ᠠᠯᠦ᠋ᠩᠱᠠᠨ ᠶᠢᠨ ᠬᠢᠨ ᠬᠦᠴᠦ ᠪᠠᠨ ᠬᠠᠮᠲᠤᠳᠬᠠᠵᠤ ᠴᠠᠰᠤ ᠴᠡᠪᠡᠷᠯᠡᠵᠦ ᠰᠠᠭᠤᠭᠠᠯᠢ ᠠᠷᠠᠳ ᠤᠨ ᠭᠠᠳᠠᠭᠰᠢ ᠶᠠᠪᠤᠬᠤ ᠠᠮᠤᠷ ᠲᠦᠪᠰᠢᠨ ᠢ ᠪᠠᠲᠤᠯᠠᠪᠠ
ᠨᠡᠶᠢᠲᠡᠯᠡᠭᠰᠡᠨ ᠴᠠᠭ᠄
2024/12/26
    ᠲᠦᠷᠦᠭᠦᠬᠡᠨ᠂ ᠵᠠᠯᠭᠠᠯᠳᠤᠭ᠎ᠠ ᠪᠠᠷ ᠴᠠᠰᠤ ᠤᠷᠤᠭᠰᠠᠨ ᠪᠤᠯᠬᠤᠷ ᠠᠯᠦ᠋ᠩᠱᠠᠨ ᠪᠠᠯᠭᠠᠰᠤᠨ ᠤ ᠰᠠᠭᠤᠭᠠᠯᠢ ᠠᠷᠠᠳ ᠤᠨ ᠭᠠᠳᠠᠭᠰᠢ ᠶᠠᠪᠤᠬᠤ ᠳᠤ ᠠᠪᠴᠢᠷᠠᠭᠰᠠᠨ ᠳᠥᠭᠦᠮ ᠦᠭᠡᠢ ᠪᠠ ᠵᠠᠮ ᠬᠠᠷᠢᠯᠴᠠᠭᠠᠨ ᠤ ᠠᠮᠤᠷ ᠲᠦᠪᠰᠢᠨ ᠤ ᠳᠠᠯᠳᠠ ᠭᠡᠮ ᠢ ᠰᠢᠢᠳᠪᠦᠷᠢᠯᠡᠬᠦ ᠶᠢᠨ ᠲᠥᠯᠥᠭᠡ᠂ ᠠᠯᠦ᠋ᠩᠱᠠᠨ ᠪᠠᠯᠭᠠᠰᠤᠨ ᠤ ᠵᠠᠰᠠᠭ ᠤᠨ ᠣᠷᠳᠣᠨ ᠂ ᠠᠯᠦ᠋ᠩᠱᠠᠨ ᠤ ᠣᠢ ᠰᠢᠭᠤᠶ ᠵᠢᠨ‌ᠠᠵᠤ ᠦᠶ᠋ᠯᠡᠳᠪᠦᠷᠢ ᠶᠢᠨ ᠺᠣᠮᠫᠠᠨᠢ᠂ ᠠᠯᠦ᠋ᠩᠱᠠᠨ ᠤ ᠳ᠋ᠠ ᠯᠢᠨ ᠺᠣᠮᠫᠠᠨᠢ ᠲᠠᠢ ᠬᠠᠮᠲᠤᠷᠠᠨ ᠪᠠᠯᠭᠠᠰᠤᠨ ᠤ ᠲᠣᠭᠤᠷᠢᠭ  ᠤᠨ ᠭᠤᠤᠯ ᠵᠡᠭᠡᠯᠢ ᠭᠤᠳᠤᠮᠵᠢ  ᠶᠢᠨ ᠶᠡᠭᠡ ᠬᠡᠪᠴᠢᠶᠡᠨ ᠤ ᠴᠠᠰᠤ ᠴᠡᠪᠡᠷᠯᠡᠬᠦ ᠠᠵᠢᠯ  ᠢ ᠥᠷᠨᠢᠭᠦᠯᠪᠡ᠃ ᠴᠠᠰᠤ ᠴᠡᠪᠡᠷᠯᠡᠬᠦ ᠠᠵᠢᠯ ᠤᠨ ᠲᠤᠬᠠᠶ ᠶᠢᠨ ᠲᠠᠯᠠᠪᠠᠢ ᠶᠢ ᠦᠵᠡᠪᠡᠯ ᠴᠠᠰᠤ ᠴᠡᠪᠡᠷᠯᠡᠬᠦ ᠠᠵᠢᠯ ᠤᠷᠤᠭᠰᠢᠲᠠᠢ ᠶᠠᠪᠤᠭᠳᠠᠪᠠ᠃ ᠭᠡᠭᠡᠨ  ᠬᠤᠲᠠ ᠶᠢᠨ ᠵᠠᠮ ᠬᠠᠷᠢᠯᠴᠠᠭᠠ ᠤ ᠲᠡᠭᠡᠭᠡᠪᠦᠷᠢ ᠶᠢᠨ ᠲᠤᠪᠴᠢᠶ᠎ᠠ ᠪᠠᠰᠠ ᠲᠣᠮᠣ ᠬᠡᠯᠪᠡᠷᠢ  ᠶᠢᠨ ᠴᠠᠰᠤ ᠴᠡᠪᠡᠷᠯᠡᠬᠦ ᠲᠥᠬᠦᠭᠡᠷᠦᠮᠵᠢ ᠪᠠᠨ ᠠᠪᠴᠤ ᠪᠠᠯᠭᠠᠰᠤ ᠶᠢᠨ ᠴᠠᠰᠤ ᠴᠡᠪᠡᠷᠯᠡᠬᠦ ᠡᠩᠨᠡᠭᠡᠨ ᠳᠤ ᠣᠷᠣᠵᠤ᠂ ᠪᠣᠳᠠᠲᠠᠶ ᠠᠵᠢᠯᠯᠠᠭ᠎ᠠ ᠪᠠᠷ ᠠᠷᠠᠳ ᠤᠨ ᠲᠥᠯᠥᠭᠡ ᠦᠢᠯᠡᠴᠢᠯᠡᠬᠦ ᠵᠣᠷᠢᠯᠲᠠ ᠪᠠᠨ ᠦᠢᠯᠡᠳᠦᠯᠭᠡᠵᠢᠭᠦᠯᠪᠡ᠃    ᠴᠠᠰᠤ ᠴᠡᠪᠡᠷᠯᠡᠬᠦ ᠠᠵᠢᠯ ᠤᠨ ᠲᠤᠬᠠᠶ ᠶᠢᠨ ᠲᠠᠯᠠᠪᠤᠷ ᠲᠤ ᠠᠭᠤᠷ ᠠᠮᠢᠰᠬᠤᠯ ᠬᠠᠯᠠᠭᠤᠨ᠂ ᠵᠣᠷᠢᠭ ᠲᠡᠭᠦᠯᠳᠡᠷ ᠪᠠᠶᠢᠪᠠ᠃ ᠡᠯ᠎ᠡ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠳᠤᠤᠷ᠎ᠠ᠂ ᠴᠠᠰᠤ ᠴᠡᠪᠡᠷᠯᠡᠬᠦ ᠠᠵᠢᠯ ᠤᠨ ᠲᠡᠷᠭᠡ ᠬᠥᠰᠬᠡ ᠶᠢᠨ ᠳᠠᠭᠤᠨ ᠲᠠᠰᠤᠷᠠᠯᠲᠠ ᠦᠭᠡᠢ ᠰᠤᠨᠤᠰᠳᠠᠵᠦ ᠭᠤᠳᠤᠮᠵᠢ ᠳᠡᠭᠡᠷ᠎ᠡ ᠥᠩᠭᠡᠷᠡᠵᠦ᠂ ᠵᠡᠭᠡᠯᠢ ᠭᠤᠳᠤᠮᠵᠢ ᠶᠢ ᠳᠠᠬᠢᠨ ᠳᠠᠪᠲᠠᠨ ᠴᠡᠪᠡᠷᠯᠡᠪᠡ᠃ ᠣᠯᠠᠨ ᠢᠶᠠᠷ ᠢᠶᠠᠨ ᠪᠣᠳᠠᠲᠠᠶ ᠠᠵᠢᠯᠯᠠᠭ᠎ᠠ ᠪᠠᠷ ︽ᠠᠷᠠᠳ ᠲᠦᠮᠡᠨ ᠳᠤ ᠦᠢᠯᠡᠴᠢᠯᠡᠬᠦ︾ ᠭᠦᠨ ᠭᠦᠨᠵᠡᠭᠡᠶ ᠠᠭᠤᠯᠤᠭᠳᠠᠬᠤᠨ ᠢ ᠲᠠᠶᠢᠯᠪᠤᠷᠢᠯᠠᠵᠤ᠂ ᠬᠠᠬᠢᠷ ᠬᠦᠢᠲᠡᠨ ᠡᠪᠦᠯ ᠤᠨ ᠡᠳᠦᠷ ᠲᠤ ᠰᠠᠭᠤᠭᠠᠯᠢ ᠠᠷᠠᠳ ᠲᠤ ᠬᠠᠯᠠᠭᠤᠨ ᠳᠤᠯᠠᠭᠠᠨ ᠪᠠ ᠰᠠᠨᠠᠭᠠ ᠠᠮᠤᠷ ᠢ ᠬᠦᠷᠭᠡᠵᠡᠶ᠃
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ