ᠠᠵᠤ ᠠᠬᠤᠶᠢᠯᠠᠯ ᠤᠨ ᠦᠨᠳᠦᠰᠦᠨ ᠬᠠᠤᠯᠢ ᠶᠢᠨ ᠤᠬᠠᠮᠰᠠᠷ ᠢ ᠴᠢᠩᠭᠠᠳᠬᠠᠨ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ | ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ ᠤᠨ ᠬᠤᠭᠤᠴᠠᠭᠠᠨ ᠳᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︽ᠦᠨᠳᠦᠰᠦᠨ | ᠬᠠᠤᠯᠢ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠲᠦᠯᠬᠢᠨ | ᠠᠬᠢᠭᠤᠯᠬᠤ︾ ᠡᠨᠡ ᠬᠦ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠨ᠂ ᠤᠯᠠᠨ ᠶᠠᠩᠵᠤ ᠶᠢᠨ ᠬᠡᠯᠪᠡᠷᠢ ᠶᠢᠨ᠂ ᠠᠭᠤᠯᠭ᠎ᠠ ᠨᠢ ᠪᠠᠶᠠᠯᠢᠭ ᠠᠯᠢ ᠤᠯᠠᠨ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ | ᠥᠷᠨᠢᠭᠦᠯᠪᠡ᠃ | ᠠᠵᠢᠯᠯᠠᠭ᠎ᠠ ᠶᠢᠨ ᠬᠤᠭᠤᠴᠠᠭᠠᠨ ᠳᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠰᠦᠯᠵᠢᠶᠡᠨ ᠳᠡᠭᠡᠷᠡᠬᠢ ᠪᠠ ᠰᠦᠯᠵᠢᠶᠡᠨ ᠳᠤᠤᠷᠠᠬᠢ ᠶᠢ | ᠤᠶᠠᠯᠳᠤᠭᠤᠯᠬᠤ ᠠᠷᠭ᠎ᠠ ᠬᠡᠯᠪᠡᠷᠢ ᠶᠢ ᠭᠦᠢᠴᠡᠳ ᠠᠰᠢᠭᠯᠠᠨ᠂ ᠦᠨᠳᠦᠰᠦᠨ ᠬᠠᠤᠯᠢ ᠶᠢᠨ ᠤᠬᠠᠭᠤᠯᠭ᠎ᠠ ᠶᠢ ᠥᠷᠭᠡᠨ ᠢᠶᠠᠷ ᠥᠷᠨᠢᠭᠦᠯᠪᠡ᠃ ᠰᠦᠯᠵᠢᠶᠡᠨ ᠳᠡᠭᠡᠷ᠎ᠡ | ᠠᠵᠤ ᠠᠬᠤᠶᠢᠯᠠᠯ ᠢ ᠢᠳᠡᠪᠬᠢᠲᠡᠶ ᠵᠣᠬᠢᠶᠠᠨ ᠪᠠᠶᠢᠭᠤᠯᠵᠤ ᠦᠨᠳᠦᠰᠦᠨ ᠬᠠᠤᠯᠢ ᠶᠢᠨ ᠮᠡᠳᠡᠯᠭᠡ ᠶᠢᠨ ᠤᠷᠤᠯᠳᠤᠭᠠᠨ ᠳᠤ ᠣᠷᠣᠯᠴᠠᠭᠤᠯᠤᠭᠰᠠᠨ ᠪᠥᠭᠡᠳ | ᠲᠣᠪᠴᠢᠶ᠎ᠠ ᠶᠢᠨ ᠪᠠᠶᠢᠭᠤᠯᠭ᠎ᠠ ᠶᠢᠨ ᠣᠯᠠᠨ ᠨᠡᠶᠢᠲᠡ ᠶᠢᠨ ᠳ᠋ᠤᠭᠠᠷ ᠤᠨ ᠲᠠᠪᠴᠠᠩ ᠳᠤ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠠᠭᠤᠯᠭ᠎ᠠ ᠶᠢ 3 ᠵᠤᠷᠪᠤᠰ | ᠨᠡᠶᠢᠲᠡᠯᠡᠵᠦ᠂ ᠭᠦᠨ ᠵᠤᠵᠠᠭᠠᠨ ᠰᠤᠷᠤᠯᠴᠠᠬᠤ ᠠᠭᠤᠷ ᠠᠮᠢᠰᠬᠤᠯ ᠢ ᠪᠣᠶ ᠪᠣᠯᠭᠠᠵᠤ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠦᠴᠦᠨ ᠢ | ᠥᠷᠭᠡᠳᠬᠡᠪᠡ᠃ ᠰᠦᠯᠵᠢᠶᠡᠨ ᠳᠤᠤᠷ᠎ᠠ᠂ ᠠᠵᠤ ᠠᠬᠤᠶᠢᠯᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮᠲᠦ ᠦᠵᠡᠯ ᠰᠠᠨᠠᠭ᠎ᠠ ᠤᠨᠴᠠᠭᠠᠶᠢᠯᠠᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠰᠢᠨ᠎ᠡ ᠳᠤᠮᠳᠠᠳᠤ ᠤᠯᠤᠰ ᠤᠨ ᠦᠨᠳᠦᠰᠦᠨ ᠬᠠᠤᠯᠢ ᠶᠢᠨ ᠬᠥᠭᠵᠢᠯᠲᠡ ᠶᠢᠨ ᠥᠩᠭᠡᠷᠡᠯᠲᠡ ᠪᠠ | ᠦᠨᠳᠦᠰᠦᠨ ᠬᠠᠤᠯᠢ ᠶᠢᠨ ᠪᠠᠶᠢᠷᠢ ᠰᠠᠭᠤᠷᠢ ᠶᠢᠨ ᠦᠢᠯᠡᠳᠦᠯ᠂ ᠦᠨᠳᠦᠰᠦᠨ ᠬᠠᠤᠯᠢ᠂ ᠤᠯᠤᠰ ᠤᠨ ᠲᠤᠭ ᠤᠨ ᠬᠠᠤᠯᠢ᠂ ᠤᠯᠤᠰ ᠤᠨ ᠰᠦᠯᠳᠡ ᠶᠢᠨ ᠬᠠᠤᠯᠢ ᠵᠢᠴᠢ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢ ᠠᠬᠢᠭᠤᠯᠬᠤ | ᠲᠦᠷᠢᠮ︾ ᠵᠡᠷᠭᠡ ᠠᠭᠤᠯᠭ᠎ᠠ ᠶᠢᠨ ᠲᠣᠭᠤᠷᠢᠨ ᠳᠤ ᠲᠥᠪᠯᠡᠷᠡᠭᠦᠯᠦᠨ ᠰᠤᠷᠤᠯᠴᠠᠬᠤ ᠶᠢᠨ ᠬᠠᠮᠲᠤ ᠠᠵᠤ ᠠᠬᠤᠶᠢᠯᠠᠯ ᠤᠨ ᠡᠯᠧᠺᠲᠷᠣᠨ ᠬᠠᠯᠬᠠᠪᠴᠢ ᠳᠤ ᠦᠨᠳᠦᠰᠦᠨ | ᠬᠠᠤᠯᠢ ᠶᠢᠨ ᠤᠬᠠᠭᠤᠯᠭ᠎ᠠ ᠶᠢᠨ ᠭᠠᠷᠠᠭ ᠤᠨ ᠭᠤᠤᠯ ᠰᠡᠳᠦᠪᠲᠦ ᠤᠷᠢᠶ᠎ᠠ ᠶᠢ ᠦᠷᠭᠦᠯᠵᠢᠯᠡᠨ ᠨᠡᠪᠲᠡᠷᠡᠭᠦᠯᠵᠦ᠂ ᠠᠵᠤ ᠠᠬᠤᠶᠢᠯᠠᠯ ᠤᠨ ᠠᠵᠢᠯᠲᠠᠨ ᠢ ᠳᠠᠶᠢᠴᠢᠯᠠᠨ | ᠦᠨᠳᠦᠰᠦᠨ ᠬᠠᠤᠯᠢ ᠶᠢᠨ ᠮᠡᠳᠡᠯᠭᠡ ᠶᠢ ᠤᠬᠠᠭᠤᠯᠵᠤ᠂ ᠠᠵᠤ ᠠᠬᠤᠶᠢᠯᠠᠯ ᠤᠨ ᠬᠠᠤᠯᠢ ᠶᠣᠰᠣᠭᠠᠷ ᠡᠵᠡᠩᠨᠡᠬᠦ᠂ ᠦᠨᠡᠨᠴᠢ ᠢᠲᠡᠭᠡᠮᠵᠢᠲᠡᠶ ᠪᠠᠷ ᠬᠠᠤᠯᠢ ᠶᠢ ᠰᠠᠬᠢᠬᠤ ᠶᠢ | ᠬᠥᠲᠥᠯᠥᠨ ᠵᠢᠯᠣᠭᠤᠳᠪᠠ᠃ | ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠨ᠂ ᠠᠵᠤ ᠠᠬᠤᠶᠢᠯᠠᠯ ᠤᠨ ᠦᠨᠳᠦᠰᠦᠨ ᠬᠠᠤᠯᠢ ᠶᠢᠨ | ᠤᠬᠠᠮᠰᠠᠷ ᠪᠠ ᠬᠠᠤᠯᠢᠵᠢᠯ ᠤᠨ ᠦᠵᠡᠯᠲᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠦᠢᠯᠡᠰ ᠤᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠠᠶᠢᠨ ᠰᠠᠶᠢᠬᠠᠨ ᠬᠠᠤᠯᠢᠵᠢᠯ ᠤᠨ ᠣᠷᠴᠢᠨ ᠨᠥᠬᠦᠴᠡᠯ ᠢ ᠪᠣᠶ ᠪᠣᠯᠭᠠᠪᠠ᠃ ᠬᠤᠶᠢᠰᠢᠳᠠ ᠶᠢᠨ ᠠᠵᠢᠯ ᠤᠨ | ᠳᠤᠮᠳᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠦᠨᠳᠦᠰᠦᠨ ᠬᠠᠤᠯᠢ ᠶᠢ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ | ᠤᠬᠠᠭᠤᠯᠬᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠠᠵᠢᠯᠯᠠᠭ᠎ᠠ ᠶᠢᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠵᠦ᠂ | ᠬᠠᠤᠯᠢ ᠪᠠᠷ ᠵᠠᠰᠠᠬᠤ ᠨᠡᠶᠢᠭᠡᠮ ᠢ ᠪᠦᠲᠦᠭᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ᠃ |