ᠲᠦᠷᠪᠡᠳᠦᠭᠡᠷ ᠪᠦᠯᠦᠭ ᠬᠤᠨᠵᠢᠪᠤᠷᠢᠳᠤ ᠰᠤᠭᠤᠯᠤᠭ᠎ᠠ ᠤ ᠪᠡᠯᠡ ᠮᠦᠩᠭᠦ ᠶᠢᠨ ᠬᠠᠮᠢᠶᠠᠷᠤᠯᠳᠠ | ᠬᠤᠷᠢᠨ ᠨᠠᠢᠮᠠᠳᠤᠭᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠤ ᠪᠡᠯᠡ ᠮᠦᠩᠭᠦᠨ ᠳᠤ ᠬᠤᠨᠵᠢᠪᠤᠷᠢᠳᠦ ᠰᠤᠭᠤᠯᠤᠭ᠎ᠠ ᠤ ᠱᠠᠩᠨᠠᠯ ᠤᠨ ᠮᠦᠩᠭᠦ᠂ ᠬᠤᠨᠵᠢᠪᠤᠷᠢᠳᠣ | ᠰᠤᠭᠤᠯᠤᠭ᠎ᠠ ᠲᠠᠷᠬᠠᠭᠠᠬᠤ ᠵᠠᠷᠤᠳᠠᠯ ᠪᠤᠯᠤᠨ ᠬᠤᠨᠵᠢᠪᠤᠷᠢᠲᠤ ᠰᠤᠭᠤᠯᠤᠭ᠎ᠠ ᠤ ᠨᠡᠶᠢᠳᠡ ᠶᠢᠨ ᠠᠰᠠᠷᠠᠮᠵᠢ ᠶᠢᠨ ᠮᠦᠩᠭᠦ ᠪᠠᠭᠳᠠᠨ᠎ᠠ᠃ ᠬᠤᠨᠵᠢᠪᠤᠷᠢᠳᠤ ᠰᠤᠭᠤᠯᠤᠭ᠎ᠠ ᠤ | ᠪᠡᠯᠡ ᠮᠦᠩᠭᠦᠨ ᠤ ᠪᠦᠷᠢᠯᠳᠦᠯ ᠤᠨ ᠬᠠᠷᠢᠴᠠᠯ ᠢ ᠲᠦᠷᠦ ᠶᠢᠨ ᠶᠠᠪᠤᠳᠠᠯ ᠤᠨ ᠬᠤᠷᠢᠶᠠᠨ ᠠᠴᠠ ᠰᠢᠢᠳᠦᠨ᠎ᠡ᠃ ᠬᠤᠨᠵᠢᠪᠤᠷᠢᠳᠣ ᠰᠣᠭᠤᠯᠤᠭ᠎ᠠ ᠤ ᠲᠦᠷᠦᠯ ᠵᠦᠢᠯ ᠤᠨ | ᠬᠤᠭᠤᠷᠤᠨᠳᠤᠬᠢ ᠬᠤᠨᠵᠢᠪᠤᠷᠢᠳᠦ ᠰᠤᠭᠤᠯᠤᠭ᠎ᠠ ᠤ ᠪᠡᠯᠡ ᠮᠦᠩᠭᠦᠨ ᠤ ᠪᠤᠳᠠᠳᠠᠢ ᠪᠦᠷᠢᠯᠳᠦᠯ ᠤᠨ ᠬᠠᠷᠢᠴᠠᠯ ᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ | ᠵᠠᠰᠠᠭ ᠤᠨ ᠰᠠᠯᠠᠭ᠎ᠠ ᠮᠦᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢ ᠶᠢ ᠦᠨᠳᠦᠰᠦᠯᠡᠨ ᠲᠤᠭᠳᠠᠭᠠᠨ᠎ᠠ᠃ ᠬᠤᠨᠵᠢᠪᠤᠷᠢᠳᠤ ᠰᠤᠭᠤᠯᠤᠭ᠎ᠠ | ᠲᠠᠷᠬᠠᠭᠠᠬᠤ ᠬᠦᠷᠢᠶ᠎ᠡ ᠬᠡᠪᠴᠢᠶᠡᠨ ᠤ ᠦᠷᠭᠡᠳᠬᠦ ᠪᠠ ᠬᠤᠨᠵᠢᠪᠤᠷᠢᠳᠦ ᠰᠤᠭᠤᠯᠤᠭ᠎ᠠ ᠶᠢᠨ ᠲᠦᠷᠦᠯ ᠵᠦᠢᠯ ᠨᠡᠮᠡᠭᠳᠡᠬᠦ ᠶᠢ ᠲᠠᠭᠠᠯᠳᠦᠨ᠂ ᠬᠤᠨᠵᠢᠪᠤᠷᠢᠳᠦ | ᠰᠤᠭᠤᠯᠤᠭ᠎ᠠ ᠤ ᠲᠠᠷᠬᠠᠭᠠᠬᠤ ᠵᠠᠷᠤᠳᠠᠯ ᠤᠨ ᠬᠠᠷᠢᠴᠠᠯ ᠢ ᠪᠠᠭᠤᠷᠠᠭᠤᠯᠵᠦ ᠪᠤᠯᠤᠨ᠎ᠠ᠃ | ᠬᠤᠷᠢ ᠶᠢᠰᠦᠳᠦᠭᠡᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ | ᠪᠠᠶᠢᠭᠤᠯᠤᠮᠵᠢ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠤᠨ ᠲᠦᠷᠢᠮ ᠤᠨ ᠲᠠᠭᠠᠦ ᠬᠤᠨᠵᠢᠪᠤᠷᠢᠳᠤ ᠰᠤᠭᠤᠯᠤᠭ᠎ᠠ ᠤ | ᠪᠡᠯᠡ ᠮᠦᠩᠭᠦᠨ ᠤ ᠲᠠᠩᠰᠠ ᠨᠡᠭᠡᠭᠡᠵᠦ᠂ ᠬᠤᠨᠵᠢᠪᠤᠷᠢᠳᠦ ᠰᠤᠭᠤᠯᠤᠭ᠎ᠠ ᠤ ᠪᠡᠯᠡ ᠮᠦᠩᠭᠦ ᠶᠢ ᠬᠠᠷᠭᠤᠭᠤᠯᠵᠦ ᠪᠤᠳᠤᠬᠤ ᠳᠤ ᠬᠡᠷᠡᠭᠯᠡᠬᠦ ᠬᠡᠷᠡᠭᠳᠡᠢ᠃ | ᠭᠤᠴᠢᠳᠣᠭᠠᠷ ᠵᠤᠷᠪᠤᠰ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠪᠤᠯᠤᠨ ᠮᠤᠵᠢ᠂ ᠦᠪᠡᠷᠳᠡᠬᠡᠨ ᠵᠠᠰᠠᠬᠤ ᠤᠷᠤᠨ᠂ | ᠰᠢᠭᠤᠳ ᠬᠠᠷᠢᠶᠠᠳᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠬᠤᠨᠵᠢᠪᠤᠷᠢᠳᠤ ᠰᠤᠭᠤᠯᠤᠭ᠎ᠠ ᠤ ᠲᠠᠷᠬᠠᠭᠠᠬᠤ | ᠂ ᠪᠤᠷᠤᠯᠠᠭᠤᠯᠤᠨ ᠬᠤᠳᠠᠯᠳᠣᠬᠤ ᠪᠤᠯᠤᠨ ᠪᠡᠯᠡ ᠮᠦᠩᠭᠦᠨ ᠤ ᠬᠠᠮᠢᠶᠠᠷᠤᠯᠳᠠ ᠶᠢᠨ ᠮᠡᠳᠡᠭᠡ ᠵᠠᠩᠬᠢ ᠶᠢᠨ ᠰᠢᠰᠲ᠋ᠧᠮ ᠢ ᠪᠠᠶᠢᠭᠤᠯᠵᠦ᠂ ᠬᠤᠨᠵᠢᠪᠤᠷᠢᠳᠤ ᠰᠤᠭᠤᠯᠤᠭ᠎ᠠ ᠤ | ᠪᠤᠷᠤᠯᠠᠭᠤᠯᠤᠨ ᠬᠤᠳᠠᠯᠳᠣᠯᠳᠠ ᠪᠠ ᠪᠡᠯᠡ ᠮᠦᠩᠭᠦᠨ ᠤ ᠡᠷᠭᠢᠯᠳᠡ ᠶᠢ ᠴᠠᠭ ᠲᠤᠬᠠᠢ ᠳᠤᠨᠢ ᠡᠵᠡᠮᠰᠢᠬᠦ ᠭᠡᠷᠡᠭᠳᠡᠢ᠃ | ᠭᠤᠴᠢᠨ ᠨᠢᠭᠡᠳᠦᠭᠡᠷ ᠵᠤᠷᠪᠤᠰ ᠬᠤᠨᠵᠢᠪᠤᠷᠢᠳᠤ ᠰᠤᠭᠤᠯᠤᠭ᠎ᠠ ᠤ ᠱᠠᠩᠨᠠᠯ ᠤᠨ ᠮᠦᠩᠭᠦ ᠶᠢ ᠬᠤᠨᠵᠢᠪᠤᠷᠢᠳᠤ ᠰᠤᠭᠤᠯᠤᠭ᠎ᠠ ᠳᠤ ᠱᠠᠩᠨᠠᠯ ᠤᠯᠤᠭᠴᠢ ᠳᠤ ᠠᠰᠢᠭᠯᠠᠨ᠎ᠠ | ᠃ ᠬᠤᠨᠵᠢᠪᠤᠷᠢᠳᠤ ᠰᠤᠭᠤᠯᠤᠭ᠎ᠠ ᠤ ᠲᠠᠩ ︵单注︶ ᠱᠠᠩᠨᠠᠯ ᠤᠨ ᠮᠦᠩᠭᠦ ᠶᠢᠨ ᠬᠠᠮᠤᠭ ᠤᠨ ᠦᠨᠳᠦᠷ ᠬᠡᠮᠵᠢᠶ᠎ᠡ ᠶᠢ ᠲᠦᠷᠦ ᠶᠢᠨ ᠶᠠᠪᠤᠳᠠᠯ ᠤᠨ ᠬᠤᠷᠢᠶᠠᠨ ᠤ | ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠬᠤᠨᠵᠢᠪᠤᠷᠢᠳᠦ ᠰᠤᠭᠤᠯᠤᠭ᠎ᠠ ᠤ ᠵᠠᠬ᠎ᠠ ᠲᠡᠯᠭᠡᠭᠦᠷ ᠤᠨ ᠬᠦᠭᠵᠢᠯᠳᠡ ᠶᠢᠨ ᠪᠠᠶᠢᠳᠠᠯ ᠢ ᠦᠨᠳᠦᠰᠦᠯᠡᠨ ᠰᠢᠢᠳᠦᠨ᠎ᠡ᠃ | ᠬᠤᠭᠤᠴᠠᠭ᠎ᠠ ᠨᠢ ᠬᠡᠳᠦᠷᠡᠵᠦ ᠲᠣᠰᠣᠭᠰᠠᠨ ᠦᠭᠡᠢ ᠱᠠᠩᠨᠠᠯ ᠤᠨ ᠮᠦᠩᠭᠦ ᠶᠢ ᠬᠤᠨᠵᠢᠪᠤᠷᠢᠳᠦ ᠰᠤᠭᠤᠯᠤᠭ᠎ᠠ ᠤ ᠨᠡᠶᠢᠳᠡ ᠶᠢᠨ ᠠᠰᠠᠷᠠᠮᠵᠢ ᠶᠢᠨ ᠮᠦᠩᠭᠦᠨ ᠳᠤ | ᠤᠷᠤᠭᠤᠯᠤᠨ᠎ᠠ᠃ | ᠭᠤᠴᠢᠨ ᠬᠤᠶᠠᠳᠤᠭᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠵᠠᠷᠤᠳᠠᠯ ᠢ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ | ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠵᠠᠷᠤᠬᠤ ᠵᠠᠷᠤᠯᠭ᠎ᠠ ᠵᠢᠴᠢ ᠬᠤᠨᠵᠢᠪᠤᠷᠢᠳᠦ | ᠰᠤᠭᠤᠯᠤᠭ᠎ᠠ ᠤᠷᠤᠯᠠᠨ ᠬᠤᠳᠠᠯᠳᠤᠭᠴᠢ ᠶᠢᠨ ᠪᠤᠷᠤᠯᠠᠭᠤᠯᠵᠦ ᠬᠤᠳᠠᠯᠳᠤᠬᠤ ᠳᠤ ᠵᠠᠷᠤᠬᠤ ᠵᠠᠷᠤᠯᠭ᠎ᠠ ᠳᠤ ᠲᠤᠰᠬᠠᠶᠢᠯᠠᠨ ᠠᠰᠢᠭᠯᠠᠨ᠎ᠠ᠃ ᠬᠤᠨᠵᠢᠪᠤᠷᠢᠳᠦ ᠰᠤᠭᠤᠯᠤᠭ᠎ᠠ | ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠵᠠᠷᠤᠳᠠᠯ ᠢ ᠤᠷᠤᠯᠭ᠎ᠠ | ᠵᠠᠷᠤᠯᠭ᠎ᠠ ᠶᠢᠨ ᠬᠤᠶᠠᠷ ᠱᠤᠭᠤᠮ ᠢᠶᠠᠷ ᠬᠠᠮᠢᠶᠠᠷᠴᠦ᠂ ᠲᠡᠭᠦᠨ ᠤ ᠵᠠᠷᠤᠯᠭ᠎ᠠ ᠨᠢ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ | ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠶᠢᠨ ᠡᠳ᠋ ᠤᠨ ᠶᠠᠪᠤᠳᠠᠯ ᠤᠨ ᠬᠠᠮᠢᠶᠠᠷᠤᠯᠳᠠ ᠶᠢᠨ ᠲᠦᠷᠢᠮ ᠳᠤ ᠨᠡᠶᠢᠴᠡᠬᠦ ᠭᠡᠷᠡᠭᠳᠡᠢ᠃ | ᠭᠤᠴᠢᠨ ᠭᠤᠷᠪᠠᠳᠤᠭᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠤ ᠨᠡᠶᠢᠳᠡ ᠶᠢᠨ ᠠᠰᠠᠷᠠᠮᠵᠢ ᠶᠢᠨ ᠮᠦᠩᠭᠦ ᠶᠢ ᠨᠡᠶᠢᠭᠡᠮ ᠤᠨ ᠠᠰᠠᠷᠠᠮᠵᠢ᠂ ᠪᠡᠶ᠎ᠡ ᠶᠢᠨ ᠲᠠᠮᠢᠷ | ᠵᠡᠷᠭᠡ ᠨᠡᠶᠢᠭᠡᠮ ᠨᠡᠶᠢᠳᠡ ᠶᠢᠨ ᠠᠰᠠᠷᠠᠮᠵᠢ ᠶᠢᠨ ᠦᠢᠯᠡᠰ ᠲᠤ ᠲᠤᠰᠬᠠᠶᠢᠯᠠᠨ ᠠᠰᠢᠭᠯᠠᠨ᠎ᠠ᠂ ᠡᠳ᠋ ᠤᠨ ᠵᠠᠰᠠᠭ ᠤᠨ ᠡᠩ ᠤᠨ ᠲᠦᠰᠦᠪ ᠢ ᠲᠡᠩᠴᠡᠭᠦᠰᠢᠷᠡᠭᠦᠯᠬᠦ ᠳᠤ | ᠠᠰᠢᠭᠯᠠᠬᠤ ᠦᠭᠡᠢ᠃ ᠬᠤᠨᠵᠢᠪᠤᠷᠢᠳᠤ ᠰᠤᠭᠤᠯᠤᠭ᠎ᠠ ᠤ ᠨᠡᠶᠢᠳᠡ ᠶᠢᠨ ᠠᠰᠠᠷᠠᠮᠵᠢ ᠶᠢᠨ ᠮᠦᠩᠭᠦ ᠶᠢ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠭᠦᠨ ᠤ | ᠬᠠᠮᠢᠶᠠᠷᠤᠯᠳᠠ ᠶᠢᠨ ᠠᠷᠭ᠎ᠠ ᠶᠢ ᠦᠨᠳᠦᠰᠦᠯᠠᠵᠦ᠂ ᠲᠦᠰᠦᠪ ᠲᠤ ᠤᠷᠤᠭᠤᠯᠤᠨ᠂ ᠤᠷᠤᠯᠭ᠎ᠠ ᠵᠠᠷᠤᠯᠭ᠎ᠠ ᠬᠤᠶᠠᠷ ᠱᠤᠭᠤᠮ ᠤᠨ ᠬᠠᠮᠢᠶᠠᠷᠤᠯᠳᠠ ᠶᠢ ᠬᠡᠷᠡᠭᠵᠢᠭᠦᠯᠦᠨ᠎ᠡ᠃ | | ᠭᠤᠴᠢᠨ ᠲᠦᠷᠪᠡᠳᠦᠭᠡᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ | ᠪᠠᠶᠢᠭᠤᠯᠤᠮᠵᠢ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠤᠨ ᠲᠤᠭᠳᠠᠭᠠᠯ ᠤᠨ ᠲᠠᠭᠠᠦ᠂ ᠬᠤᠨᠵᠢᠪᠤᠷᠢᠳᠤ ᠰᠤᠭᠤᠯᠤᠭ᠎ᠠ ᠤ | ᠨᠡᠶᠢᠳᠡ ᠶᠢᠨ ᠠᠰᠠᠷᠠᠮᠵᠢ ᠶᠢᠨ ᠮᠦᠩᠭᠦ ᠪᠠ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠵᠠᠷᠤᠳᠠᠯ ᠤᠨ ᠲᠤᠬᠠᠶᠢᠯᠠᠭᠰᠠᠨ ᠠᠵᠢᠯ ᠤᠨ ᠵᠠᠷᠤᠳᠠᠯ ᠢ ᠴᠠᠭ ᠲᠤᠬᠠᠢ ᠳᠤᠨᠢ | ᠲᠡᠭᠡᠭᠰᠢ ᠲᠤᠰᠢᠶᠠᠵᠦ᠂ ᠲᠤᠮᠳᠠ ᠠᠴᠠ ᠨᠢ ᠦᠯᠡᠳᠡᠭᠡᠬᠦ ᠪᠤᠶᠤ ᠨᠡᠭᠦᠯᠭᠡᠨ ᠬᠡᠷᠡᠭᠯᠡᠵᠦ ᠪᠤᠯᠬᠤ ᠦᠭᠡᠢ᠃ ᠡᠳ᠋ ᠶᠢᠨ ᠵᠠᠰᠠᠭ ᠤᠨ ᠰᠠᠯᠠᠭ᠎ᠠ ᠮᠦᠴᠢᠷ ᠨᠢ ᠬᠤᠨᠵᠢᠪᠤᠷᠢᠳᠦ | ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠵᠠᠷᠤᠳᠠᠯ ᠢ | ᠴᠠᠭ ᠲᠤᠬᠠᠢ ᠳᠤᠨᠢ ᠬᠠᠷᠭᠤᠭᠤᠯᠵᠦ ᠪᠠᠭᠤᠯᠭᠠᠵᠦ ᠦᠭᠭᠦ ᠭᠡᠷᠡᠭᠳᠡᠢ᠃ | ᠭᠤᠴᠢᠨ ᠲᠠᠪᠤᠳᠤᠭᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠤ ᠨᠡᠶᠢᠳᠡ ᠶᠢᠨ ᠠᠰᠠᠷᠠᠮᠵᠢ ᠶᠢᠨ ᠮᠦᠩᠭᠦᠨ ᠤ ᠬᠤᠪᠢᠶᠠᠷᠠᠯᠳᠠ ᠶᠢᠨ ᠪᠤᠳᠤᠯᠭ᠎ᠠ ᠶᠢ ᠲᠦᠷᠦ ᠶᠢᠨ | ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠠᠷᠠᠳ ᠤᠨ ᠶᠠᠪᠤᠳᠠᠯ ᠪᠠ ᠪᠡᠶ᠎ᠡ ᠶᠢᠨ ᠲᠠᠮᠢᠷ ᠤᠨ | ᠵᠠᠰᠠᠭ ᠵᠠᠬᠢᠷᠭ᠎ᠠ ᠵᠡᠷᠭᠡ ᠰᠠᠯᠠᠭ᠎ᠠ ᠮᠦᠴᠢᠷ ᠲᠠᠢ ᠬᠠᠮᠳᠤᠷᠠᠵᠦ ᠪᠠᠶᠢᠭᠠᠳ ᠲᠦᠰᠦᠯ ᠭᠠᠷᠭᠠᠨ᠂ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠦᠨ | ᠵᠦᠪᠰᠢᠶᠡᠷᠡᠭᠦᠯᠦᠭᠰᠡᠨ ᠤ ᠲᠠᠷᠠᠭ᠎ᠠ ᠭᠡᠷᠡᠭᠵᠢᠭᠦᠯᠦᠨ᠎ᠡ᠃ | ᠭᠤᠴᠢᠨ ᠵᠢᠷᠭᠤᠳᠤᠭᠠᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠵᠠᠷᠤᠳᠠᠯ᠂ ᠬᠤᠨᠵᠢᠪᠤᠷᠢᠳᠤ ᠰᠤᠭᠤᠯᠤᠭ᠎ᠠ ᠤ ᠨᠡᠶᠢᠳᠡ ᠶᠢᠨ ᠠᠰᠠᠷᠠᠮᠵᠢ ᠶᠢᠨ | ᠮᠦᠩᠭᠦ ᠶᠢ ᠬᠠᠮᠢᠶᠠᠷᠬᠤ᠂ ᠬᠡᠷᠡᠭᠯᠡᠬᠦ ᠪᠠᠶᠢᠭᠤᠯᠭ᠎ᠠ ᠨᠢ ᠡᠳ᠋ ᠤᠨ ᠵᠠᠰᠠᠭ ᠤᠨ ᠰᠠᠯᠠᠭ᠎ᠠ ᠮᠦᠴᠢᠷ᠂ ᠬᠢᠨᠠᠨ ᠪᠤᠳᠤᠯᠳᠠ ᠶᠢᠨ ᠪᠠᠶᠢᠭᠤᠯᠭ᠎ᠠ ᠪᠠ ᠨᠡᠶᠢᠭᠡᠮ ᠤᠨ ᠤᠯᠠᠨ | ᠲᠦᠮᠡᠨ ᠤ ᠬᠢᠨᠠᠯᠳᠠ ᠶᠢ ᠬᠠᠦᠯᠢ ᠶᠤᠰᠤᠭᠠᠷ ᠬᠦᠯᠢᠶᠡᠬᠦ ᠬᠡᠷᠡᠭᠳᠡᠢ᠃ ᠬᠤᠨᠵᠢᠪᠤᠷᠢᠳᠦ ᠰᠤᠭᠤᠯᠤᠭ᠎ᠠ ᠤ ᠨᠡᠶᠢᠳᠡ ᠶᠢᠨ ᠠᠰᠠᠷᠠᠮᠵᠢ ᠶᠢᠨ ᠮᠦᠩᠭᠦ ᠶᠢ ᠬᠠᠮᠢᠶᠠᠷᠬᠤ᠂ | ᠬᠡᠷᠡᠭᠯᠡᠬᠦ ᠪᠠᠶᠢᠭᠤᠯᠭ᠎ᠠ ᠨᠢ ᠨᠡᠶᠢᠳᠡ ᠶᠢᠨ ᠠᠰᠠᠷᠠᠮᠵᠢ ᠶᠢᠨ ᠮᠦᠩᠭᠦᠨ ᠤ ᠬᠡᠷᠡᠭᠯᠡᠭᠰᠡᠨ ᠪᠠᠶᠢᠳᠠᠯ ᠢ ᠵᠢᠯ ᠪᠦᠷᠢ ᠨᠡᠶᠢᠭᠡᠮ ᠳᠤ ᠵᠠᠷᠯᠠᠬᠤ ᠭᠡᠷᠡᠭᠳᠡᠢ᠃ | ᠭᠤᠴᠢᠨ ᠲᠤᠯᠤᠳᠤᠭᠠᠷ ᠵᠤᠷᠪᠤᠰ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠪᠤᠯᠤᠨ ᠮᠤᠵᠢ᠂ ᠦᠪᠡᠷᠳᠡᠭᠡᠨ ᠵᠠᠰᠠᠬᠤ | ᠤᠷᠤᠨ᠂ ᠰᠢᠭᠤᠳ ᠬᠠᠷᠢᠶᠠᠳᠣ ᠬᠤᠳᠠ ᠶᠢᠨ ᠠᠷᠠᠳ ᠤᠨ ᠵᠠᠰᠠᠭ ᠤᠨ ᠣᠷᠳᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠵᠢᠯ ᠪᠦᠷᠢ ᠲᠤᠰ ᠱᠠᠳᠣᠨ ᠤ | ᠠᠷᠠᠳ ᠤᠨ ᠵᠠᠰᠠᠭ ᠤᠨ ᠣᠷᠳᠣᠨ ᠳᠤ ᠨᠢᠳᠤᠨᠤᠨ ᠤ ᠬᠤᠨᠵᠢᠪᠤᠷᠢᠳᠦ ᠰᠤᠭᠤᠯᠤᠭ᠎ᠠ ᠤ ᠨᠡᠶᠢᠳᠡ ᠶᠢᠨ ᠠᠰᠠᠷᠠᠮᠵᠢ ᠶᠢᠨ ᠮᠦᠩᠭᠦᠨ ᠤ ᠨᠢᠭᠡᠳᠦᠯᠲᠡᠢ ᠲᠦᠯᠦᠪᠯᠡᠭᠰᠡᠨ᠂ | ᠬᠤᠪᠢᠶᠠᠷᠠᠯᠠᠭᠰᠠᠨ ᠪᠠ ᠬᠡᠷᠡᠭᠯᠡᠭᠰᠡᠨ ᠪᠠᠶᠢᠳᠠᠯ ᠢ ᠮᠡᠳᠡᠭᠦᠯᠦᠯᠳᠡ ᠬᠢᠵᠦ᠂ ᠨᠡᠶᠢᠭᠡᠮ ᠳᠤ ᠵᠠᠷᠯᠠᠬᠤ ᠭᠡᠷᠡᠭᠳᠡᠢ᠃ |