1 ᠣᠯᠠᠨ ᠨᠡᠶᠢᠳᠡ ᠶᠢᠨ ᠰᠣᠶᠣᠯ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢᠨ ᠲᠦᠷᠢᠮ
ᠨᠡᠶᠢᠲᠡᠯᠡᠭᠰᠡᠨ ᠴᠠᠭ᠄
2024/12/30
    ᠨᠢᠭᠡᠳᠦᠭᠡᠷ ᠪᠦᠯᠦᠭ ᠶᠡᠷᠦᠩᠬᠡᠢ ᠲᠦᠷᠢᠮ     ᠨᠢᠭᠡᠳᠦᠭᠡᠷ ᠵᠣᠷᠪᠣᠰ ᠤᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠵᠦ᠂ ᠤᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢᠨ ᠬᠠᠮᠢᠶᠠᠷᠤᠯᠳᠠ ᠪᠤᠯᠤᠨ ᠬᠠᠮᠠᠭᠠᠯᠠᠯᠳᠠ ᠶᠢ ᠴᠢᠩᠭᠠᠳᠬᠠᠵᠦ᠂ ᠤᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠴᠢᠳᠠᠪᠬᠢ ᠶᠢ ᠬᠦᠢᠴᠡᠳ ᠪᠠᠳᠠᠷᠠᠭᠤᠯᠵᠦ᠂ ᠰᠤᠶᠤᠯ ᠪᠡᠶ᠎ᠡ ᠶᠢᠨ ᠲᠠᠮᠢᠷ ᠤᠨ ᠦᠢᠯᠡᠰ ᠢ ᠬᠦᠭᠵᠢᠭᠦᠯᠦᠨ ᠠᠷᠠᠳ ᠤᠯᠠᠨ ᠤ ᠰᠣᠶᠣᠯ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠦᠯᠦᠭᠡ ᠲᠤᠰ ᠲᠦᠷᠢᠮ ᠢ ᠲᠤᠭᠳᠠᠭᠠᠪᠠ᠃     ᠬᠤᠶᠠᠳᠤᠭᠠᠷ ᠵᠣᠷᠪᠣᠰ ᠲᠤᠰ ᠲᠦᠷᠢᠮ ᠳᠤ ᠵᠢᠭᠠᠵᠣ ᠪᠠᠶᠢᠭ᠎ᠠ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠭᠡᠳᠡᠭ ᠨᠢ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠠᠴᠠ ᠪᠤᠶᠤ ᠨᠡᠶᠢᠭᠡᠮ ᠤᠨ ᠬᠦᠴᠦᠨ ᠠᠴᠠ ᠡᠷᠬᠢᠯᠡᠭᠰᠡᠨ ᠤᠯᠠᠨ ᠲᠦᠮᠡᠨ ᠳᠤ ᠨᠡᠭᠡᠭᠡᠯᠲᠡᠢ ᠬᠡᠷᠡᠭᠯᠡᠭᠦᠯᠬᠦ ᠪᠠᠷ ᠰᠣᠶᠤᠯ ᠪᠡᠶ᠎ᠡ ᠶᠢᠨ ᠲᠠᠮᠢᠷ ᠤᠨ ᠬᠦᠳᠡᠯᠭᠡᠭᠡᠨ ᠢ ᠦᠷᠨᠢᠭᠦᠯᠬᠦ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠨᠤᠮ ᠤᠨ ᠰᠠᠩ᠂ ᠮᠦᠽᠸᠢ᠂ ᠲᠤᠷᠠᠰᠬᠠᠯ ᠤᠨ ᠣᠷᠳᠤᠨ᠂ ᠤᠷᠠᠨ ᠵᠢᠷᠤᠭ ᠤᠨ ᠤᠷᠳᠤᠨ᠂ ᠰᠤᠶᠤᠯ ᠤᠨ ᠤᠷᠳᠤᠨ ︵ᠦᠷᠳᠡᠭᠡᠡ︶᠂ ᠲᠠᠮᠢᠷ ᠤᠨ ᠳᠠᠯᠠᠪᠠᠢ ︵ᠤᠷᠳᠤᠨ︶᠂ ᠵᠠᠯᠠᠭᠤᠴᠤᠳ ᠪᠠᠭᠠᠴᠣᠳ ᠤᠨ ᠤᠷᠳᠤᠨ᠂ ᠠᠵᠢᠯᠴᠢᠨ ᠤᠨ ᠰᠤᠶᠤᠯ ᠤᠨ ᠤᠷᠳᠤᠨ ᠵᠡᠷᠭᠡ ᠪᠠᠷᠢᠯᠭ᠎ᠠ᠂ ᠲᠠᠯᠠᠪᠠᠢ ᠪᠤᠯᠤᠨ ᠳᠣᠨᠤᠭ ᠲᠦᠭᠦᠭᠡᠷᠦᠮᠵᠢ ᠪᠤᠯᠤᠨ᠎ᠠ᠃ ᠲᠤᠰ ᠲᠦᠷᠢᠮ ᠳᠤ ᠵᠢᠭᠠᠵᠦ ᠪᠠᠶᠢᠭ᠎ᠠ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠬᠠᠮᠢᠶᠠᠷᠤᠯᠳᠠ ᠶᠢᠨ ᠪᠠᠶᠢᠭᠤᠯᠭ᠎ᠠ ᠨᠢ ᠤᠯᠠᠨ ᠨᠡᠶᠢᠳᠡ ᠶᠢᠨ ᠰᠣᠶᠣᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠵᠠᠰᠠᠵᠦ ᠬᠠᠮᠠᠭᠠᠯᠠᠬᠤ ᠶᠢ ᠬᠠᠷᠢᠭᠤᠴᠠᠵᠦ᠂ ᠤᠯᠠᠨ ᠲᠦᠮᠡᠨ ᠤ ᠰᠤᠶᠤᠯ ᠪᠡᠶ᠎ᠡ ᠶᠢᠨ ᠲᠠᠮᠢᠷ ᠤᠨ ᠬᠦᠳᠡᠯᠭᠡᠭᠡᠨ ᠦᠷᠨᠢᠭᠦᠯᠬᠦ ᠳᠤ ᠦᠢᠯᠡᠴᠢᠯᠡᠭᠡ ᠬᠠᠩᠭᠠᠬᠤ ᠤᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠨᠡᠶᠢᠭᠡᠮ ᠤᠨ ᠪᠠᠶᠢᠭᠤᠯᠤᠮᠵᠢ ᠪᠤᠯᠤᠨ᠎ᠠ᠃     ᠭᠤᠷᠪᠠᠳᠤᠭᠠᠷ ᠵᠣᠷᠪᠣᠰ ᠤᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠷᠦᠮᠵᠢ ᠶᠢᠨ ᠬᠠᠮᠢᠶᠠᠷᠤᠯᠳᠠ ᠶᠢᠨ ᠪᠠᠶᠢᠭᠤᠯᠭ᠎ᠠ ᠨᠢ ᠡᠷᠭᠡᠪᠰᠢ ᠠᠷᠠᠳ ᠲᠦᠮᠡᠨ ᠳᠤ ᠦᠢᠯᠡᠴᠢᠯᠡᠬᠦ᠂ ᠨᠡᠶᠢᠭᠡᠮ ᠵᠢᠷᠤᠮ ᠤᠨ ᠦᠵᠡᠯ ᠳᠤ ᠦᠢᠯᠡᠴᠢᠯᠡᠬᠦ ᠴᠢᠭᠯᠡᠯ ᠢ ᠪᠠᠷᠢᠮᠲᠠᠯᠠᠵᠦ᠂ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢ ᠬᠦᠢᠴᠡᠳ ᠠᠰᠢᠭᠯᠠᠨ᠂ ᠦᠨᠳᠦᠰᠦᠳᠡᠨ ᠤ ᠬᠡᠪ ᠰᠣᠷᠳᠠᠯ ᠢ ᠲᠡᠭᠡᠭᠰᠢᠯᠡᠭᠦᠯᠬᠦ ᠳᠤ ᠠᠰᠢᠭᠳᠠᠢ᠂ ᠠᠵᠦ ᠠᠬᠤᠢ ᠶᠢᠨ ᠬᠦᠭᠵᠢᠯᠳᠡ ᠪᠤᠯᠤᠨ ᠨᠡᠶᠢᠭᠡᠮ ᠤᠨ ᠬᠦᠭᠵᠢᠯᠳᠡ ᠳᠤ ᠠᠰᠢᠭᠲᠠᠢ ᠰᠢᠨᠵᠢᠯᠡᠬᠦ ᠤᠬᠠᠭᠠᠨ ᠤ ᠮᠡᠷᠭᠡᠵᠢᠯ ᠪᠠ ᠰᠣᠶᠣᠯ ᠤᠨ ᠮᠡᠳᠡᠯᠭᠡ ᠶᠢ ᠤᠯᠠᠮᠵᠢᠯᠠᠨ᠂ ᠡᠷᠡᠭᠦᠯ᠂ ᠪᠤᠯᠪᠠᠰᠤᠨ ᠰᠤᠶᠤᠯ ᠪᠡᠶ᠎ᠡ ᠶᠢᠨ ᠲᠠᠮᠢᠷ ᠤᠨ ᠬᠦᠳᠡᠯᠭᠡᠭᠡᠨ ᠢ ᠡᠷᠬᠢᠯᠡᠬᠦ ᠬᠡᠷᠡᠭᠳᠡᠢ᠃ ᠶᠠᠮᠠᠷᠪᠠ ᠪᠠᠶᠢᠭᠤᠯᠭ᠎ᠠ ᠪᠤᠯᠤᠨ ᠬᠤᠪᠢ ᠬᠦᠮᠦᠨ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢ ᠠᠰᠢᠭᠯᠠᠨ ᠣᠯᠠᠨ ᠨᠡᠶᠢᠳᠡ ᠶᠢᠨ ᠠᠰᠢᠭ ᠲᠤᠰᠠ ᠳᠤ ᠬᠤᠤᠷ ᠬᠦᠨᠦᠭᠡᠯ ᠤᠴᠠᠷᠠᠭᠤᠯᠬᠤ ᠠᠵᠢᠯᠯᠠᠭ᠎ᠠ ᠬᠢᠵᠦ ᠪᠤᠯᠬᠤ ᠦᠭᠡᠢ᠃     ᠲᠦᠷᠪᠡᠳᠦᠭᠡᠷ ᠵᠣᠷᠪᠣᠰ ᠤᠯᠤᠰ ᠠᠴᠠ ᠲᠦᠯᠦᠪᠯᠡᠭᠡ ᠲᠠᠢ ᠪᠠᠷ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢ ᠪᠦᠳᠦᠭᠡᠨ ᠪᠠᠶᠢᠭᠤᠯᠤᠨ᠎ᠠ᠃ ᠴᠦᠭᠡᠨ ᠲᠤᠭᠠᠳᠤ ᠦᠨᠳᠦᠰᠦᠳᠡᠨ ᠤ ᠭᠠᠵᠠᠷ ᠤᠷᠤᠨ᠂ ᠬᠢᠯᠢ ᠬᠢᠵᠠᠭᠠᠷ ᠶᠠᠳᠠᠭᠤ ᠬᠦᠴᠢᠷᠳᠡᠯᠳᠡᠢ ᠭᠠᠵᠠᠷ ᠤᠷᠤᠨ ᠪᠤᠯᠤᠨ ᠬᠦᠳᠡᠭᠡ ᠲᠤᠰᠬᠤᠨ ᠤ ᠭᠠᠵᠠᠷ ᠤᠷᠤᠨ ᠳᠤ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢ ᠪᠦᠳᠦᠭᠡᠨ ᠪᠠᠶᠢᠭᠤᠯᠬᠤ ᠳᠤ ᠲᠡᠮᠵᠢᠯᠭᠡ ᠦᠵᠡᠭᠦᠯᠦᠨ᠎ᠡ᠃     ᠲᠠᠪᠤᠳᠤᠭᠠᠷ ᠵᠣᠷᠪᠣᠰ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠠᠴᠠ ᠡᠷᠬᠢᠯᠡᠭᠰᠡᠨ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠪᠦᠳᠦᠭᠡᠨ ᠪᠠᠶᠢᠭᠤᠯᠬᠤ᠂ ᠵᠠᠰᠠᠵᠦ ᠰᠡᠯᠪᠢᠬᠦ᠂ ᠬᠠᠮᠢᠶᠠᠷᠬᠤ ᠪᠡᠯᠡ ᠮᠦᠩᠭᠦ ᠶᠢ ᠲᠤᠰ ᠱᠠᠳᠣᠨ ᠤ ᠠᠷᠠᠳ ᠤᠨ ᠵᠠᠰᠠᠭ ᠤᠨ ᠤᠷᠳᠤᠨ ᠤ ᠦᠨᠳᠦᠰᠦᠨ ᠪᠦᠳᠦᠭᠡᠨ ᠪᠠᠶᠢᠭᠤᠯᠤᠯᠳᠠ ᠶᠢᠨ ᠪᠡᠯᠡ ᠤᠷᠤᠭᠤᠯᠤᠯᠳᠠ ᠪᠤᠯᠤᠨ ᠡᠳ᠋ ᠤᠨ ᠵᠠᠰᠠᠭ ᠤᠨ ᠲᠦᠰᠦᠪ ᠲᠤ ᠤᠷᠤᠭᠤᠯᠬᠤ ᠬᠡᠷᠡᠭᠳᠡᠢ᠃     ᠵᠢᠷᠭᠤᠳᠤᠭᠠᠷ ᠵᠣᠷᠪᠣᠰ ᠤᠯᠤᠰ ᠠᠴᠠ ᠠᠵᠦ ᠠᠬᠤᠶᠢᠯᠠᠯ᠂ ᠠᠵᠢᠯ ᠦᠢᠯᠡᠰ ᠤᠨ ᠪᠠᠶᠢᠭᠤᠯᠭ᠎ᠠ᠂ ᠨᠡᠶᠢᠭᠡᠮ ᠤᠨ ᠪᠦᠯᠬᠦᠮ ᠪᠤᠯᠤᠨ ᠬᠤᠪᠢ ᠬᠦᠮᠦᠨ ᠵᠡᠷᠭᠡ ᠨᠡᠶᠢᠭᠡᠮ ᠤᠨ ᠬᠦᠴᠦᠨ ᠢ ᠵᠤᠷᠢᠭᠵᠢᠭᠤᠯᠤᠨ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢ ᠡᠷᠬᠢᠯᠡᠨ ᠪᠠᠶᠢᠭᠤᠯᠤᠨ᠎ᠠ᠃ ᠤᠯᠤᠰ ᠠᠴᠠ ᠰᠠᠶᠢᠨ ᠲᠤᠷ᠎ᠠ ᠶᠢᠨ ᠪᠡᠯᠡᠭᠯᠡᠨ ᠬᠦᠷᠭᠡᠬᠦ ᠵᠡᠷᠭᠡ ᠠᠷᠭ᠎ᠠ ᠬᠡᠯᠪᠡᠷᠢ ᠪᠠᠷ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠨᠡᠶᠢᠭᠡᠮ ᠤᠨ ᠰᠠᠭᠤᠷᠢ ᠮᠦᠩᠭᠦ ᠪᠤᠰᠬᠠᠬᠤ ᠶᠢ ᠵᠤᠷᠢᠭᠵᠢᠭᠤᠯᠤᠨ᠎ᠠ᠂ ᠮᠦᠨ ᠬᠠᠦᠯᠢ ᠶᠤᠰᠤᠭᠠᠷ ᠠᠷᠠᠳ ᠤᠨ ᠵᠠᠰᠠᠭ ᠤᠨ ᠤᠷᠳᠤᠨ᠂ ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ ᠪᠤᠯᠤᠨ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠬᠠᠮᠢᠶᠠᠷᠤᠯᠳᠠ ᠶᠢᠨ ᠪᠠᠶᠢᠭᠤᠯᠭ᠎ᠠ ᠳᠤ ᠡᠳ᠋ ᠬᠦᠷᠦᠩᠭᠡ ᠪᠡᠯᠡᠭᠯᠡᠨ ᠬᠦᠷᠭᠡᠭᠦ ᠶᠢ ᠵᠤᠷᠢᠭᠵᠢᠭᠤᠯᠤᠨ᠎ᠠ᠃ ᠪᠡᠯᠡᠭᠯᠡᠨ ᠭᠦᠷᠭᠡᠭᠴᠢ ᠨᠢ ᠭᠠᠶᠢᠯᠢ ᠶᠢᠨ ᠬᠠᠦᠯᠢ ᠶᠢᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠬᠠᠷᠠᠭᠠᠯᠵᠠᠯ ᠬᠦᠷᠳᠡᠵᠦ ᠪᠤᠯᠤᠨ᠎ᠠ᠃ ᠤᠯᠤᠰ ᠠᠴᠠ ᠠᠯᠪᠠᠨ ᠪᠠᠶᠢᠭᠤᠯᠭ᠎ᠠ᠂ ᠰᠤᠷᠭᠠᠭᠤᠯᠢ ᠵᠡᠷᠭᠡ ᠪᠠᠶᠢᠭᠤᠯᠭ᠎ᠠ ᠶᠢᠨ ᠲᠤᠳᠤᠭᠠᠳᠦ ᠳᠠᠬᠢ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢ ᠭᠠᠳᠠᠭᠰᠢ ᠤᠯᠠᠨ ᠲᠦᠮᠡᠨ ᠳᠤ ᠨᠡᠭᠡᠯᠳᠡᠳᠡᠢ ᠪᠠᠶᠢᠯᠭᠠᠬᠤ ᠶᠢ ᠵᠤᠷᠢᠭᠵᠢᠭᠤᠯᠤᠨ᠎ᠠ᠃     ᠲᠤᠯᠤᠳᠤᠭᠠᠷ ᠵᠣᠷᠪᠣᠰ ᠲᠦᠷᠦ ᠶᠢᠨ ᠶᠠᠪᠤᠳᠠᠯ ᠤᠨ ᠬᠤᠷᠢᠶᠠᠨ ᠤ ᠰᠤᠶᠤᠯ ᠤᠨ ᠵᠠᠰᠠᠭ ᠵᠠᠬᠢᠷᠭᠠᠨ ᠤ ᠭᠤᠤᠯᠯᠠᠬᠤ ᠰᠠᠯᠠᠭ᠎ᠠ ᠮᠦᠴᠢᠷ ᠪᠠ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠭᠤᠤᠯᠯᠠᠬᠤ ᠰᠠᠯᠠᠭ᠎ᠠ ᠮᠦᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠲᠤᠭᠳᠠᠭᠠᠭᠰᠠᠨ ᠲᠤᠰᠢᠶᠠᠯ ᠬᠠᠷᠢᠭᠤᠴᠠᠯᠭ᠎ᠠ ᠶᠢᠨ ᠲᠠᠭᠠᠦ ᠪᠦᠬᠦ ᠤᠯᠤᠰ ᠤᠨ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠬᠢᠨᠠᠨ ᠬᠠᠮᠢᠶᠠᠷᠤᠯᠳᠠ ᠶᠢ ᠬᠠᠷᠢᠭᠤᠴᠠᠨ᠎ᠠ᠃     ᠨᠠᠢᠮᠠᠳᠤᠭᠠᠷ ᠵᠣᠷᠪᠣᠰ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ᠂ ᠬᠠᠮᠢᠶᠠᠷᠤᠯᠳᠠ ᠪᠠ ᠬᠠᠮᠠᠭᠠᠯᠠᠯᠳᠠ ᠶᠢᠨ ᠠᠵᠢᠯ ᠲᠡᠭᠡᠷ᠎ᠡ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠪᠠᠶᠢᠭᠤᠯᠭ᠎ᠠ ᠪᠤᠯᠤᠨ ᠬᠤᠪᠢ ᠬᠦᠮᠦᠨ ᠢ ᠰᠢᠶᠠᠨ ᠤ ᠱᠠᠳᠣᠨ ᠠᠴᠠ ᠲᠡᠭᠡᠭᠰᠢᠬᠢ ᠭᠠᠵᠠᠷ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠪᠤᠶᠤ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠱᠠᠩᠨᠠᠨ ᠬᠦᠬᠢᠭᠦᠯᠦᠨ᠎ᠡ᠃
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠠ