5 ᠬᠤᠨᠵᠢᠪᠤᠷᠢᠳᠦ ᠰᠤᠭᠤᠯᠤᠭ᠎ᠠ ᠶᠢᠨ ᠬᠠᠮᠢᠶᠠᠷᠤᠯᠳᠠ ᠶᠢᠨ ᠲᠦᠷᠢᠮ
ᠨᠡᠶᠢᠲᠡᠯᠡᠭᠰᠡᠨ ᠴᠠᠭ᠄
2024/12/30
    ᠲᠠᠪᠤᠳᠤᠭᠠᠷ ᠪᠦᠯᠦᠭ ᠬᠠᠦᠯᠢ ᠶᠢᠨ ᠬᠠᠷᠢᠭᠤᠴᠠᠯᠭ᠎ᠠ     ᠭᠤᠴᠢᠨ ᠨᠠᠢᠮᠠᠳᠤᠭᠠᠷ ᠵᠤᠷᠪᠤᠰ ᠲᠤᠰ ᠲᠦᠷᠢᠮ ᠤᠨ ᠲᠤᠭᠳᠠᠭᠠᠯ ᠢ ᠵᠦᠷᠢᠴᠡᠵᠦ᠂ ᠬᠤᠨᠵᠢᠪᠤᠷᠢᠳᠦ ᠰᠤᠭᠤᠯᠤᠭ᠎ᠠ ᠶᠢ ᠲᠤᠷ᠎ᠠ ᠪᠠᠷ ᠲᠠᠷᠬᠠᠭᠠᠵᠦ᠂ ᠬᠤᠳᠠᠯᠳᠤᠭᠰᠠᠨ ᠪᠤᠶᠤ ᠪᠦᠭᠦᠳᠡ ᠨᠠᠶᠢᠷᠠᠮᠳᠠᠬᠤ ᠲᠤᠮᠳᠠᠳᠦ ᠠᠷᠠᠳ ᠣᠯᠣᠰ ᠤᠨ ᠬᠢᠯᠢ ᠲᠤᠳᠤᠷ᠎ᠠ ᠬᠢᠯᠢ ᠶᠢᠨ ᠭᠠᠳᠠᠨᠠᠬᠢ ᠬᠤᠨᠵᠢᠪᠤᠷᠢᠳᠦ ᠰᠤᠭᠤᠯᠤᠭ᠎ᠠ ᠶᠢ ᠲᠠᠷᠬᠠᠭᠠᠵᠦ᠂ ᠬᠤᠳᠠᠯᠳᠤᠨ ᠶᠠᠯ᠎ᠠ ᠪᠤᠯᠵᠦ ᠪᠦᠷᠢᠯᠳᠦᠭᠰᠡᠨ ᠪᠤᠯ᠂ ᠬᠠᠦᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ︔ ᠶᠠᠯ᠎ᠠ ᠪᠤᠯᠵᠦ ᠪᠦᠷᠢᠯᠳᠦᠭᠰᠡᠨ ᠦᠭᠡᠢ ᠪᠤᠯ᠂ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠦᠯᠢ ᠶᠤᠰᠤᠭᠠᠷ ᠠᠮᠤᠷ ᠢ ᠬᠠᠮᠠᠭᠠᠯᠠᠬᠤ ᠬᠠᠮᠢᠶᠠᠷᠤᠯᠳᠠ ᠶᠢᠨ ᠰᠢᠢᠳᠬᠡᠯ ᠦᠭᠭᠦᠨ᠎ᠡ ︔ ᠬᠠᠦᠯᠢ ᠵᠦᠷᠢᠴᠡᠭᠰᠡᠨ ᠤᠷᠤᠯᠭ᠎ᠠ ᠪᠠᠶᠢᠪᠠᠯ ᠬᠠᠦᠯᠢ ᠵᠦᠷᠢᠴᠡᠭᠰᠡᠨ ᠤᠷᠤᠯᠭ᠎ᠠ ᠶᠢ ᠨᠢ ᠬᠤᠷᠢᠶᠠᠨ ᠠᠪᠤᠨ᠎ᠠ᠃     ᠭᠤᠴᠢ ᠶᠢᠰᠦᠳᠦᠭᠡᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠨᠢ ᠲᠠᠷᠠᠭᠠᠬᠢ ᠵᠦᠢᠯᠡᠰ ᠤᠨ ᠠᠯᠢ ᠨᠢᠭᠡ ᠠᠵᠢᠯᠯᠠᠭ᠎ᠠ ᠶᠢ ᠬᠢᠭᠰᠡᠨ ᠪᠠᠶᠢᠪᠠᠯ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠠᠷᠠᠯᠵᠢᠶ᠎ᠠ ᠶᠢ ᠨᠢ ᠵᠤᠭᠰᠤᠭᠠᠵᠦ ᠵᠠᠷᠯᠢᠭᠳᠠᠨ ᠴᠡᠭᠴᠡᠯᠡᠬᠦ ᠬᠡᠷᠡᠭᠳᠡᠢ︔ ᠬᠠᠦᠯᠢ ᠵᠦᠷᠢᠴᠡᠭᠰᠡᠨ ᠤᠷᠤᠯᠭ᠎ᠠ ᠪᠠᠶᠢᠪᠠᠯ ᠬᠠᠦᠯᠢ ᠵᠦᠷᠢᠴᠡᠭᠰᠡᠨ ᠤᠷᠤᠯᠭ᠎ᠠ ᠶᠢ ᠨᠢ ᠬᠤᠷᠢᠶᠠᠨ ᠠᠪᠴᠦ᠂ ᠬᠠᠦᠯᠢ ᠵᠦᠷᠢᠴᠡᠭᠰᠡᠨ ᠤᠷᠤᠯᠭ᠎ᠠ ᠶᠢᠨ ᠬᠢᠨᠢ 3 ᠲᠠᠬᠢᠨ ᠲᠤᠷᠭᠠᠭᠤᠯᠢ ᠪᠠᠷ ᠰᠢᠢᠳᠬᠡᠨ᠎ᠡ︔ ᠰᠢᠭᠤᠳ ᠬᠠᠷᠢᠭᠤᠴᠠᠭᠰᠠᠨ ᠭᠤᠤᠯᠯᠠᠬᠤ ᠬᠦᠮᠦᠰ ᠪᠤᠯᠤᠨ ᠪᠤᠰᠤᠳ ᠰᠢᠭᠤᠳ ᠬᠠᠷᠢᠭᠤᠴᠠᠯᠭ᠎ᠠ ᠲᠠᠢ ᠬᠦᠮᠦᠰ ᠲᠤ ᠬᠠᠦᠯᠢ ᠶᠤᠰᠤᠭᠠᠷ ᠰᠢᠢᠳᠬᠡᠯ ᠦᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠦᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄     ︵ᠨᠢᠭᠡ︶ ᠵᠦᠪᠰᠢᠶᠡᠷᠡᠯ ᠢ ᠤᠯᠤᠭ᠎ᠠ ᠦᠭᠡᠢ ᠪᠠᠷ ᠬᠤᠨᠵᠢᠪᠤᠷᠢᠳᠦ ᠰᠤᠭᠤᠯᠤᠭ᠎ᠠ ᠤ ᠲᠦᠷᠦᠯ ᠵᠦᠢᠯ ᠢ ᠨᠡᠭᠡᠭᠡᠭᠰᠡᠨ᠂ ᠵᠤᠭᠰᠤᠭᠠᠭᠰᠠᠨ ᠪᠤᠶᠤ ᠵᠦᠪᠰᠢᠶᠡᠷᠡᠯ ᠢ ᠤᠯᠤᠭᠰᠠᠨ ᠦᠭᠡᠢ ᠪᠠᠷ ᠬᠤᠨᠵᠢᠪᠤᠷᠢᠳᠦ ᠰᠤᠭᠤᠯᠤᠭ᠎ᠠ ᠤ ᠲᠦᠷᠦᠯ ᠵᠦᠢᠯ ᠤᠨ ᠬᠢᠨᠠᠨ ᠵᠦᠪᠰᠢᠶᠡᠷᠡᠬᠦ ᠵᠦᠢᠯᠡᠰ ᠢ ᠬᠤᠪᠢᠷᠭᠠᠭᠰᠠᠨ︔     ︵ᠬᠤᠶᠠᠷ︶ ᠵᠦᠪᠰᠢᠶᠡᠷᠡᠯ ᠢ ᠤᠯᠤᠭ᠎ᠠ ᠦᠭᠡᠢ ᠬᠤᠨᠵᠢᠪᠤᠷᠢᠳᠦ ᠰᠤᠭᠤᠯᠤᠭ᠎ᠠ ᠤ ᠲᠦᠷᠦᠯ ᠵᠦᠢᠯ ᠤᠨ ᠲᠦᠷᠢᠮ᠂ ᠲᠠᠷᠬᠠᠭᠠᠬᠤ ᠭᠡᠯᠪᠡᠷᠢ᠂ ᠲᠠᠷᠬᠠᠭᠠᠬᠤ ᠬᠡᠪᠴᠢᠶ᠎ᠡ᠂ ᠱᠠᠩᠨᠠᠯ ᠨᠡᠭᠡᠭᠡᠬᠦ ᠱᠠᠩᠨᠠᠯ ᠣᠯᠭᠤᠬᠤ ᠠᠵᠢᠯᠯᠠᠭᠠᠨ ᠤ ᠲᠦᠷᠢᠮ ᠢᠶᠠᠷ ᠬᠤᠨᠵᠢᠪᠤᠷᠢᠳᠤ ᠰᠤᠭᠤᠯᠤᠭ᠎ᠠ ᠲᠠᠷᠬᠠᠭᠠᠭᠰᠠᠨ᠂ ᠬᠤᠳᠠᠯᠳᠤᠭᠰᠠᠨ ᠪᠤᠶᠤ ᠱᠠᠩᠨᠠᠯ ᠨᠡᠭᠡᠭᠡᠵᠦ ᠱᠠᠩᠨᠠᠯ ᠣᠯᠭᠤᠭᠰᠠᠨ︔        ︵ᠭᠤᠷᠪᠠ︶ ᠬᠤᠨᠵᠢᠪᠤᠷᠢᠳᠦ ᠰᠤᠭᠤᠯᠤᠭ᠎ᠠ ᠤ ᠪᠤᠷᠤᠯᠠᠭᠤᠯᠵᠦ ᠬᠤᠳᠠᠯᠳᠤᠬᠤ ᠰᠢᠰᠲ᠋ᠧᠮ ᠤᠨ ᠲᠤᠭ᠎ᠠ ᠪᠠᠷᠢᠮᠳᠠ ᠶᠢᠨ ᠬᠠᠮᠢᠶᠠᠷᠤᠯᠳᠠ᠂ ᠱᠠᠩᠨᠠᠯ ᠨᠡᠭᠡᠭᠡᠬᠦ ᠱᠠᠩᠨᠠᠯ ᠣᠯᠭᠤᠬᠤ ᠬᠠᠮᠢᠶᠠᠷᠤᠯᠳᠠ ᠪᠤᠶᠤ ᠬᠤᠨᠵᠢᠪᠤᠷᠢᠳᠦ ᠰᠤᠭᠤᠯᠤᠭ᠎ᠠ ᠤ ᠪᠡᠯᠡ ᠮᠦᠩᠭᠦ ᠶᠢᠨ ᠲᠦᠪᠯᠡᠷᠡᠭᠦᠯᠦᠨ ᠬᠠᠮᠢᠶᠠᠷᠤᠯᠳᠠ ᠶᠢ ᠦᠭᠡᠷ᠎ᠡ ᠪᠤᠰᠤᠳ ᠲᠤ ᠨᠠᠶᠢᠳᠠᠨ ᠬᠠᠮᠢᠶᠠᠷᠠᠭᠤᠯᠤᠭᠰᠠᠨ︔     ︵ᠲᠦᠷᠪᠡ︶ ᠬᠤᠨᠵᠢᠪᠤᠷᠢᠳᠦ ᠰᠤᠭᠤᠯᠤᠭ᠎ᠠ ᠤ ᠪᠤᠷᠤᠯᠠᠭᠤᠯᠭ᠎ᠠ ᠶᠢᠨ ᠲᠤᠭ᠎ᠠ ᠪᠠᠷᠢᠮᠳᠠ ᠶᠢ ᠲᠦᠷᠢᠮ ᠵᠦᠷᠢᠴᠡᠵᠦ ᠡᠷᠢᠵᠦ ᠦᠵᠡᠭᠰᠡᠨ᠂ ᠬᠤᠪᠢᠷᠭᠠᠭᠰᠠᠨ᠂ ᠣᠰᠠᠳᠬᠠᠭᠰᠠᠨ︔     ︵ᠲᠠᠪᠦ︶ ᠱᠠᠬᠡᠯᠡᠨ ᠪᠤᠷᠤᠯᠠᠭᠤᠯᠭ᠎ᠠ ᠪᠤᠶᠤ ᠢᠳᠡᠭᠡᠮᠵᠢ ᠶᠢᠨ ᠬᠡᠯᠪᠡᠷᠢ ᠪᠠᠷ ᠬᠤᠨᠵᠢᠪᠤᠷᠢᠳᠦ ᠰᠤᠭᠤᠯᠤᠭ᠎ᠠ ᠶᠢ ᠬᠤᠳᠠᠯᠳᠤᠭᠰᠠᠨ︔     ︵ᠵᠢᠷᠭᠤᠭ᠎ᠠ︶ ᠵᠦᠪᠰᠢᠶᠡᠷᠡᠯ ᠤᠯᠤᠭ᠎ᠠ ᠦᠭᠡᠢ ᠪᠠᠷ ᠬᠤᠨᠵᠢᠪᠤᠷᠢᠳᠤ ᠰᠣᠭᠤᠯᠤᠭ᠎ᠠ ᠶᠢ ᠣᠰᠠᠳᠬᠠᠭᠰᠠᠨ︔     ︵ᠲᠤᠯᠤᠭ᠎ᠠ︶ ᠬᠤᠨᠵᠢᠪᠤᠷᠢᠳᠤ ᠰᠤᠭᠤᠯᠤᠭ᠎ᠠ ᠤ ᠪᠡᠯᠡ ᠮᠦᠩᠭᠦ ᠶᠢ ᠲᠤᠮᠳᠠ ᠠᠴᠠ ᠨᠢ ᠦᠯᠡᠳᠡᠭᠡᠵᠦ᠂ ᠨᠡᠭᠦᠯᠭᠡᠨ ᠭᠡᠷᠡᠭᠯᠡᠭᠰᠡᠨ᠃     ᠲᠦᠴᠢᠳᠦᠭᠡᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠨᠢ ᠲᠠᠷᠠᠭᠠᠬᠢ ᠵᠦᠢᠯᠡᠰ ᠤᠨ ᠠᠯᠢ ᠨᠢᠭᠡ ᠠᠵᠢᠯᠯᠠᠭ᠎ᠠ ᠶᠢ ᠬᠢᠭᠰᠡᠨ ᠪᠤᠯ᠂ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠵᠠᠷᠯᠢᠭᠳᠠᠨ ᠵᠠᠯᠠᠷᠠᠭᠤᠯᠤᠨ᠎ᠠ︔ ᠬᠠᠦᠯᠢ ᠵᠦᠷᠢᠴᠡᠭᠰᠡᠨ ᠤᠷᠤᠯᠭ᠎ᠠ ᠪᠠᠶᠢᠪᠠᠯ ᠬᠠᠦᠯᠢ ᠵᠦᠷᠢᠴᠡᠭᠰᠡᠨ ᠤᠷᠤᠯᠭ᠎ᠠ ᠶᠢ ᠨᠢ ᠬᠤᠷᠢᠶᠠᠨ ᠠᠪᠤᠨ᠎ᠠ︔ ᠰᠢᠭᠤᠳ ᠬᠠᠷᠢᠭᠤᠴᠠᠭᠰᠠᠨ ᠭᠤᠤᠯᠯᠠᠬᠤ ᠬᠦᠮᠦᠰ ᠪᠤᠯᠤᠨ ᠪᠤᠰᠤᠳ ᠰᠢᠭᠤᠳ ᠬᠠᠷᠢᠭᠤᠴᠠᠯᠭ᠎ᠠ ᠲᠠᠢ ᠬᠦᠮᠦᠰ ᠳᠤ ᠬᠠᠦᠯᠢ ᠶᠣᠰᠤᠭᠠᠷ ᠰᠢᠢᠳᠬᠡᠯ ᠦᠭᠭᠦᠨ᠎ᠡ᠄     ︵ᠨᠢᠭᠡ︶ ᠪᠠᠷᠢᠮᠵᠢᠶᠠᠨ ᠳᠤ ᠨᠡᠶᠢᠴᠡᠬᠦ ᠦᠭᠡᠢ ᠬᠤᠨᠵᠢᠪᠤᠷᠢᠳᠤ ᠰᠤᠭᠤᠯᠤᠭ᠎ᠠ ᠤ ᠲᠦᠭᠦᠭᠡᠷᠦᠮᠵᠢ ᠪᠤᠶᠤ ᠮᠡᠷᠭᠡᠵᠢᠯ ᠤᠨ ᠦᠢᠯᠡᠴᠢᠯᠡᠭᠡ ᠶᠢ ᠬᠤᠳᠠᠯᠳᠤᠨ ᠠᠪᠤᠭᠰᠠᠨ︔     ︵ᠬᠤᠶᠠᠷ︶ ᠬᠤᠳᠠᠯ ᠬᠠᠭᠤᠷᠮᠠᠭᠴᠢ᠂ ᠪᠤᠷᠤᠭᠤ ᠵᠢᠯᠤᠭᠤᠳᠬᠤ ᠴᠢᠨᠠᠷᠳᠠᠢ ᠤᠬᠠᠭᠤᠯᠭ᠎ᠠ ᠬᠢᠭᠰᠡᠨ︔     ︵ᠭᠤᠷᠪᠠ︶ ᠠᠳᠠᠯᠢ ᠲᠦᠷᠦᠯ ᠤᠨ ᠠᠵᠢᠯᠳᠠᠨ ᠢᠶᠠᠨ ᠭᠦᠳᠬᠡᠬᠦ ᠵᠡᠷᠭᠡ ᠠᠷᠭ᠎ᠠ ᠠᠪᠴᠠᠯ ᠢᠶᠠᠷ ᠵᠦᠢ ᠪᠤᠰᠤ ᠪᠠᠷ ᠦᠷᠢᠰᠦᠯᠳᠦᠭᠰᠡᠨ︔     ︵ᠲᠦᠷᠪᠡ︶ ᠨᠠᠰᠤᠨ ᠳᠤ ᠦᠯᠦ ᠬᠦᠷᠦᠭᠰᠡᠳ ᠲᠤ ᠬᠤᠨᠵᠢᠪᠤᠷᠢᠳᠤ ᠰᠤᠭᠤᠯᠤᠭ᠎ᠠ ᠬᠤᠳᠠᠯᠳᠤᠭᠰᠠᠨ︔     ︵ᠲᠠᠪᠤ︶ ᠬᠤᠨᠵᠢᠪᠤᠷᠢᠳᠤ ᠰᠤᠭᠤᠯᠤᠭ᠎ᠠ ᠳᠤ ᠱᠠᠩᠨᠠᠯ ᠤᠯᠤᠭᠴᠢ ᠶᠢᠨ ᠬᠤᠪᠢ ᠬᠦᠮᠦᠨ ᠤ ᠮᠡᠳᠡᠭᠡ ᠵᠠᠩᠬᠢ ᠶᠢ ᠵᠠᠳᠠᠷᠠᠭᠤᠯᠤᠭᠰᠠᠨ︔     ︵ᠵᠢᠷᠭᠤᠭ᠎ᠠ︶ ᠬᠤᠭᠤᠴᠠᠭ᠎ᠠ ᠨᠢ ᠭᠡᠳᠦᠷᠡᠵᠦ ᠲᠣᠰᠤᠭᠰᠠᠨ ᠦᠭᠡᠢ ᠱᠠᠩᠨᠠᠯ ᠤᠨ ᠮᠦᠩᠭᠦ ᠶᠢ ᠬᠤᠨᠵᠢᠪᠤᠷᠢᠳᠤ ᠰᠤᠭᠤᠯᠤᠭ᠎ᠠ ᠤ ᠨᠡᠶᠢᠳᠡ ᠶᠢᠨ ᠠᠰᠠᠷᠠᠮᠵᠢ ᠶᠢᠨ ᠮᠦᠩᠭᠦᠨ ᠳᠤ ᠣᠷᠤᠭᠤᠯᠤᠭᠰᠠᠨ ᠦᠭᠡᠢ︔     ︵ᠲᠤᠯᠤᠭ᠎ᠠ︶ ᠬᠤᠨᠵᠢᠪᠤᠷᠢᠳᠦ ᠰᠤᠭᠤᠯᠤᠭ᠎ᠠ ᠤ ᠨᠡᠶᠢᠳᠡ ᠶᠢᠨ ᠠᠰᠠᠷᠠᠮᠵᠢ ᠶᠢᠨ ᠮᠦᠩᠭᠦ᠂ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠵᠠᠷᠤᠳᠠᠯ ᠳᠠᠬᠢ ᠲᠤᠬᠠᠶᠢᠯᠠᠭᠰᠠᠨ ᠠᠵᠢᠯ ᠤᠨ ᠵᠠᠷᠤᠳᠠᠯ ᠢ ᠲᠦᠷᠢᠮ ᠤᠨ ᠲᠠᠭᠠᠦ ᠲᠡᠭᠡᠭᠰᠢ ᠲᠤᠰᠢᠶᠠᠭᠰᠠᠨ ᠦᠭᠡᠢ᠃     ᠲᠦᠴᠢᠨ ᠨᠢᠭᠡᠳᠦᠭᠡᠷ ᠵᠤᠷᠪᠤᠰ ᠬᠤᠨᠵᠢᠪᠤᠷᠢᠳᠦ ᠰᠤᠭᠤᠯᠤᠭ᠎ᠠ ᠤ ᠣᠷᠤᠯᠠᠨ ᠬᠤᠳᠠᠯᠳᠤᠭᠴᠢ ᠲᠠᠷᠠᠭᠠᠬᠢ ᠵᠦᠢᠯᠡᠰ ᠤᠨ ᠠᠯᠢ ᠨᠢᠭᠡ ᠠᠵᠢᠯᠯᠠᠭ᠎ᠠ ᠶᠢ ᠬᠢᠭᠰᠡᠨ ᠪᠠᠶᠢᠪᠠᠯ᠂ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ᠂ ᠪᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠ ᠵᠠᠯᠠᠷᠠᠭᠤᠯᠵᠦ᠂ 2000 ᠵᠤᠭᠤᠰ ᠠᠴᠠ ᠲᠡᠭᠡᠭᠰᠢ 1 ᠲᠦᠮᠡᠨ ᠵᠤᠭᠤᠰ ᠠᠴᠠ ᠲᠤᠭᠤᠭᠰᠢ ᠲᠤᠷᠭᠠᠨ᠎ᠠ︔ ᠬᠠᠦᠯᠢ ᠵᠦᠷᠢᠴᠡᠭᠰᠡᠨ ᠤᠷᠤᠯᠭ᠎ᠠ ᠪᠠᠶᠢᠪᠠᠯ ᠬᠠᠦᠯᠢ ᠵᠦᠷᠢᠴᠡᠭᠰᠡᠨ ᠤᠷᠤᠯᠭ᠎ᠠ ᠶᠢ ᠨᠢ ᠬᠤᠷᠢᠶᠠᠨ ᠠᠪᠤᠨ᠎ᠠ᠄     ︵ᠨᠢᠭᠡ︶ ᠦᠭᠡᠷ᠎ᠡ ᠪᠤᠰᠤᠳ ᠲᠤ ᠨᠠᠶᠢᠳᠠᠯᠭ᠎ᠠ ᠦᠭᠴᠦ ᠬᠤᠨᠵᠢᠪᠤᠷᠢᠳᠦ ᠰᠤᠭᠤᠯᠤᠭ᠎ᠠ ᠤᠷᠤᠯᠠᠨ ᠬᠤᠳᠠᠯᠳᠤᠭᠤᠯᠤᠭᠰᠠᠨ ᠪᠤᠶᠤ ᠬᠤᠨᠵᠢᠪᠤᠷᠢᠳᠦ ᠰᠤᠭᠤᠯᠤᠭ᠎ᠠ ᠠᠪᠬᠤ ︵投注︶ ᠲᠤᠰᠬᠠᠢ ᠲᠦᠭᠦᠭᠡᠷᠦᠮᠵᠢ ᠶᠢ ᠵᠢᠭᠡᠯᠡᠭᠦᠯᠦᠭᠰᠡᠨ᠂ ᠲᠦᠷᠢᠶᠡᠰᠦᠯᠡᠭᠦᠯᠦᠭᠰᠡᠨ᠂ ᠬᠤᠳᠠᠯᠳᠤᠭᠰᠠᠨ︔     ︵ᠬᠤᠶᠠᠷ︶ ᠬᠤᠳᠠᠯ ᠬᠠᠭᠤᠷᠮᠠᠭᠴᠢ᠂ ᠪᠤᠷᠤᠭᠤ ᠵᠢᠯᠤᠭᠤᠳᠬᠤ ᠴᠢᠨᠠᠷᠳᠠᠢ ᠤᠬᠠᠭᠤᠯᠭ᠎ᠠ ᠬᠢᠭᠰᠡᠨ︔   ︵ᠭᠤᠷᠪᠠ︶ ᠠᠳᠠᠯᠢ ᠲᠦᠷᠦᠯ ᠤᠨ ᠠᠵᠢᠯᠳᠠᠨ ᠢᠶᠠᠨ ᠭᠦᠳᠬᠡᠬᠦ ᠵᠡᠷᠭᠡ ᠠᠷᠭ᠎ᠠ ᠠᠪᠴᠠᠯ ᠢᠶᠠᠷ ᠵᠦᠢ ᠪᠤᠰᠤ ᠪᠠᠷ ᠦᠷᠢᠰᠦᠯᠳᠦᠭᠰᠡᠨ︔     ︵ᠲᠦᠷᠪᠡ︶ ᠨᠠᠰᠤᠨ ᠳᠤ ᠦᠯᠦ ᠬᠦᠷᠦᠭᠰᠡᠳ ᠲᠤ ᠬᠤᠨᠵᠢᠪᠤᠷᠢᠳᠤ ᠰᠤᠭᠤᠯᠤᠭ᠎ᠠ ᠬᠤᠳᠠᠯᠳᠤᠭᠰᠠᠨ︔     ︵ᠲᠠᠪᠤ︶ ᠱᠠᠬᠡᠯᠡᠨ ᠪᠤᠷᠤᠯᠠᠭᠤᠯᠭ᠎ᠠ ᠪᠤᠶᠤ ᠢᠳᠡᠭᠡᠮᠵᠢ ᠶᠢᠨ ᠬᠡᠯᠪᠡᠷᠢ ᠪᠠᠷ ᠬᠤᠨᠵᠢᠪᠤᠷᠢᠳᠦ ᠰᠤᠭᠤᠯᠤᠭ᠎ᠠ ᠶᠢ ᠬᠤᠳᠠᠯᠳᠤᠭᠰᠠᠨ᠃ ᠬᠤᠨᠵᠢᠪᠤᠷᠢᠳᠤ ᠰᠤᠭᠤᠯᠤᠭ᠎ᠠ ᠤᠷᠤᠯᠠᠨ ᠬᠤᠳᠠᠯᠳᠤᠭᠴᠢ ᠨᠢ ᠡᠮᠦᠨᠡᠬᠢ ᠵᠦᠢᠯ ᠳᠤ ᠲᠤᠷᠠᠳᠤᠭᠰᠠᠨ ᠠᠵᠢᠯᠯᠠᠭ᠎ᠠ ᠬᠢᠵᠦ᠂ ᠰᠢᠢᠳᠭᠡᠯ ᠬᠦᠯᠢᠶᠡᠭᠰᠡᠨ ᠪᠠᠶᠢᠪᠠᠯ᠂ ᠬᠤᠨᠵᠢᠪᠤᠷᠢᠳᠤ ᠰᠤᠭᠤᠯᠤᠭ᠎ᠠ ᠲᠠᠷᠬᠠᠭᠠᠬᠤ ᠪᠠᠶᠢᠭᠤᠯᠤᠮᠵᠢ᠂ ᠬᠤᠨᠵᠢᠪᠤᠷᠢᠳᠤ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠶᠢᠭᠤᠯᠤᠮᠵᠢ ᠨᠢ ᠬᠤᠨᠵᠢᠪᠤᠷᠢᠳᠦ ᠰᠤᠭᠤᠯᠤᠭ᠎ᠠ ᠤᠷᠤᠯᠠᠨ ᠬᠤᠳᠠᠯᠳᠤᠬᠤ ᠭᠡᠷ᠎ᠡ ᠪᠠᠨ ᠬᠦᠴᠦᠨ ᠦᠭᠡᠢ ᠪᠤᠯᠭᠠᠬᠤ ᠡᠷᠬᠡ ᠲᠠᠢ᠃     ᠲᠦᠴᠢᠨ ᠬᠤᠶᠠᠳᠤᠭᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠶᠢ ᠬᠠᠭᠤᠷᠮᠠᠭ ᠢᠶᠠᠷ ᠵᠤᠬᠢᠶᠠᠬᠤ᠂ ᠬᠤᠪᠢᠷᠭᠠᠵᠦ ᠦᠢᠯᠡᠳᠬᠦ ᠪᠤᠶᠤ ᠬᠠᠭᠤᠷᠮᠠᠭ ᠢᠶᠠᠷ ᠵᠤᠬᠢᠶᠠᠭᠰᠠᠨ᠂ ᠬᠤᠪᠢᠷᠭᠠᠵᠦ ᠦᠢᠯᠡᠳᠦᠭᠰᠡᠨ ᠬᠤᠨᠵᠢᠪᠤᠷᠢᠳᠤ ᠰᠤᠭᠤᠯᠤᠭ᠎ᠠ ᠪᠠᠷ ᠱᠠᠩᠨᠠᠯ ᠲᠤᠰᠤᠭᠰᠠᠨ ᠪᠤᠯ ᠬᠠᠦᠯᠢ ᠶᠤᠰᠤᠭᠠᠷ ᠠᠮᠤᠷ ᠢ ᠬᠠᠮᠠᠭᠠᠯᠠᠬᠤ ᠬᠠᠮᠢᠶᠠᠷᠤᠯᠳᠠ ᠶᠢᠨ ᠰᠢᠢᠳᠭᠡᠯ ᠦᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠤᠯ ᠬᠠᠦᠯᠢ ᠶᠣᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠭᠡᠮᠵᠢᠯᠡᠨ᠎ᠡ᠃     ᠲᠦᠴᠢᠨ ᠭᠤᠷᠪᠠᠳᠤᠭᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠤ ᠨᠡᠶᠢᠳᠡ ᠶᠢᠨ ᠠᠰᠠᠷᠠᠮᠵᠢ ᠶᠢᠨ ᠮᠦᠩᠭᠦ ᠶᠢ ᠬᠠᠮᠢᠶᠠᠷᠬᠤ᠂ ᠬᠡᠷᠡᠭᠯᠡᠬᠦ ᠪᠠᠶᠢᠭᠤᠯᠭ᠎ᠠ ᠨᠢ ᠨᠡᠶᠢᠳᠡ ᠶᠢᠨ ᠠᠰᠠᠷᠠᠮᠵᠢ ᠶᠢᠨ ᠮᠦᠩᠭᠦ ᠶᠢ ᠬᠠᠮᠢᠶᠠᠷᠬᠤ᠂ ᠬᠡᠷᠡᠭᠯᠡᠬᠦ ᠲᠦᠷᠢᠮ ᠢ ᠵᠦᠷᠢᠴᠡᠭᠰᠡᠨ ᠪᠤᠯ᠂ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠵᠠᠷᠯᠢᠭᠳᠠᠨ ᠬᠤᠭᠤᠴᠠᠭ᠎ᠠ ᠲᠤᠭᠳᠠᠨ ᠵᠠᠯᠠᠷᠠᠭᠤᠯᠤᠨ᠎ᠠ︔ ᠬᠠᠦᠯᠢ ᠵᠦᠷᠢᠴᠡᠭᠰᠡᠨ ᠤᠷᠤᠯᠭ᠎ᠠ ᠪᠠᠶᠢᠪᠠᠯ᠂ ᠬᠠᠦᠯᠢ ᠵᠦᠷᠢᠴᠡᠭᠰᠡᠨ ᠤᠷᠤᠯᠭ᠎ᠠ ᠶᠢ ᠨᠢ ᠬᠤᠷᠢᠶᠠᠨ ᠠᠪᠤᠨ᠎ᠠ︔ ᠲᠤᠭᠳᠠᠭᠰᠠᠨ ᠬᠤᠭᠤᠴᠠᠭᠠᠨ ᠳᠤ ᠵᠠᠯᠠᠷᠠᠭᠤᠯᠬᠤ ᠦᠭᠡᠢ ᠪᠤᠯ ᠬᠤᠨᠵᠢᠪᠤᠷᠢᠳᠦ ᠰᠣᠭᠤᠯᠤᠭ᠎ᠠ ᠤ ᠨᠡᠶᠢᠳᠡ ᠶᠢᠨ ᠠᠰᠠᠷᠠᠮᠵᠢ ᠶᠢᠨ ᠮᠦᠩᠭᠦ ᠶᠢ ᠠᠰᠢᠭᠯᠠᠵᠦ ᠪᠤᠢ ᠪᠤᠯᠤᠭᠰᠠᠨ ᠬᠦᠷᠦᠩᠭᠡ ᠶᠢ ᠨᠢ ᠬᠤᠷᠢᠶᠠᠨ ᠠᠪᠴᠦ᠂ ᠬᠤᠨᠵᠢᠪᠤᠷᠢᠳᠤ ᠰᠤᠭᠤᠯᠤᠭ᠎ᠠ ᠤ ᠨᠡᠶᠢᠳᠡ ᠶᠢᠨ ᠠᠰᠠᠷᠠᠮᠵᠢ ᠶᠢᠨ ᠮᠦᠩᠭᠦ ᠶᠢ ᠬᠡᠷᠡᠭᠯᠡᠬᠦ ᠬᠢᠷᠢ ᠬᠡᠮ ᠢ ᠨᠢ ᠦᠭᠡᠶᠢᠰᠬᠡᠨ᠎ᠡ᠃     ᠲᠦᠴᠢᠨ ᠲᠦᠷᠪᠡᠳᠦᠭᠡᠷ ᠵᠤᠷᠪᠤᠰ ᠲᠤᠰ ᠲᠦᠷᠢᠮ ᠤᠨ ᠲᠤᠭᠳᠠᠭᠠᠯ ᠲᠠᠭᠠᠦ ᠬᠤᠨᠵᠢᠪᠤᠷᠢᠳᠤ ᠰᠤᠭᠤᠯᠤᠭ᠎ᠠ ᠤ ᠬᠠᠮᠢᠶᠠᠷᠤᠯᠳᠠ ᠶᠢᠨ ᠲᠤᠰᠢᠶᠠᠯ ᠬᠦᠢᠴᠡᠳᠬᠡᠵᠦ ᠪᠠᠶᠢᠭ᠎ᠠ ᠡᠳ᠋ ᠤᠨ ᠵᠠᠰᠠᠭ ᠤᠨ ᠰᠠᠯᠠᠭ᠎ᠠ ᠮᠦᠴᠢᠷ᠂ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠠᠵᠢᠯᠳᠠᠠ ᠠᠴᠠ ᠬᠤᠨᠵᠢᠪᠤᠷᠢᠳᠤ ᠰᠤᠭᠤᠯᠤᠭ᠎ᠠ ᠤ ᠬᠢᠨᠡᠨ ᠬᠠᠮᠢᠶᠠᠷᠬᠤ ᠬᠦᠳᠡᠯᠭᠡᠭᠡᠨ ᠳᠤ ᠠᠵᠢᠯ ᠤᠨ ᠡᠷᠭᠡ ᠪᠠᠨ ᠲᠤᠷ᠎ᠠ ᠪᠠᠷ ᠬᠡᠷᠡᠭᠯᠡᠵᠦ᠂ ᠲᠤᠰᠢᠶᠠᠯ ᠤᠨ ᠰᠠᠬᠢᠯᠭ᠎ᠠ ᠪᠠᠳᠦ ᠶᠢ ᠦᠯᠦ ᠬᠦᠨᠳᠦᠳᠭᠡᠵᠦ᠂ ᠭᠤᠶᠠᠴᠢᠯᠠᠨ ᠬᠠᠦᠯᠢ ᠶᠤᠰᠤ ᠶᠢ ᠵᠦᠷᠢᠴᠡᠵᠦ᠂ ᠶᠠᠯ᠎ᠠ ᠪᠤᠯᠵᠦ ᠪᠦᠷᠢᠯᠳᠦᠭᠰᠡᠨ ᠪᠤᠯ ᠬᠠᠦᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ︔ ᠶᠠᠯ᠎ᠠ ᠪᠤᠯᠵᠦ ᠬᠠᠷᠠᠬᠠᠨ ᠪᠦᠷᠢᠯᠳᠦᠭᠡ ᠦᠭᠡᠢ ᠪᠤᠯ᠂ ᠬᠠᠦᠯᠢ ᠶᠤᠰᠤᠭᠠᠷ ᠰᠢᠢᠳᠭᠡᠯ ᠦᠭᠭᠦᠨ᠎ᠡ᠃     ᠵᠢᠷᠭᠤᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ ᠲᠦᠴᠢᠨ ᠲᠠᠪᠤᠳᠤᠭᠠᠷ ᠵᠤᠷᠪᠤᠰ ᠲᠤᠰ ᠲᠦᠷᠢᠮ ᠢ 2009 ᠤᠨ ᠤ 7 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠠ