥᠯᠢᠶᠡᠨ ᠠᠪᠬᠤ︔ | ︵ᠲᠠᠪᠤ︶ ᠭᠤᠣᠯᠴᠢ ᠪᠠᠷ ᠬᠥᠨᠳᠡᠯᠡᠨ ᠠᠴᠠ ᠲᠠᠰᠤᠯᠬᠤ ᠶᠢ ᠨᠥᠯᠥᠭᠡᠯᠡᠬᠦ ᠪᠤᠰᠤᠳ ᠪᠠᠶᠢᠳᠠᠯ᠃ ᠲᠤᠬᠠᠢ ᠶᠢᠨ ᠬᠥᠮᠥᠨ ᠨᠢ ᠬᠥᠨᠳᠡᠯᠡᠨ ᠠᠴᠠ ᠲᠠᠰᠤᠯᠤᠭᠴᠢ ᠳᠤ | ᠵᠠᠶᠢᠯᠠᠭᠤᠯᠬᠤ ᠭᠤᠶᠤᠴᠢᠯᠠᠯ ᠭᠠᠷᠭᠠᠬᠤ ᠳᠠᠭᠠᠨ ᠵᠠᠶᠢᠯᠠᠭᠤᠯᠬᠤ ᠤᠴᠢᠷ ᠰᠢᠯᠲᠠᠭᠠᠨ ᠢ ᠮᠡᠳᠡᠭᠰᠡᠨ ᠤ ᠳᠠᠷᠠᠭ᠎ᠠ ᠠᠷᠪᠠᠨ ᠡᠳᠦᠷ ᠤᠨ ᠳᠣᠲᠣᠷ᠎ᠠ ᠮᠥᠷᠲᠡᠭᠡᠨ ᠠᠩᠬᠠᠳᠤᠭᠠᠷ | ᠤᠳᠠᠭᠠᠨ ᠤ ᠲᠢᠩᠬᠢᠮ ᠤᠨ ᠰᠢᠭᠦᠯᠲᠡ ᠡᠬᠢᠯᠡᠬᠦ ᠠᠴᠠ ᠡᠮᠦᠨ᠎ᠡ ᠳᠤᠷᠠᠳᠬᠤ ᠬᠡᠷᠡᠭᠲᠡᠢ︔ ᠠᠩᠬᠠᠳᠤᠭᠠᠷ ᠤᠳᠠᠭᠠᠨ ᠤ ᠲᠢᠩᠬᠢᠮ ᠤᠨ ᠰᠢᠭᠦᠯᠲᠡ ᠡᠬᠢᠯᠡᠭᠰᠡᠨ ᠤ ᠲᠠᠷᠠᠭ᠎ᠠ | ᠰᠠᠶ᠋ᠢ ᠵᠠᠶᠢᠯᠠᠭᠤᠯᠬᠤ ᠤᠴᠢᠷ ᠰᠢᠯᠲᠠᠭᠠᠨ ᠢ ᠮᠡᠳᠡᠭᠰᠡᠨ ᠪᠠᠶᠢᠪᠠᠯ᠂ ᠲᠤᠰ ᠤᠴᠢᠷ ᠰᠢᠯᠲᠠᠭᠠᠨ ᠢ ᠮᠡᠳᠡᠭᠰᠡᠨ ᠤ ᠲᠠᠷᠠᠭ᠎ᠠ ᠠᠷᠪᠠᠨ ᠡᠳᠦᠷ ᠤᠨ ᠳᠣᠲᠣᠷ᠎ᠠ ᠲᠤᠷᠠᠳᠬᠤ | ᠬᠡᠷᠡᠭᠳᠡᠢ᠃ ᠲᠤᠬᠠᠢ ᠶᠢᠨ ᠬᠥᠮᠥᠨ ᠨᠢ ᠬᠥᠨᠳᠡᠯᠡᠨ ᠠᠴᠠ ᠲᠠᠰᠤᠯᠤᠭᠴᠢ ᠶᠢᠨ ᠲᠤᠰ ᠳᠦᠷᠢᠮ ᠤᠨ ᠭᠤᠴᠢᠨ ᠬᠤᠶᠠᠳᠤᠭᠠᠷ ᠵᠦᠢᠯ ᠤᠨ ᠲᠣᠭᠲᠠᠭᠠᠯ ᠶᠣᠰᠣᠭᠠᠷ | ᠨᠡᠶᠢᠲᠡᠯᠡᠭᠰᠡᠨ ᠤᠴᠢᠷ ᠶᠠᠪᠤᠳᠠᠯ ᠢᠶᠠᠷ ᠰᠢᠯᠲᠠᠭᠠᠨ ᠪᠣᠯᠭᠠᠵᠤ ᠵᠠᠶᠢᠯᠠᠭᠤᠯᠬᠤ ᠭᠤᠶᠤᠴᠢᠯᠠᠯ ᠭᠠᠷᠭᠠᠭᠰᠠᠨ ᠪᠠᠶᠢᠪᠠᠯ᠂ ᠬᠥᠨᠳᠡᠯᠡᠨ ᠠᠴᠠ ᠲᠠᠰᠤᠯᠤᠭᠴᠢ ᠶᠢᠨ ᠮᠡᠳᠡᠭᠡ | ᠵᠠᠩᠭᠢ ᠶᠢ ᠨᠡᠶᠢᠲᠡᠯᠡᠬᠦ ᠢᠯᠡᠷᠬᠡᠶᠢᠯᠡᠯᠲᠡ ᠶᠢᠨ ᠪᠢᠴᠢᠭ ᠢ ᠣᠯᠣᠭᠰᠠᠨ ᠤ ᠲᠠᠷᠠᠭ᠎ᠠ ᠠᠷᠪᠠᠨ ᠡᠳᠦᠷ ᠤᠨ ᠳᠣᠲᠣᠷ᠎ᠠ ᠳᠤᠷᠠᠳᠬᠤ ᠬᠡᠷᠡᠭᠲᠡᠢ︔ ᠬᠤᠭᠤᠴᠠᠭ᠎ᠠ ᠬᠡᠲᠦᠷᠡᠲᠡᠯ᠎ᠡ | ᠳᠤᠷᠠᠳᠤᠭᠰᠠᠨ ᠦᠭᠡᠢ ᠪᠠᠶᠢᠪᠠᠯ᠂ ᠬᠥᠨᠳᠡᠯᠡᠨ ᠠᠴᠠ ᠲᠠᠰᠤᠯᠤᠭᠴᠢ ᠶᠢᠨ ᠨᠢᠭᠡᠨᠲᠡ ᠨᠡᠶᠢᠲᠡᠯᠡᠭᠰᠡᠨ ᠤᠴᠢᠷ ᠶᠠᠪᠤᠳᠠᠯ ᠢᠶᠠᠷ ᠰᠢᠯᠲᠠᠭ ᠪᠣᠯᠭᠠᠵᠤ ᠵᠠᠶᠢᠯᠠᠭᠤᠯᠬᠤ | ᠭᠤᠶᠤᠴᠢᠯᠠᠯ ᠭᠠᠷᠭᠠᠵᠤ ᠪᠣᠯᠬᠤ ᠦᠭᠡᠢ᠃ ᠲᠤᠬᠠᠢ ᠶᠢᠨ ᠬᠥᠮᠥᠨ ᠨᠢ ᠬᠥᠨᠳᠡᠯᠡᠨ ᠠᠴᠠ ᠲᠠᠰᠤᠯᠬᠤ ᠲᠢᠩᠬᠢᠮ ᠤᠨ ᠪᠦᠷᠢᠯᠳᠦᠭᠦᠨ ᠢ ᠣᠯᠵᠤ ᠮᠡᠳᠡᠭᠰᠡᠨ ᠤ ᠲᠡᠷᠠᠭ᠎ᠠ | ᠤᠷᠢᠭᠰᠠᠨ ᠣᠷᠣᠯᠠᠭᠴᠢ ᠨᠢ ᠬᠥᠨᠳᠡᠯᠡᠨ ᠠᠴᠠ ᠲᠠᠰᠤᠯᠤᠭᠴᠢ ᠲᠠᠢ ᠵᠠᠶᠢᠯᠠᠪᠠᠯ ᠵᠣᠬᠢᠬᠤ ᠪᠠᠶᠢᠳᠠᠯ ᠢ ᠪᠤᠢ ᠪᠣᠯᠭᠠᠭᠰᠠᠨ ᠪᠠᠶᠢᠪᠠᠯ᠂ ᠡᠭᠦᠨ ᠤ ᠲᠤᠬᠠᠢ ᠵᠠᠶᠢᠯᠠᠭᠤᠯᠬᠤ ᠪᠠᠷ | ᠭᠤᠶᠤᠴᠢᠯᠠᠬᠤ ᠡᠷᠬᠡ ᠪᠠᠨ ᠬᠠᠶᠠᠭᠰᠠᠨ ᠢᠶᠠᠷ ᠦᠵᠡᠨ᠎ᠡ᠂ ᠭᠡᠪᠡᠴᠦ ᠪᠤᠰᠤᠳ ᠲᠤᠬᠠᠢ ᠶᠢᠨ ᠬᠥᠮᠥᠨ ᠤ ᠡᠭᠦᠨ ᠤ ᠲᠤᠬᠠᠢ ᠵᠠᠶᠢᠯᠠᠭᠤᠯᠬᠤ ᠪᠠᠷ ᠭᠤᠶᠤᠴᠢᠯᠠᠬᠤ ᠡᠷᠬᠡ ᠶᠢ | ᠨᠥᠯᠥᠭᠡᠯᠡᠬᠦ ᠦᠭᠡᠢ᠃ ᠵᠠᠶᠢᠯᠠᠭᠤᠯᠬᠤ ᠭᠤᠶᠤᠴᠢᠯᠠᠯ ᠢ ᠪᠢᠴᠢᠭ ᠤᠨ ᠬᠡᠯᠪᠡᠷᠢ ᠪᠠᠷ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠳᠤ ᠳᠤᠷᠠᠳᠴᠤ᠂ | ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠶᠢᠨ ᠬᠠᠮᠲᠤ ᠬᠤᠯᠪᠣᠭᠳᠠᠯ ᠪᠦᠬᠦᠢ ᠭᠡᠷᠡᠴᠢ ᠪᠠᠷᠢᠮᠲᠠ ᠶᠢ ᠬᠠᠩᠭᠠᠬᠤ ᠬᠡᠷᠡᠭᠲᠡᠢ᠃ ᠪᠡᠶ᠎ᠡ ᠶᠢᠨ ᠲᠠᠮᠢᠷ ᠤᠨ | ᠬᠥᠨᠳᠡᠯᠡᠨ ᠠᠴᠠ ᠲᠠᠰᠤᠯᠬᠤ ᠵᠦᠪᠯᠡᠯ ᠲᠤᠬᠠᠢ ᠶᠢᠨ ᠬᠥᠮᠥᠨ ᠤ ᠵᠠᠶᠢᠯᠠᠭᠤᠯᠬᠤ ᠭᠤᠶᠤᠴᠢᠯᠠᠯ ᠤᠨ ᠪᠢᠴᠢᠭ ᠢ ᠣᠯᠣᠭᠰᠠᠨ ᠤ ᠲᠡᠷᠠᠭ᠎ᠠ᠂ ᠪᠤᠰᠤᠳ ᠲᠤᠬᠠᠢ ᠶᠢᠨ | ᠬᠥᠮᠥᠨ ᠪᠠ ᠬᠥᠨᠳᠡᠯᠡᠨ ᠠᠴᠠ ᠲᠠᠰᠤᠯᠬᠤ ᠲᠢᠩᠬᠢᠮ ᠤᠨ ᠪᠦᠬᠦ ᠪᠦᠷᠢᠯᠳᠦᠭᠦᠨ ᠳᠤ ᠲᠡᠷᠡ ᠳᠠᠷᠤᠢ ᠳᠤᠨᠢ ᠰᠢᠯᠵᠢᠭᠦᠯᠦᠨ ᠲᠤᠰᠢᠶᠠᠬᠤ ᠶᠢᠨ ᠬᠠᠮᠲᠤ ᠰᠠᠨᠠᠯ ᠰᠣᠨᠣᠰᠬᠤ | ᠬᠡᠷᠡᠭᠲᠡᠢ᠃ ᠬᠡᠷᠪᠡ ᠨᠢᠭᠡ ᠲᠠᠯ᠎ᠠ ᠶᠢᠨ ᠲᠤᠬᠠᠢ ᠶᠢᠨ ᠬᠥᠮᠥᠨ ᠨᠢ ᠬᠥᠨᠳᠡᠯᠡᠨ ᠠᠴᠠ ᠲᠠᠰᠤᠯᠤᠭᠴᠢ ᠶᠢ ᠵᠠᠶᠢᠯᠠᠭᠤᠯᠬᠤ ᠪᠠᠷ ᠭᠤᠶᠤᠴᠢᠯᠠᠵᠤ᠂ ᠨᠦᠭᠦᠭᠡ ᠲᠠᠯ᠎ᠠ ᠶᠢᠨ | ᠲᠤᠬᠠᠢ ᠶᠢᠨ ᠬᠥᠮᠥᠨ ᠨᠢ ᠵᠠᠶᠢᠯᠠᠭᠤᠯᠬᠤ ᠭᠤᠶᠤᠴᠢᠯᠠᠯ ᠢ ᠵᠥᠪᠰᠢᠶᠡᠷᠡᠭᠰᠡᠨ᠂ ᠡᠰᠡᠬᠦᠯ᠎ᠡ ᠵᠠᠶᠢᠯᠠᠭᠤᠯᠬᠤ ᠪᠠᠷ ᠭᠤᠶᠤᠴᠢᠯᠠᠭᠳᠠᠭᠰᠠᠨ ᠬᠥᠨᠳᠡᠯᠡᠨ ᠠᠴᠠ ᠲᠠᠰᠤᠯᠤᠭᠴᠢ ᠨᠢ | ᠲᠤᠰ ᠬᠥᠨᠳᠡᠯᠡᠨ ᠠᠴᠠ ᠲᠠᠰᠤᠯᠬᠤ ᠬᠡᠷᠡᠭ ᠤᠨ ᠬᠥᠨᠳᠡᠯᠡᠨ ᠠᠴᠠ ᠲᠠᠰᠤᠯᠤᠭᠴᠢ ᠶᠢᠨ ᠲᠤᠰᠢᠶᠠᠯ ᠢ ᠲᠠᠬᠢᠵᠤ ᠡᠭᠦᠷᠭᠡᠯᠡᠬᠦ ᠦᠭᠡᠢ ᠭᠡᠵᠦ ᠰᠠᠨᠠᠭᠠᠴᠢᠯᠠᠭ᠎ᠠ ᠠᠴᠠ ᠪᠠᠨ | ᠳᠤᠷᠠᠳᠤᠭᠰᠠᠨ ᠪᠠᠶᠢᠪᠠᠯ᠂ ᠲᠤᠰ ᠬᠥᠨᠳᠡᠯᠡᠨ ᠠᠴᠠ ᠲᠠᠰᠤᠯᠤᠭᠴᠢ ᠨᠢ ᠲᠤᠰ ᠬᠡᠷᠡᠭ ᠢ ᠰᠢᠬᠦᠬᠦ ᠬᠥᠨᠳᠡᠯᠡᠨ ᠠᠴᠠ ᠲᠠᠰᠤᠯᠤᠭᠴᠢ ᠶᠢᠨ ᠲᠤᠰᠢᠶᠠᠯ ᠢ ᠲᠠᠬᠢᠵᠤ ᠡᠭᠦᠷᠭᠡᠯᠡᠬᠦ | ᠦᠭᠡᠢ ᠃ ᠳᠡᠭᠡᠷ᠎ᠡ ᠳᠤᠷᠠᠳᠤᠭᠰᠠᠨ ᠪᠠᠶᠢᠳᠠᠯ ᠨᠢ ᠲᠤᠬᠠᠢ ᠶᠢᠨ ᠬᠥᠮᠥᠨ ᠤ ᠵᠠᠶᠢᠯᠠᠭᠤᠯᠬᠤ ᠪᠠᠷ ᠳᠤᠷᠠᠳᠤᠭᠰᠠᠨ ᠤᠴᠢᠷ ᠰᠢᠯᠲᠠᠭᠠᠨ ᠨᠢ ᠵᠦᠢ ᠶᠣᠰᠣᠨ ᠳᠤ ᠨᠡᠶᠢᠴᠡᠨ᠎ᠡ | ᠭᠡᠰᠡᠨ ᠦᠭᠡ ᠪᠢᠰᠢ᠃ ᠲᠤᠰ ᠵᠦᠢᠯ ᠤᠨ ᠵᠢᠷᠭᠤᠳᠤᠭᠠᠷ ᠪᠠᠳᠠᠭ ᠲᠤ ᠲᠣᠭᠲᠠᠭᠠᠭᠰᠠᠨ ᠪᠠᠶᠢᠳᠠᠯ ᠢ ᠭᠠᠷᠭᠠᠪᠠᠯ᠂ ᠬᠥᠨᠳᠡᠯᠡᠨ ᠠᠴᠠ ᠲᠠᠰᠤᠯᠤᠭᠴᠢ ᠶᠢ ᠵᠠᠶᠢᠯᠠᠭᠤᠯᠬᠤ | ᠡᠰᠡᠬᠦ ᠶᠢ ᠡᠷᠬᠢᠯᠡᠭᠴᠢ ᠠᠴᠠ ᠡᠴᠦᠰ ᠤᠨ ᠲᠣᠭᠲᠠᠭᠠᠯ ᠭᠠᠷᠭᠠᠨ᠎ᠠ᠃ ᠬᠥᠨᠳᠡᠯᠡᠨ ᠠᠴᠠ ᠲᠠᠰᠤᠯᠬᠤ ᠨᠠᠷᠢᠨ ᠪᠢᠴᠢᠭᠡᠴᠢ᠂ ᠣᠷᠴᠢᠭᠤᠯᠤᠭᠴᠢ᠂ ᠰᠢᠯᠭᠠᠨ ᠲᠣᠭᠲᠠᠭᠠᠭᠴᠢ | ᠂ ᠬᠠᠶᠢᠨ ᠰᠢᠯᠭᠠᠭᠴᠢ ᠶᠢᠨ ᠵᠠᠶᠢᠯᠠᠬᠤ ᠳᠤ ᠲᠤᠰ ᠵᠦᠢᠯ ᠤᠨ ᠲᠣᠭᠲᠠᠭᠠᠯ ᠢ ᠯᠠᠪᠯᠠᠯᠲᠠ ᠪᠣᠯᠭᠠᠵᠤ ᠬᠡᠷᠡᠭᠯᠡᠨ᠎ᠡ᠃ | ᠭᠤᠴᠢᠨ ᠳᠥᠷᠪᠡᠳᠦᠭᠡᠷ ᠵᠦᠢᠯ ᠬᠥᠨᠳᠡᠯᠡᠨ ᠠᠴᠠ ᠲᠠᠰᠤᠯᠤᠭᠴᠢ ᠵᠠᠶᠢᠯᠠᠭᠰᠠᠨ᠂ ᠰᠠᠨᠠᠭᠠᠴᠢᠯᠠᠭ᠎ᠠ ᠠᠴᠠ ᠪᠠᠨ ᠤᠬᠤᠷᠢᠨ ᠭᠠᠷᠤᠭᠰᠠᠨ ᠪᠤᠶᠤ ᠪᠤᠰᠤᠳ ᠣᠨᠴᠠᠭᠠᠶ | ᠰᠢᠯᠲᠠᠭᠠᠨ ᠠᠴᠠ ᠪᠣᠯᠵᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠴᠢᠳᠠᠬᠤ ᠦᠭᠡᠢ ᠪᠣᠯᠤᠭᠰᠠᠨ ᠪᠠᠶᠢᠪᠠᠯ ᠲᠡᠭᠦᠨ ᠢ ᠰᠣᠯᠢᠬᠤ ᠬᠡᠷᠡᠭᠲᠡᠢ᠃ ᠬᠥᠨᠳᠡᠯᠡᠨ ᠠᠴᠠ | ᠲᠠᠰᠤᠯᠤᠭᠴᠢ ᠨᠢ ᠬᠠᠤᠯᠢ ᠴᠠᠭᠠᠵᠠ ᠶᠢᠨ ᠲᠠᠯ᠎ᠠ ᠪᠠᠷ ᠪᠤᠶᠤ ᠬᠡᠷᠡᠭ ᠳᠡᠭᠡᠷ᠎ᠡ ᠪᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠴᠢᠳᠠᠬᠤ ᠦᠭᠡᠢ᠂ ᠡᠰᠡᠬᠦᠯ᠎ᠡ ᠲᠤᠰ | ᠲᠦᠷᠢᠮ ᠤᠨ ᠱᠠᠭᠠᠷᠳᠠᠯᠭ᠎ᠠ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠠᠶᠢᠪᠠᠯ᠂ ᠡᠷᠬᠢᠯᠡᠭᠴᠢ ᠠᠴᠠ ᠲᠡᠭᠦᠨ ᠢ ᠰᠣᠯᠢᠬᠤ ᠪᠠᠷ ᠲᠣᠭᠲᠠᠭᠠᠬᠤ | ᠡᠷᠬᠡ ᠲᠠᠢ ᠪᠥᠭᠡᠳ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠪᠠ ᠬᠥᠨᠳᠡᠯᠡᠨ ᠠᠴᠠ ᠲᠠᠰᠤᠯᠬᠤ ᠲᠢᠩᠬᠢᠮ ᠤᠨ ᠪᠦᠬᠦ ᠪᠦᠷᠢᠯᠳᠦᠭᠦᠨ ᠳᠤ ᠰᠠᠨᠠᠯ ᠢᠶᠠᠨ ᠪᠢᠴᠢᠭ ᠢᠶᠠᠷ | ᠳᠤᠷᠠᠳᠬᠤ ᠲᠣᠬᠢᠶᠠᠯ ᠣᠯᠭᠤᠬᠤ ᠡᠷᠬᠡ ᠲᠠᠢ᠃ ᠰᠣᠯᠢᠭᠳᠠᠭᠰᠠᠨ ᠬᠥᠨᠳᠡᠯᠡᠨ ᠠᠴᠠ ᠲᠠᠰᠤᠯᠤᠭᠴᠢ ᠶᠢ ᠤᠤᠯ ᠨᠢ ᠲᠤᠬᠠᠢ ᠶᠢᠨ ᠬᠥᠮᠥᠨ ᠵᠢᠭᠠᠨ ᠲᠣᠭᠲᠠᠭᠠᠭᠰᠠᠨ | ᠪᠠᠶᠢᠪᠠᠯ᠂ ᠲᠤᠬᠠᠢ ᠶᠢᠨ ᠬᠥᠮᠥᠨ ᠨᠢ ᠤᠤᠯ ᠤᠨ ᠵᠢᠭᠠᠨ ᠲᠣᠭᠲᠠᠭᠠᠭᠰᠠᠨ ᠬᠥᠨᠳᠡᠯᠡᠨ ᠠᠴᠠ ᠲᠠᠰᠤᠯᠤᠭᠴᠢ ᠶᠢᠨ ᠠᠷᠭ᠎ᠠ ᠮᠠᠶ᠋ᠢᠭ ᠢᠶᠠᠷ ᠮᠡᠳᠡᠭᠳᠡᠯ ᠢ ᠣᠯᠣᠭᠰᠠᠨ | ᠡᠳᠦᠷ ᠠᠴᠠ ᠡᠬᠢᠯᠡᠨ ᠲᠠᠪᠤᠨ ᠡᠳᠦᠷ ᠤᠨ ᠳᠣᠲᠣᠷ᠎ᠠ ᠳᠠᠬᠢᠵᠤ ᠵᠢᠭᠠᠨ ᠲᠣᠭᠲᠠᠭᠠᠬᠤ ᠬᠡᠷᠡᠭᠲᠡᠢ᠂ ᠬᠤᠭᠤᠴᠠᠭ᠎ᠠ ᠬᠡᠲᠦᠷᠡᠲᠡᠯ᠎ᠡ ᠳᠠᠬᠢᠵᠤ ᠵᠢᠭᠠᠨ ᠲᠣᠭᠲᠠᠭᠠᠭᠰᠠᠨ | ᠦᠭᠡᠢ ᠪᠠᠶᠢᠪᠠᠯ᠂ ᠡᠷᠬᠢᠯᠡᠭᠴᠢ ᠠᠴᠠ ᠵᠢᠭᠠᠨ ᠲᠣᠭᠲᠠᠭᠠᠨ᠎ᠠ︔ ᠤᠤᠯ ᠨᠢ ᠡᠷᠬᠢᠯᠡᠭᠴᠢ ᠠᠴᠠ ᠵᠢᠭᠠᠨ ᠲᠣᠭᠲᠠᠭᠠᠵᠤ ᠪᠠᠶᠢᠭᠰᠠᠨ ᠪᠣᠯ ᠡᠷᠬᠢᠯᠡᠭᠴᠢ ᠠᠴᠠ ᠠᠰ ᠲᠤᠨᠢ | ᠵᠢᠭᠠᠨ ᠲᠣᠭᠲᠠᠭᠠᠨ᠎ᠠ᠃ ᠲᠤᠬᠠᠢ ᠶᠢᠨ ᠬᠥᠮᠥᠨ ᠠᠰᠲᠠᠭᠠᠨ ᠪᠣᠯᠵᠣᠯ ᠲᠠᠢ ᠪᠠᠶᠢᠬᠤ ᠶᠢ ᠭᠠᠷᠭᠠᠪᠠᠯ᠂ ᠬᠥᠨᠳᠡᠯᠡᠨ ᠠᠴᠠ ᠲᠠᠰᠤᠯᠤᠭᠴᠢ ᠶᠢ ᠰᠣᠯᠢᠭᠰᠠᠨ ᠤ ᠲᠠᠷᠠᠭ᠎ᠠ᠂ | ᠬᠥᠨᠳᠡᠯᠡᠨ ᠠᠴᠠ ᠲᠠᠰᠤᠯᠬᠤ ᠲᠢᠩᠬᠢᠮ ᠠᠴᠠ ᠡᠭᠦᠨ ᠠᠴᠠ ᠡᠮᠦᠨ᠎ᠡ ᠨᠢᠭᠡᠨᠲᠡ ᠶᠠᠪᠤᠭᠤᠯᠤᠭᠰᠠᠨ ᠪᠦᠬᠦ ᠰᠢᠭᠦᠯᠲᠡ ᠶᠢᠨ ᠠᠵᠢᠯ ᠤᠨ ᠲᠠᠷᠠᠭᠠᠯᠠᠯ ᠢ ᠪᠤᠶᠤ ᠬᠡᠰᠡᠭ | ᠰᠢᠭᠦᠯᠲᠡ ᠶᠢᠨ ᠠᠵᠢᠯ ᠤᠨ ᠲᠠᠷᠠᠭᠠᠯᠠᠯ ᠢ ᠲᠠᠬᠢᠵᠤ ᠶᠠᠪᠤᠭᠳᠠᠭᠤᠯᠬᠤ ᠴᠢᠬᠤᠯᠠᠲᠠᠢ ᠡᠰᠡᠬᠦ ᠶᠢ ᠲᠣᠭᠲᠠᠭᠠᠨ᠎ᠠ᠃ ᠬᠥᠨᠳᠡᠯᠡᠨ ᠠᠴᠠ ᠲᠠᠰᠤᠯᠬᠤ ᠲᠢᠩᠬᠢᠮ ᠪᠦᠬᠦ | ᠰᠢᠭᠦᠯᠲᠡ ᠶᠢᠨ ᠠᠵᠢᠯ ᠤᠨ ᠲᠠᠷᠠᠭᠠᠯᠠᠯ ᠢ ᠳᠠᠬᠢᠵᠤ ᠶᠠᠪᠤᠭᠳᠠᠭᠤᠯᠬᠤ ᠪᠠᠷ ᠲᠣᠭᠲᠠᠭᠠᠭᠰᠠᠨ ᠪᠠᠶᠢᠪᠠᠯ᠂ ᠲᠣᠭᠲᠠᠭᠠᠯᠲᠠ ᠭᠠᠷᠭᠠᠬᠤ ᠬᠤᠭᠤᠴᠠᠭ᠎ᠠ ᠶᠢ ᠬᠥᠨᠳᠡᠯᠡᠨ ᠠᠴᠠ | ᠲᠠᠰᠤᠯᠬᠤ ᠲᠢᠩᠬᠢᠮ ᠤᠨ ᠰᠢᠭᠦᠯᠲᠡ ᠶᠢᠨ ᠠᠵᠢᠯ ᠤᠨ ᠲᠠᠷᠠᠭᠠᠯᠠᠯ ᠢ ᠳᠠᠬᠢᠵᠤ ᠶᠠᠪᠤᠭᠳᠠᠭᠤᠯᠬᠤ ᠪᠠᠷ ᠲᠣᠭᠲᠠᠭᠠᠭᠰᠠᠨ ᠡᠳᠦᠷ ᠠᠴᠠ ᠡᠬᠢᠯᠡᠵᠦ ᠪᠤᠳᠤᠨ᠎ᠠ᠃ | ᠭᠤᠴᠢᠨ ᠲᠠᠪᠤᠳᠤᠭᠠᠷ ᠵᠦᠢᠯ ᠬᠠᠮᠤᠭ ᠰᠡᠭᠦᠯᠴᠢ ᠶᠢᠨ ᠨᠢᠭᠡ ᠤᠳᠠᠭ᠎ᠠ ᠶᠢᠨ ᠲᠢᠩᠬᠢᠮ ᠨᠡᠭᠡᠭᠡᠵᠦ ᠳᠠᠭᠤᠰᠤᠭᠰᠠᠨ ᠤ ᠲᠠᠷᠠᠭ᠎ᠠ᠂ ᠬᠡᠷᠪᠡ ᠭᠤᠷᠪᠠᠨ ᠬᠥᠮᠥᠨ ᠤ | ᠬᠥᠨᠳᠡᠯᠡᠨ ᠠᠴᠠ ᠲᠠᠰᠤᠯᠬᠤ ᠲᠢᠩᠬᠢᠮ ᠤᠨ ᠳᠣᠲᠣᠷᠠᠬᠢ ᠨᠢᠭᠡ ᠬᠥᠨᠳᠡᠯᠡᠨ ᠠᠴᠠ ᠲᠠᠰᠤᠯᠤᠭᠴᠢ ᠨᠢ ᠣᠨᠴᠠᠭᠠᠶ ᠰᠢᠯᠲᠠᠭᠠᠨ ᠠᠴᠠ ᠪᠣᠯᠵᠤ ᠬᠠᠮᠲᠤᠷᠠᠨ ᠵᠥᠪᠯᠡᠬᠦ ᠳᠤ | ᠣᠷᠣᠯᠴᠠᠵᠤ ᠴᠢᠳᠠᠬᠤ ᠦᠭᠡᠢ ᠪᠥᠭᠡᠳ ᠲᠣᠭᠲᠠᠭᠠᠯᠲᠠ ᠭᠠᠷᠭᠠᠵᠤ ᠴᠢᠳᠠᠬᠤ ᠦᠭᠡᠢ ᠪᠠᠶᠢᠪᠠᠯ᠂ ᠡᠷᠬᠢᠯᠡᠭᠴᠢ ᠨᠢ ᠲᠤᠰ ᠳᠦᠷᠢᠮ ᠤᠨ ᠭᠤᠴᠢᠨ ᠳᠥᠷᠪᠡᠳᠦᠭᠡᠷ | ᠵᠦᠢᠯ ᠤᠨ ᠲᠣᠭᠲᠠᠭᠠᠯ ᠶᠣᠰᠣᠭᠠᠷ ᠲᠤᠰ ᠬᠥᠨᠳᠡᠯᠡᠨ ᠠᠴᠠ ᠲᠠᠰᠤᠯᠤᠭᠴᠢ ᠶᠢ ᠣᠷᠣᠯᠠᠵᠤ ᠪᠣᠯᠣᠨ᠎ᠠ︔ ᠭᠡᠪᠡᠴᠦ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠵᠢᠴᠢ | ᠡᠷᠬᠢᠯᠡᠭᠴᠢ ᠶᠢᠨ ᠵᠥᠪᠰᠢᠶᠡᠷᠡᠯ ᠢ ᠣᠯᠣᠭᠰᠠᠨ ᠤ ᠲᠡᠷᠠᠭ᠎ᠠ᠂ ᠪᠤᠰᠤᠳ ᠬᠤᠶᠠᠷ ᠬᠥᠨᠳᠡᠯᠡᠨ ᠠᠴᠠ ᠲᠠᠰᠤᠯᠤᠭᠴᠢ ᠨᠢ ᠪᠠᠰᠠ ᠬᠥᠨᠳᠡᠯᠡᠨ ᠠᠴᠠ ᠲᠠᠰᠤᠯᠬᠤ ᠠᠵᠢᠯ ᠤᠨ | ᠲᠠᠷᠠᠭᠠᠯᠠᠯ ᠢ ᠦᠷᠭᠦᠯᠵᠢᠯᠡᠨ ᠶᠠᠪᠤᠭᠤᠯᠵᠤ᠂ ᠲᠣᠭᠲᠠᠭᠠᠯ ᠪᠤᠶᠤ ᠲᠣᠭᠲᠠᠭᠠᠯᠲᠠ ᠭᠠᠷᠭᠠᠵᠤ ᠪᠣᠯᠣᠨ᠎ᠠ᠃ |