ᠬᠤᠶᠠᠳᠤᠭᠠᠷ ᠪᠦᠯᠦᠭ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠤᠯᠤᠨ ᠪᠤᠷᠤᠯᠠᠭᠤᠯᠵᠦ ᠬᠤᠳᠠᠯᠳᠤᠬᠤ ᠬᠠᠮᠢᠶᠠᠷᠤᠯᠳᠠ | ᠵᠢᠷᠭᠤᠳᠤᠭᠠᠷ ᠵᠤᠷᠪᠤᠰ ᠲᠦᠷᠦ ᠶᠢᠨ ᠶᠠᠪᠤᠳᠠᠯ ᠤᠨ ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠠᠴᠠ ᠬᠠᠦᠯᠢ ᠶᠤᠰᠤᠭᠠᠷ ᠪᠠᠶᠢᠭᠤᠯᠤᠭᠰᠠᠨ ᠠᠰᠠᠷᠠᠮᠵᠢ ᠶᠢᠨ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠪᠡᠶ᠎ᠡ ᠶᠢᠨ ᠲᠠᠮᠢᠷ ᠤᠨ | ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ ︵ᠲᠤᠷᠤᠭᠰᠢ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ ᠭᠡᠵᠦ ᠲᠦᠭᠦᠮᠴᠢᠯᠡᠨ᠎ᠡ︶ ᠨᠢ | ᠪᠦᠬᠦ ᠤᠯᠤᠰ ᠤᠨ ᠠᠰᠠᠷᠠᠮᠵᠢ ᠶᠢᠨ ᠬᠤᠨᠵᠢᠪᠤᠷᠢᠳᠤ ᠰᠤᠭᠤᠯᠤᠭ᠎ᠠ᠂ ᠪᠡᠶ᠎ᠡ ᠶᠢᠨ ᠲᠠᠮᠢᠷ ᠤᠨ ᠬᠤᠨᠵᠢᠪᠤᠷᠢᠳᠤ ᠰᠤᠭᠤᠯᠤᠭ᠎ᠠ ᠤ ᠲᠠᠷᠬᠠᠭᠠᠬᠤ ᠪᠠ ᠵᠤᠬᠢᠶᠠᠨ ᠪᠠᠶᠢᠭᠤᠯᠵᠦ | ᠪᠤᠷᠤᠯᠠᠭᠤᠯᠵᠦ ᠬᠤᠳᠠᠯᠳᠤᠬᠤ ᠠᠵᠢᠯ ᠢ ᠲᠤᠰ ᠲᠤᠰ ᠬᠠᠷᠢᠭᠤᠴᠠᠨ᠎ᠠ᠃ ᠮᠤᠵᠢ᠂ ᠦᠪᠡᠷᠳᠡᠭᠡᠨ ᠵᠠᠰᠠᠬᠤ ᠤᠡᠤᠨ᠂ ᠰᠢᠭᠤᠳ ᠬᠠᠷᠢᠶᠠᠳᠤ ᠬᠤᠳᠠ ᠶᠢᠨ ᠠᠷᠠᠳ ᠤᠨ | ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠬᠠᠦᠯᠢ ᠶᠤᠰᠤᠭᠠᠷ | ᠪᠠᠶᠢᠭᠤᠯᠤᠭᠰᠠᠨ ᠠᠰᠠᠷᠠᠮᠵᠢ ᠶᠢᠨ ᠬᠤᠨᠵᠢᠪᠤᠷᠢᠳᠤ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠯᠮᠵᠢ᠂ ᠪᠡᠶ᠎ᠡ ᠶᠢᠨ ᠲᠠᠮᠢᠷ ᠤᠨ ᠬᠤᠨᠵᠢᠪᠤᠷᠢᠳᠤ ᠰᠤᠭᠤᠯᠤᠭ᠎ᠠ | ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ︵ᠲᠤᠷᠤᠭᠰᠢ ᠬᠤᠨᠵᠢᠪᠤᠷᠢᠳᠤ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠭᠡᠵᠦ ᠲᠦᠭᠦᠮᠴᠢᠯᠡᠨ᠎ᠡ︶ | ᠨᠢ ᠲᠤᠰ ᠵᠠᠰᠠᠭ ᠵᠠᠬᠢᠷᠭᠠᠨ ᠤ ᠤᠷᠤᠨ ᠨᠤᠳᠤᠭ ᠤᠨ ᠠᠰᠠᠷᠠᠮᠵᠢ ᠶᠢᠨ ᠬᠤᠨᠵᠢᠪᠤᠷᠢᠳᠤ ᠰᠤᠭᠤᠯᠤᠭ᠎ᠠ᠂ ᠪᠡᠶ᠎ᠡ ᠶᠢᠨ ᠲᠠᠮᠢᠷ ᠤᠨ ᠬᠤᠨᠵᠢᠪᠤᠷᠢᠳᠤ ᠰᠤᠭᠤᠯᠤᠭ᠎ᠠ | ᠪᠤᠷᠤᠯᠠᠭᠤᠯᠵᠦ ᠬᠤᠳᠠᠯᠳᠤᠬᠤ ᠠᠵᠢᠯ ᠢ ᠲᠤᠰ ᠲᠤᠰ ᠬᠠᠷᠢᠭᠤᠴᠠᠨ᠎ᠠ᠃ | ᠲᠤᠯᠤᠳᠤᠭᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ ᠶᠢᠨ ᠠᠰᠠᠷᠠᠮᠵᠢ ᠶᠢᠨ ᠬᠤᠨᠵᠢᠪᠤᠷᠢᠳᠤ ᠰᠤᠭᠤᠯᠤᠭ᠎ᠠ᠂ ᠪᠡᠶ᠎ᠡ ᠶᠢᠨ ᠲᠠᠮᠢᠷ ᠤᠨ | ᠬᠤᠨᠵᠢᠪᠤᠷᠢᠳᠤ ᠰᠤᠭᠤᠯᠤᠭ᠎ᠠ ᠤ ᠪᠤᠳᠠᠳᠠᠢ ᠲᠦᠷᠦᠯ ᠵᠦᠢᠯ ︵ᠲᠤᠷᠤᠭᠰᠢ ᠬᠤᠨᠵᠢᠪᠤᠷᠢᠳᠤ ᠰᠤᠭᠤᠯᠤᠭ᠎ᠠ ᠤ ᠲᠦᠷᠦᠯ ᠵᠦᠢᠯ ᠬᠡᠵᠦ ᠲᠦᠭᠦᠮᠴᠢᠯᠡᠨ᠎ᠡ︶ ᠢ ᠨᠡᠭᠡᠭᠡᠬᠦ᠂ | ᠵᠤᠭᠰᠤᠭᠠᠬᠤ ᠶᠢ ᠭᠤᠶᠤᠴᠢᠯᠠᠬᠤ ᠪᠤᠶᠤ ᠬᠤᠨᠵᠢᠪᠤᠷᠢᠳᠤ ᠰᠤᠭᠤᠯᠤᠭ᠎ᠠ ᠤ ᠲᠦᠷᠦᠯ ᠵᠦᠢᠯ ᠤᠨ ᠬᠢᠨᠠᠨ ᠵᠦᠪᠰᠢᠶᠡᠷᠡᠭᠦᠯᠬᠦ ᠵᠦᠢᠯᠡᠰ ᠢ ᠬᠤᠪᠢᠷᠭᠠᠬᠤ ᠶᠢ | ᠭᠤᠶᠤᠴᠢᠯᠠᠬᠤ ᠢ ᠲᠤᠰ ᠲᠦᠷᠢᠮ ᠳᠤ ᠲᠤᠭᠳᠠᠭᠠᠭᠰᠠᠨ ᠶᠠᠪᠤᠴᠠ ᠶᠢᠨ ᠲᠠᠭᠠᠦ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠲᠤ | ᠮᠡᠳᠡᠭᠦᠯᠵᠦ ᠵᠦᠪᠰᠢᠶᠡᠷᠡᠭᠦᠯᠦᠨ᠎ᠡ᠃ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠬᠤᠨᠵᠢᠪᠤᠷᠢᠳᠤ ᠰᠤᠭᠤᠯᠤᠭ᠎ᠠ ᠤ ᠵᠠᠬ᠎ᠠ | ᠲᠡᠯᠭᠡᠭᠦᠷ ᠤᠨ ᠡᠷᠡᠭᠦᠯ ᠢᠶᠠᠷ ᠬᠦᠭᠵᠢᠬᠦ ᠬᠡᠷᠡᠭᠴᠡᠭᠡ ᠶᠢ ᠦᠨᠳᠦᠰᠦᠯᠡᠵᠦ᠂ ᠬᠤᠨᠵᠢᠪᠤᠷᠢᠳᠤ ᠰᠤᠭᠤᠯᠤᠭ᠎ᠠ ᠤ ᠵᠠᠬ᠎ᠠ ᠲᠡᠯᠭᠡᠭᠦᠷ ᠪᠤᠯᠤᠨ ᠬᠤᠨᠵᠢᠪᠤᠷᠢᠳᠤ ᠰᠤᠭᠤᠯᠤᠭ᠎ᠠ ᠤ | ᠲᠦᠷᠦᠯ ᠵᠦᠢᠯ ᠤᠨ ᠪᠦᠳᠦᠴᠡ ᠶᠢ ᠵᠦᠢ ᠵᠤᠬᠢᠰᠳᠠᠢ ᠪᠠᠷ ᠲᠦᠯᠦᠪᠵᠢᠭᠦᠯᠬᠦ᠂ ᠬᠤᠨᠵᠢᠪᠤᠷᠢᠳᠤ ᠰᠤᠭᠤᠯᠤᠭ᠎ᠠ ᠤ ᠠᠶᠤᠯ ᠲᠦᠭᠰᠢᠭᠦᠷᠢ ᠶᠢ ᠴᠢᠩᠭ᠎ᠠ ᠡᠵᠡᠮᠰᠢᠬᠦ | ᠵᠠᠷᠴᠢᠮ ᠤᠨ ᠲᠠᠭᠠᠦ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ ᠶᠢᠨ ᠭᠤᠶᠤᠴᠢᠯᠠᠯ ᠳᠤ ᠬᠢᠨᠠᠨ ᠪᠠᠶᠢᠴᠠᠭᠠᠯᠳᠠ ᠬᠢᠨ᠎ᠡ᠃ | ᠨᠠᠢᠮᠠᠳᠤᠭᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ ᠨᠢ ᠬᠤᠨᠵᠢᠪᠤᠷᠢᠳᠤ ᠰᠤᠭᠤᠯᠤᠭ᠎ᠠ ᠤ ᠲᠦᠷᠦᠯ ᠵᠦᠢᠯ ᠨᠡᠬᠡᠬᠡᠭᠦ ᠶᠢ | ᠭᠤᠶᠤᠴᠢᠯᠠᠬᠤ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ | ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠬᠢᠨᠠᠵᠦ ᠬᠠᠷᠭᠤᠯᠤᠨ ᠵᠦᠪᠰᠢᠶᠡᠷᠡᠭᠦᠯᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ | ᠵᠠᠰᠠᠭ ᠤᠨ ᠰᠠᠯᠠᠭ᠎ᠠ ᠮᠦᠴᠢᠷ ᠲᠤ ᠲᠠᠷᠠᠭᠠᠬᠢ ᠭᠤᠶᠤᠴᠢᠯᠠᠯ ᠤᠨ ᠮᠠᠲ᠋ᠧᠷᠢᠶᠠᠯ ᠢ ᠲᠤᠰᠢᠶᠠᠨ᠎ᠠ᠄ | ︵ᠨᠢᠭᠡ︶ ᠭᠤᠶᠤᠴᠢᠯᠠᠯ ᠤᠨ ᠪᠢᠴᠢᠭ︔ | ︵ᠬᠤᠶᠠᠷ︶ ᠬᠤᠨᠵᠢᠪᠤᠷᠢᠳᠤ ᠰᠤᠭᠤᠯᠤᠭ᠎ᠠ ᠤ ᠲᠦᠷᠦᠯ ᠵᠦᠢᠯ ᠤᠨ ᠲᠦᠷᠢᠮ︔ | ︵ᠭᠤᠷᠪᠠ︶ ᠲᠠᠷᠬᠠᠭᠠᠬᠤ ᠬᠡᠯᠪᠡᠷᠢ᠂ ᠲᠠᠷᠬᠠᠭᠠᠬᠤ ᠬᠦᠷᠢᠶ᠎ᠡ ᠬᠡᠪᠴᠢᠶ᠎ᠡ︔ | ︵ᠲᠦᠷᠪᠡ︶ ᠵᠠᠬ᠎ᠠ ᠲᠡᠯᠭᠡᠭᠦᠷ ᠤᠨ ᠵᠠᠳᠠᠯᠤᠯᠳᠠ ᠶᠢᠨ ᠮᠡᠳᠡᠭᠦᠯᠦᠯᠳᠡ ᠵᠢᠴᠢ ᠮᠡᠷᠭᠡᠵᠢᠯ ᠤᠨ ᠬᠡᠷᠡᠭᠵᠢᠭᠦᠯᠵᠦ ᠪᠤᠯᠬᠤ ᠵᠠᠳᠠᠯᠤᠯᠳᠠ ᠶᠢᠨ ᠮᠡᠳᠡᠭᠦᠯᠦᠯᠳᠡ︔ | ︵ᠲᠠᠪᠤ︶ ᠱᠠᠩᠨᠠᠯ ᠨᠡᠭᠡᠭᠡᠬᠦ᠂ ᠱᠠᠩᠨᠠᠯ ᠤᠯᠭᠤᠬᠤ ᠠᠵᠢᠯᠯᠠᠭᠠᠨ ᠤ ᠲᠦᠷᠢᠮ︔ | ︵ᠵᠢᠷᠭᠤᠭ᠎ᠠ︶ ᠠᠶᠤᠯ ᠲᠦᠭᠰᠢᠭᠦᠷᠢ ᠶᠢ ᠡᠵᠡᠮᠰᠢᠬᠦ ᠲᠦᠰᠦᠯ᠃ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠬᠦᠯᠢᠶᠡᠨ | ᠠᠪᠴᠦ ᠰᠢᠢᠳᠪᠦᠷᠢᠯᠡᠭᠰᠡᠨ ᠠᠴᠠ ᠡᠬᠢᠯᠡᠨ 90 ᠠᠵᠢᠯ ᠤᠨ ᠡᠳᠦᠷ ᠤᠨ ᠲᠤᠳᠤᠷ᠎ᠠ᠂ ᠲᠤᠰᠬᠠᠢ ᠮᠡᠷᠭᠡᠵᠢᠯᠳᠡᠨ ᠤ ᠬᠢᠨᠠᠨ ᠲᠤᠭᠳᠠᠭᠠᠯᠳᠠ᠂ ᠪᠠᠳᠤᠯᠠᠬᠤ ᠬᠤᠷᠠᠯ ᠵᠡᠷᠭᠡ | ᠠᠷᠭ᠎ᠠ ᠬᠡᠯᠪᠡᠷᠢ ᠪᠠᠷ ᠬᠤᠨᠵᠢᠪᠤᠷᠢᠳᠤ ᠰᠤᠭᠤᠯᠤᠭ᠎ᠠ ᠤ ᠲᠦᠷᠦᠯ ᠵᠦᠢᠯ ᠢ ᠨᠡᠭᠡᠭᠡᠬᠦ ᠲᠠᠯ᠎ᠠ ᠪᠠᠷ ᠨᠡᠶᠢᠭᠡᠮ ᠤᠨ ᠰᠠᠨᠠᠯ ᠢ ᠰᠤᠨᠤᠰᠴᠦ᠂ ᠭᠤᠶᠤᠴᠢᠯᠠᠯ ᠳᠤ ᠬᠢᠨᠠᠨ | ᠪᠠᠶᠢᠴᠠᠭᠠᠯᠳᠠ ᠬᠢᠵᠦ ᠪᠢᠴᠢᠭ ᠤᠨ ᠰᠢᠢᠳᠪᠦᠷᠢ ᠭᠠᠷᠭᠠᠨ᠎ᠠ᠃ | ᠶᠢᠰᠦᠳᠦᠭᠡᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ ᠠᠴᠠ ᠬᠤᠨᠵᠢᠪᠤᠷᠢᠳᠤ ᠰᠤᠭᠤᠯᠤᠭ᠎ᠠ ᠤ ᠲᠦᠷᠦᠯ ᠵᠦᠢᠯ ᠤᠨ ᠲᠦᠷᠢᠮ᠂ | ᠲᠠᠷᠬᠠᠭᠠᠬᠤ ᠬᠡᠯᠪᠡᠷᠢ᠂ ᠲᠠᠷᠬᠠᠭᠠᠬᠤ ᠬᠡᠪᠴᠢᠶ᠎ᠡ ᠢ ᠦᠭᠡᠷᠡᠴᠢᠯᠡᠬᠦ ᠵᠡᠷᠭᠡ ᠭᠤᠶᠤᠴᠢᠯᠠᠯ ᠤᠨ ᠬᠢᠨᠠᠨ ᠵᠦᠪᠰᠢᠶᠡᠷᠡᠭᠦᠯᠬᠦ ᠵᠦᠢᠯᠡᠰ ᠢ ᠲᠦᠷᠦ ᠶᠢᠨ ᠶᠠᠪᠤᠳᠠᠯ ᠤᠨ | ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠢᠶᠠᠷ ᠬᠢᠨᠠᠨ ᠬᠠᠷᠭᠤᠭᠤᠯᠵᠦ ᠵᠦᠪᠰᠢᠶᠡᠷᠡᠭᠦᠯᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠲᠤ ᠭᠤᠶᠤᠴᠢᠯᠠᠯ | ᠭᠠᠷᠭᠠᠵᠦ᠂ ᠦᠭᠡᠷᠡᠴᠢᠯᠡᠬᠦ ᠵᠦᠢᠯ ᠲᠠᠢ ᠬᠠᠮᠢᠶᠠᠳᠠᠢ ᠮᠠᠲ᠋ᠧᠷᠢᠶᠠᠯ ᠢᠶᠠᠨ ᠲᠤᠰᠢᠶᠠᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ | ᠮᠦᠴᠢᠷ ᠭᠤᠶᠤᠴᠢᠯᠠᠯ ᠢ ᠬᠦᠯᠢᠶᠡᠨ ᠠᠪᠴᠦ ᠰᠢᠢᠳᠪᠦᠷᠢᠯᠡᠭᠰᠡᠨ ᠡᠳᠦᠷ ᠠᠴᠠ ᠡᠬᠢᠯᠡᠨ 45 ᠠᠵᠢᠯ ᠤᠨ ᠡᠳᠦᠷ ᠤᠨ ᠲᠤᠳᠤᠷ᠎ᠠ᠂ ᠭᠤᠶᠤᠴᠢᠯᠠᠯ ᠳᠤ ᠬᠢᠨᠠᠨ | ᠪᠠᠶᠢᠴᠠᠭᠠᠯᠳᠠ ᠬᠢᠵᠦ᠂ ᠪᠢᠴᠢᠭ ᠤᠨ ᠰᠢᠢᠳᠪᠦᠷᠢ ᠭᠠᠷᠭᠠᠨ᠎ᠠ᠃ | ᠠᠷᠪᠠᠳᠤᠭᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ ᠠᠴᠠ ᠬᠤᠨᠵᠢᠪᠤᠷᠢᠳᠤ ᠰᠤᠭᠤᠯᠤᠭ᠎ᠠ ᠤ ᠲᠦᠷᠦᠯ ᠵᠦᠢᠯ ᠢ ᠵᠤᠭᠰᠤᠭᠠᠬᠤ ᠶᠢ | ᠭᠤᠶᠤᠴᠢᠯᠠᠬᠤ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ | ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠢᠶᠠᠷ ᠬᠢᠨᠠᠨ ᠬᠠᠷᠭᠤᠭᠤᠯᠵᠦ ᠵᠦᠪᠰᠢᠶᠡᠷᠡᠭᠦᠯᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ | ᠵᠠᠰᠠᠭ ᠤᠨ ᠰᠠᠯᠠᠭ᠎ᠠ ᠮᠦᠴᠢᠷ ᠲᠤ ᠪᠢᠴᠢᠭ ᠤᠨ ᠭᠤᠶᠤᠴᠢᠯᠠᠯ ᠭᠠᠷᠭᠠᠨ ᠬᠤᠨᠵᠢᠪᠤᠷᠢᠳᠤ ᠰᠤᠭᠤᠯᠤᠭ᠎ᠠ ᠤ ᠲᠦᠷᠦᠯ ᠵᠦᠢᠯ ᠢ ᠵᠤᠭᠰᠤᠭᠠᠬᠤ ᠲᠠᠢ ᠬᠠᠮᠢᠶᠠᠳᠠᠢ | ᠮᠠᠲ᠋ᠧᠷᠢᠶᠠᠯ ᠢᠶᠠᠨ ᠲᠤᠰᠢᠶᠠᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠭᠤᠶᠤᠴᠢᠯᠠᠯ ᠢ ᠬᠦᠯᠢᠶᠡᠨ ᠠᠪᠴᠦ | ᠰᠢᠢᠳᠪᠦᠷᠢᠯᠡᠭᠰᠡᠨ ᠠᠴᠠ ᠡᠬᠢᠯᠡᠨ 10 ᠠᠵᠢᠯ ᠤᠨ ᠡᠳᠦᠷ ᠤᠨ ᠲᠤᠳᠤᠷ᠎ᠠ ᠭᠤᠶᠤᠴᠢᠯᠠᠯ ᠢ ᠬᠢᠨᠠᠨ ᠪᠠᠶᠢᠴᠠᠭᠠᠵᠦ ᠪᠢᠴᠢᠭ ᠤᠨ ᠰᠢᠢᠳᠪᠦᠷᠢ ᠭᠠᠷᠭᠠᠨ᠎ᠠ᠃ | ᠠᠷᠪᠠᠨ ᠨᠢᠭᠡᠳᠦᠭᠡᠷ ᠵᠤᠷᠪᠤᠰ ᠬᠤᠨᠵᠢᠪᠤᠷᠢᠳᠦ ᠰᠤᠭᠤᠯᠤᠭ᠎ᠠ ᠤ ᠲᠦᠷᠦᠯ ᠵᠦᠢᠯ ᠢ ᠨᠡᠭᠡᠭᠡᠬᠦ᠂ ᠵᠤᠭᠰᠤᠭᠠᠬᠤ ᠪᠤᠶᠤ ᠬᠤᠨᠵᠢᠪᠤᠷᠢᠳᠦ ᠰᠤᠭᠤᠯᠤᠭ᠎ᠠ ᠶᠢᠨ ᠲᠦᠷᠦᠯ | ᠵᠦᠢᠯ ᠤᠨ ᠬᠢᠨᠠᠨ ᠵᠦᠪᠰᠢᠶᠡᠷᠡᠬᠦ ᠵᠦᠢᠯᠡᠰ ᠢ ᠬᠤᠪᠢᠷᠭᠠᠬᠤ ᠵᠦᠪᠰᠢᠶᠡᠷᠡᠯ ᠤᠯᠤᠭᠰᠠᠨ ᠤ ᠲᠠᠷᠠᠭ᠎ᠠ᠂ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ ᠨᠢ | ᠬᠤᠨᠵᠢᠪᠤᠷᠢᠳᠦ ᠰᠤᠭᠤᠯᠤᠭ᠎ᠠ ᠤ ᠲᠦᠷᠦᠯ ᠵᠦᠢᠯ ᠨᠡᠭᠡᠭᠡᠬᠦ᠂ ᠬᠤᠪᠢᠷᠭᠠᠬᠤ᠂ ᠵᠤᠭᠰᠤᠭᠠᠬᠤ ᠠᠴᠠ 10 ᠪᠠᠶᠢᠭᠠᠯᠢ ᠶᠢᠨ ᠡᠳᠦᠷ ᠤᠨ ᠡᠮᠦᠨ᠎ᠡ ᠬᠤᠯᠪᠤᠭᠳᠠᠯ ᠪᠦᠭᠦᠢ | ᠮᠡᠳᠡᠭᠡ ᠵᠠᠩᠭᠢ ᠶᠢ ᠨᠡᠶᠢᠭᠡᠮ ᠳᠤ ᠵᠠᠷᠯᠠᠬᠤ ᠬᠡᠷᠡᠭᠳᠡᠢ᠃ | ᠠᠷᠪᠠᠨ ᠬᠤᠶᠠᠳᠤᠭᠠᠷ ᠵᠤᠷᠪᠤᠰ ᠨᠡᠶᠢᠭᠡᠮ ᠨᠡᠶᠢᠳᠡ ᠶᠢᠨ ᠠᠰᠢᠭ ᠲᠤᠰᠠ ᠶᠢ ᠬᠠᠮᠠᠭᠠᠯᠠᠬᠤ ᠱᠠᠭᠠᠷᠳᠠᠯᠭ᠎ᠠ ᠠᠴᠠ ᠪᠤᠯᠤᠭᠰᠠᠨ ᠪᠠᠴᠢᠮ ᠪᠠᠶᠢᠳᠠᠯ ᠳᠤ᠂ ᠲᠦᠷᠦ ᠶᠢᠨ | ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠴᠢᠬᠤᠯᠠ ᠠᠷᠭ᠎ᠠ ᠬᠡᠮᠵᠢᠶ᠎ᠡ ᠠᠪᠴᠦ᠂ ᠬᠤᠨᠵᠢᠪᠤᠷᠢᠳᠦ ᠰᠤᠭᠤᠯᠤᠭ᠎ᠠ ᠤ ᠲᠦᠷᠦᠯ ᠵᠦᠢᠯ ᠤᠨ | ᠬᠢᠨᠠᠨ ᠵᠦᠪᠰᠢᠶᠡᠷᠡᠬᠦ ᠵᠦᠢᠯᠡᠰ ᠢ ᠬᠤᠪᠢᠷᠭᠠᠬᠤ ᠪᠤᠶᠤ ᠬᠤᠨᠵᠢᠪᠤᠷᠢᠳᠦ ᠰᠤᠭᠤᠯᠤᠭ᠎ᠠ ᠤ ᠲᠦᠷᠦᠯ ᠵᠦᠢᠯ ᠢ ᠵᠤᠭᠰᠤᠭᠠᠬᠤ ᠶᠢ ᠰᠢᠢᠳᠴᠦ ᠪᠤᠯᠤᠨ᠎ᠠ᠃ | ᠠᠷᠪᠠᠨ ᠭᠤᠷᠪᠠᠳᠤᠭᠠᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ | ᠪᠠᠶᠢᠭᠤᠯᠤᠮᠵᠢ ᠠᠴᠠ ᠵᠠᠰᠠᠭ ᠤᠨ ᠤᠷᠳᠤᠨ ᠤ ᠬᠤᠳᠠᠯᠳᠤᠨ ᠠᠪᠬᠤ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠲᠦᠷᠢᠮ ᠤᠨ ᠲᠤᠭᠳᠠᠭᠠᠯ ᠶᠤᠰᠤᠭᠠᠷ | ᠪᠠᠷᠢᠮᠵᠢᠶ᠎ᠠ ᠳᠤ ᠨᠡᠶᠢᠴᠡᠭᠰᠡᠨ ᠬᠤᠨᠵᠢᠪᠤᠷᠢᠳᠦ ᠰᠤᠭᠤᠯᠤᠭ᠎ᠠ ᠤ ᠲᠦᠭᠦᠭᠡᠷᠦᠮᠵᠢ ᠪᠤᠯᠤᠨ ᠮᠡᠷᠭᠡᠵᠢᠯ ᠤᠨ ᠦᠢᠯᠡᠴᠢᠯᠡᠭᠡ ᠬᠤᠳᠠᠯᠳᠤᠨ ᠠᠪᠬᠤ ᠬᠡᠷᠡᠭᠳᠡᠢ᠃ | ᠬᠤᠨᠵᠢᠪᠤᠷᠢᠳᠦ ᠰᠤᠭᠤᠯᠤᠭ᠎ᠠ ᠤ ᠲᠦᠭᠦᠭᠡᠷᠦᠮᠵᠢ ᠪᠤᠯᠤᠨ ᠮᠡᠷᠭᠡᠵᠢᠯ ᠤᠨ ᠦᠢᠯᠡᠴᠢᠯᠡᠭᠡᠨ ᠤ ᠪᠠᠷᠢᠮᠵᠢᠶ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ | ᠵᠠᠰᠠᠭ ᠤᠨ ᠰᠠᠯᠠᠭ᠎ᠠ ᠮᠦᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ᠂ ᠪᠡᠶ᠎ᠡ ᠶᠢᠨ ᠲᠠᠮᠢᠷ ᠤᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠲᠠᠢ ᠬᠠᠮᠳᠤᠷᠠᠵᠦ ᠪᠠᠶᠢᠭᠠᠳ ᠤᠯᠤᠰ ᠤᠨ ᠬᠤᠯᠪᠤᠭᠳᠠᠯ ᠪᠦᠬᠦᠢ ᠪᠠᠷᠢᠮᠵᠢᠶᠠᠵᠢᠭᠤᠯᠬᠤ ᠬᠠᠦᠯᠢ ᠴᠠᠭᠠᠵᠠ᠂ ᠵᠠᠰᠭ ᠵᠠᠬᠢᠷᠭᠠᠨ ᠤ ᠬᠠᠦᠯᠢ | ᠲᠤᠭᠳᠠᠭᠠᠯ ᠤᠨ ᠲᠠᠭᠠᠦ ᠲᠤᠭᠳᠠᠭᠠᠨ᠎ᠠ᠃ | ᠠᠷᠪᠠᠨ ᠲᠦᠷᠪᠡᠳᠦᠭᠡᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ | ᠪᠠᠶᠢᠭᠤᠯᠤᠮᠵᠢ ᠨᠢ ᠠᠶᠤᠯ ᠲᠦᠭᠰᠢᠭᠦᠷᠢ ᠶᠢᠨ ᠬᠠᠮᠢᠶᠠᠷᠤᠯᠳᠠ ᠶᠢᠨ ᠲᠤᠭᠳᠠᠯᠴᠠᠭ᠎ᠠ ᠪᠠ ᠰᠡᠵᠢᠭᠳᠡᠢ ᠪᠡᠯᠡ ᠮᠦᠩᠭᠦᠨ ᠤ ᠮᠡᠳᠡᠭᠦᠯᠦᠯᠳᠡ ᠶᠢᠨ ᠲᠦᠷᠢᠮ ᠢ ᠪᠠᠶᠢᠭᠤᠯᠵᠦ᠂ | ᠬᠤᠨᠵᠢᠪᠤᠷᠢᠳᠦ ᠰᠤᠭᠤᠯᠤᠭ᠎ᠠ ᠤ ᠲᠠᠷᠬᠠᠭᠠᠬᠤ ᠪᠠ ᠪᠤᠷᠤᠯᠠᠭᠤᠯᠵᠦ ᠬᠤᠳᠠᠯᠳᠤᠬᠤ ᠠᠮᠤᠷ ᠲᠦᠪᠰᠢᠨ ᠢ ᠪᠠᠳᠤᠯᠠᠬᠤ ᠬᠡᠷᠡᠭᠳᠡᠢ᠃ ᠬᠤᠨᠵᠢᠪᠤᠷᠢᠳᠦ ᠰᠤᠭᠤᠯᠤᠭ᠎ᠠ | ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠠᠴᠠ ᠬᠤᠨᠵᠢᠪᠤᠷᠢᠳᠦ ᠰᠤᠭᠤᠯᠤᠭ᠎ᠠ ᠤ ᠪᠤᠷᠤᠯᠠᠭᠤᠯᠵᠦ | ᠬᠤᠳᠠᠯᠳᠤᠬᠤ ᠰᠢᠰᠲ᠋ᠧᠮ ᠤᠨ ᠲᠤᠭ᠎ᠠ ᠪᠠᠷᠢᠮᠳᠠ ᠶᠢᠨ ᠬᠠᠮᠢᠶᠠᠷᠤᠯᠳᠠ᠂ ᠱᠠᠩᠨᠠᠯ ᠨᠡᠭᠡᠭᠡᠬᠦ ᠪᠠ ᠤᠯᠭᠤᠬᠤ ᠬᠠᠮᠢᠶᠠᠷᠤᠯᠳᠠ ᠵᠢᠴᠢ ᠬᠤᠨᠵᠢᠪᠤᠷᠢᠳᠦ ᠰᠤᠭᠤᠯᠤᠭ᠎ᠠ ᠤ ᠪᠡᠯᠡ | ᠮᠦᠩᠭᠦᠨ ᠤ ᠲᠦᠪᠯᠡᠷᠡᠭᠦᠯᠦᠨ ᠬᠠᠮᠢᠶᠠᠷᠤᠯᠳᠠ ᠶᠢ ᠬᠠᠷᠢᠭᠤᠴᠠᠨ᠎ᠠ᠂ ᠦᠭᠡᠷ᠎ᠡ ᠪᠤᠰᠤᠳ ᠲᠤ ᠨᠠᠶᠢᠳᠠᠨ ᠬᠠᠮᠢᠶᠠᠷᠠᠭᠤᠯᠵᠦ ᠪᠤᠯᠬᠤ ᠦᠭᠡᠢ᠃ | ᠠᠷᠪᠠᠨ ᠲᠠᠪᠤᠳᠤᠭᠠᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ | ᠪᠠᠶᠢᠭᠤᠯᠤᠮᠵᠢ ᠠᠴᠠ ᠪᠠᠶᠢᠭᠤᠯᠭ᠎ᠠ ᠪᠤᠶᠤ ᠬᠤᠪᠢ ᠬᠦᠮᠦᠨ ᠢ ᠨᠠᠶᠢᠳᠠᠵᠦ᠂ ᠬᠤᠨᠵᠢᠪᠤᠷᠢᠳᠦ ᠰᠤᠭᠤᠯᠤᠭ᠎ᠠ ᠶᠢ ᠤᠷᠤᠯᠠᠨ ᠬᠤᠳᠠᠯᠳᠤᠭᠤᠯᠵᠦ ᠪᠤᠯᠤᠨ᠎ᠠ᠃ | ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠠᠴᠠ ᠨᠠᠶᠢᠳᠠᠯᠭ᠎ᠠ | ᠬᠦᠯᠢᠶᠡᠭᠰᠡᠨ ᠬᠤᠨᠵᠢᠪᠤᠷᠢᠳᠤ ᠰᠤᠭᠤᠯᠤᠭ᠎ᠠ ᠤᠷᠤᠯᠠᠨ ᠬᠤᠳᠠᠯᠳᠤᠭᠴᠢ ᠲᠠᠢ ᠤᠷᠤᠯᠠᠨ ᠬᠤᠳᠠᠯᠳᠤᠬᠤ ᠭᠡᠷ᠎ᠡ ᠲᠤᠭᠳᠠᠬᠤ ᠬᠡᠷᠡᠭᠳᠡᠢ᠃ ᠠᠰᠠᠷᠠᠮᠵᠢ ᠶᠢᠨ ᠬᠤᠨᠵᠢᠪᠤᠷᠢᠳᠤ | ᠰᠤᠭᠤᠯᠤᠭ᠎ᠠ᠂ ᠪᠡᠶ᠎ᠡ ᠶᠢᠨ ᠲᠠᠮᠢᠷ ᠤᠨ ᠬᠤᠨᠵᠢᠪᠤᠷᠢᠳᠦ ᠰᠤᠭᠤᠯᠤᠭ᠎ᠠ ᠤ ᠤᠷᠤᠯᠠᠨ ᠬᠤᠳᠠᠯᠳᠤᠬᠤ ᠭᠡᠷ᠎ᠡ ᠶᠢᠨ ᠬᠡᠪ ᠲᠤᠪᠬᠢᠮᠠᠯ ᠢ ᠲᠦᠷᠦ ᠶᠢᠨ ᠶᠠᠪᠤᠳᠠᠯ ᠤᠨ | ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠲᠤᠰ ᠲᠤᠰ ᠲᠤᠭᠳᠠᠭᠠᠨ᠎ᠠ᠃ | ᠬᠤᠨᠵᠢᠪᠤᠷᠢᠳᠤ ᠰᠤᠭᠤᠯᠤᠭ᠎ᠠ ᠤᠷᠤᠯᠠᠨ ᠬᠤᠳᠠᠯᠳᠤᠭᠴᠢ ᠠᠴᠠ ᠦᠭᠡᠷ᠎ᠡ ᠪᠤᠰᠤᠳ ᠢ ᠨᠠᠶᠢᠳᠠᠵᠦ ᠬᠤᠨᠵᠢᠪᠤᠷᠢᠳᠦ ᠰᠤᠭᠤᠯᠤᠭ᠎ᠠ ᠤᠷᠤᠯᠠᠨ ᠬᠤᠳᠠᠯᠳᠤᠭᠤᠯᠵᠦ ᠪᠤᠯᠬᠤ | ᠦᠭᠡᠢ᠃ | ᠠᠷᠪᠠᠨ ᠵᠢᠷᠭᠤᠳᠤᠭᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠠᠴᠠ ᠬᠤᠨᠵᠢᠪᠤᠷᠢᠳᠦ ᠰᠤᠭᠤᠯᠤᠭ᠎ᠠ ᠤᠷᠤᠯᠠᠨ | ᠬᠤᠳᠠᠯᠳᠤᠭᠴᠢ ᠳᠤ ᠬᠤᠨᠵᠢᠪᠤᠷᠢᠳᠤ ᠰᠤᠭᠤᠯᠤᠭ᠎ᠠ ᠠᠪᠬᠤ ᠲᠤᠰᠬᠠᠢ ᠲᠦᠭᠦᠭᠡᠷᠦᠮᠵᠢ ᠲᠤᠭᠢᠷᠠᠭᠤᠯᠵᠦ ᠦᠭᠭᠦ ᠭᠡᠷᠡᠭᠳᠡᠢ᠃ ᠬᠤᠨᠵᠢᠪᠤᠷᠢᠳᠤ ᠰᠤᠭᠤᠯᠤᠭ᠎ᠠ ᠠᠪᠬᠤ | ᠲᠤᠰᠬᠠᠢ ᠲᠦᠭᠦᠭᠡᠷᠦᠮᠵᠢ ᠨᠢ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠳᠤ ᠬᠠᠷᠢᠶᠠᠯᠠᠭᠳᠠᠨ᠎ᠠ᠂ ᠬᠤᠨᠵᠢᠪᠤᠷᠢᠳᠦ ᠰᠤᠭᠤᠯᠤᠭ᠎ᠠ | ᠤᠷᠤᠯᠠᠨ ᠬᠤᠳᠠᠯᠳᠤᠭᠴᠢ ᠠᠴᠠ ᠲᠡᠭᠦᠨ ᠢ ᠵᠢᠭᠡᠯᠡᠭᠦᠯᠵᠦ᠂ ᠲᠦᠷᠢᠶᠡᠰᠠᠯᠡᠭᠦᠯᠵᠦ᠂ ᠬᠤᠳᠠᠯᠳᠦᠵᠦ ᠪᠤᠯᠬᠤ ᠦᠭᠡᠢ᠃ | ᠠᠷᠪᠠᠨ ᠲᠤᠯᠤᠳᠤᠭᠠᠷ ᠵᠤᠷᠪᠤᠰ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠨᠢ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ | ᠪᠠᠶᠢᠭᠤᠯᠤᠮᠵᠢ ᠶᠢᠨ ᠵᠢᠯᠤᠭᠤᠳᠤᠯᠭ᠎ᠠ ᠲᠤᠤᠷ᠎ᠠ᠂ ᠬᠤᠨᠵᠢᠪᠤᠷᠢᠳᠤ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠲᠠᠯᠠᠪᠦᠷ ᠤᠨ ᠪᠠᠶᠢᠷᠢᠯᠠᠭᠤᠯᠤᠯᠳᠠ ᠶᠢ ᠨᠢᠭᠡᠳᠦᠯᠳᠡᠢ | ᠲᠦᠯᠦᠪᠯᠡᠨ ᠲᠦᠯᠦᠪᠵᠢᠭᠦᠯᠬᠦ ᠬᠡᠷᠡᠭᠳᠡᠢ᠃ ᠬᠤᠨᠵᠢᠪᠤᠷᠢᠳᠤ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠲᠠᠯᠠᠪᠦᠷ ᠨᠢ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ | ᠪᠠᠶᠢᠭᠤᠯᠤᠮᠵᠢ ᠶᠢᠨ ᠨᠢᠭᠡᠳᠦᠯᠲᠡᠢ ᠱᠠᠭᠠᠷᠳᠠᠯᠭ᠎ᠠ ᠶᠢᠨ ᠳᠠᠭᠠᠦ᠂ ᠬᠤᠨᠵᠢᠪᠤᠷᠢᠳᠤ ᠰᠤᠭᠤᠯᠤᠭ᠎ᠠ ᠬᠤᠳᠠᠯᠳᠤᠬᠤ ᠲᠤᠳᠤᠷᠬᠠᠶᠢᠯᠠᠯᠳᠠ ᠶᠢᠨ ᠲᠡᠮᠳᠡᠭ ᠶᠢ ᠲᠤᠬᠢᠷᠠᠭᠤᠯᠵᠦ᠂ | ᠰᠡᠷᠡᠮᠵᠢᠯᠡᠯ ᠤᠨ ᠤᠷᠢᠶ᠎ᠠ ᠶᠢ ᠨᠠᠭᠠᠬᠤ ᠬᠡᠷᠡᠭᠳᠡᠢ᠃ | ᠠᠷᠪᠠᠨ ᠨᠠᠢᠮᠠᠳᠤᠭᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ | ᠪᠠᠶᠢᠭᠤᠯᠤᠮᠵᠢ᠂ ᠬᠤᠨᠵᠢᠪᠤᠷᠢᠳᠤ ᠰᠤᠭᠤᠯᠤᠭ᠎ᠠ ᠤᠷᠤᠯᠠᠨ ᠬᠤᠳᠠᠯᠳᠤᠭᠴᠢ ᠨᠢ ᠲᠠᠷᠠᠭᠠᠬᠢ ᠠᠵᠢᠯᠯᠠᠭ᠎ᠠ ᠶᠢ ᠬᠢᠵᠦ ᠪᠤᠯᠬᠤ ᠦᠬᠡᠢ᠄ ︵ᠨᠢᠭᠡ︶ ᠬᠤᠳᠠᠯ ᠬᠠᠭᠤᠷᠮᠠᠭᠴᠢ | ᠂ ᠪᠤᠷᠤᠭᠤ ᠵᠢᠯᠤᠭᠤᠳᠬᠤ ᠴᠢᠨᠠᠷᠳᠠᠢ ᠤᠬᠠᠭᠤᠯᠬᠤ︔ ︵ᠬᠤᠶᠠᠷ︶ ᠠᠳᠠᠯᠢ ᠲᠦᠷᠦᠯ ᠤᠨ ᠠᠵᠢᠯᠳᠠᠨ ᠢᠶᠠᠨ ᠭᠦᠳᠬᠡᠬᠦ ᠵᠡᠷᠭᠡ ᠠᠷᠭ᠎ᠠ ᠠᠪᠴᠠᠯ ᠢᠶᠠᠷ ᠵᠦᠢ ᠪᠤᠰᠦ ᠪᠠᠷ | ᠦᠷᠢᠰᠦᠯᠳᠦᠬᠦ︔ ︵ᠭᠤᠷᠪᠠ︶ ᠨᠠᠰᠤᠨ ᠳᠤ ᠦᠯᠦ ᠬᠦᠷᠦᠭᠰᠡᠳ ᠲᠤ ᠬᠤᠨᠵᠢᠪᠤᠷᠢᠳᠤ ᠰᠤᠭᠤᠯᠤᠭ᠎ᠠ ᠬᠤᠳᠠᠯᠳᠤᠬᠤ︔ ︵ᠲᠦᠷᠪᠡ︶ ᠱᠡᠭᠡᠯᠡᠨ ᠪᠤᠷᠤᠯᠠᠭᠤᠯᠬᠤ | ᠪᠤᠶᠤ ᠢᠳᠡᠭᠡᠮᠵᠢ ᠶᠢᠨ ᠬᠡᠯᠪᠡᠷᠢ ᠪᠠᠷ ᠬᠤᠨᠵᠢᠪᠤᠷᠢᠳᠦ ᠰᠤᠭᠤᠯᠤᠭ᠎ᠠ ᠬᠤᠳᠠᠯᠳᠤᠬᠤ᠃ | ᠠᠷᠪᠠ ᠶᠢᠰᠦᠳᠦᠭᠡᠷ ᠵᠤᠷᠪᠤᠰ ᠬᠤᠨᠵᠢᠪᠤᠷᠢᠳᠦ ᠰᠤᠭᠤᠯᠤᠭ᠎ᠠ ᠶᠢ ᠤᠰᠠᠳᠬᠠᠬᠤ ᠴᠢᠬᠤᠯᠠᠲᠠᠢ ᠪᠤᠯ᠂ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ | ᠪᠠᠶᠢᠭᠤᠯᠤᠮᠵᠢ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠲᠤ ᠮᠡᠳᠡᠭᠦᠯᠵᠦ ᠵᠦᠪᠰᠢᠶᠡᠷᠡᠭᠦᠯᠦᠭᠰᠡᠨ ᠤ ᠲᠠᠷᠠᠭ᠎ᠠ᠂ | ᠲᠦᠷᠦ ᠶᠢᠨ ᠶᠠᠪᠤᠳᠠᠯ ᠤᠨ ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ ᠲᠠᠮᠢᠷ ᠤᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠤᠨ ᠬᠢᠨᠠᠯᠳᠠ ᠲᠤᠤᠷ᠎ᠠ ᠤᠰᠠᠳᠬᠠᠨ᠎ᠠ᠃ | ᠬᠤᠷᠢᠳᠤᠭᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠤ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ | ᠪᠠᠶᠢᠭᠤᠯᠤᠮᠵᠢ ᠠᠴᠠ ᠬᠤᠨᠵᠢᠪᠤᠷᠢᠳᠤ ᠰᠤᠭᠤᠯᠤᠭ᠎ᠠ ᠤ ᠲᠠᠷᠬᠠᠭᠠᠯᠳᠠ᠂ ᠪᠤᠷᠤᠯᠠᠭᠤᠯᠤᠨ ᠬᠤᠳᠠᠯᠳᠣᠭᠰᠠᠨ ᠪᠠᠶᠢᠳᠠᠯ ᠢ ᠴᠠᠭ ᠲᠤᠬᠠᠢ ᠳᠤᠨᠢ ᠨᠡᠶᠢᠭᠡᠮ ᠳᠤ ᠪᠦᠬᠦ | ᠲᠠᠯ᠎ᠠ ᠪᠠᠷ ᠨᠡᠶᠢᠳᠡᠯᠡᠵᠦ᠂ ᠨᠡᠶᠢᠭᠡᠮ ᠨᠡᠶᠢᠳᠡ ᠶᠢᠨ ᠬᠢᠨᠠᠯᠳᠠ ᠶᠢ ᠬᠦᠯᠢᠶᠡᠬᠦ ᠬᠡᠷᠡᠭᠳᠡᠢ᠃ |