ᠬᠤᠶᠠᠳᠤᠭᠠᠷ ᠪᠦᠯᠦᠭ ᠲᠦᠯᠦᠪᠵᠢᠭᠦᠯᠬᠡ ᠪᠤᠯᠤᠨ ᠪᠦᠳᠦᠭᠡᠨ ᠪᠠᠶᠢᠭᠤᠯᠤᠯᠳᠠ | ᠶᠢᠰᠦᠳᠤᠭᠡᠷ ᠵᠣᠷᠪᠣᠰ ᠲᠦᠷᠦ ᠶᠢᠨ ᠶᠠᠪᠤᠳᠠᠯ ᠤᠨ ᠬᠤᠷᠢᠶᠠᠨ ᠤ ᠬᠦᠭᠵᠢᠯᠳᠡ ᠦᠭᠡᠷᠡᠴᠢᠯᠡᠯᠳᠡ ᠶᠢᠨ ᠵᠠᠰᠠᠭ ᠵᠠᠬᠢᠷᠭᠠᠨ ᠤ ᠭᠤᠤᠯᠯᠠᠬᠤ ᠰᠠᠯᠠᠭ᠎ᠠ ᠮᠦᠴᠢᠷ ᠠᠴᠠ | ᠲᠦᠷᠦ ᠶᠢᠨ ᠶᠠᠪᠤᠳᠠᠯ ᠤᠨ ᠬᠤᠷᠢᠶᠠᠨ ᠤ ᠰᠣᠶᠣᠯ ᠤᠨ ᠵᠠᠰᠠᠭ ᠵᠠᠬᠢᠷᠭᠠᠨ ᠤ ᠭᠤᠤᠯᠯᠠᠬᠤ ᠰᠠᠯᠠᠭ᠎ᠠ ᠮᠦᠴᠢᠷ ᠪᠤᠯᠤᠨ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ | ᠭᠤᠤᠯᠯᠠᠬᠤ ᠰᠠᠯᠠᠭ᠎ᠠ ᠮᠦᠴᠢᠷ ᠲᠠᠢ ᠬᠠᠮᠳᠤᠷᠠᠵᠦ ᠪᠠᠶᠢᠭᠠᠳ᠂ ᠪᠦᠬᠦ ᠤᠯᠤᠰ ᠤᠨ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ | ᠪᠦᠳᠦᠭᠡᠨ ᠪᠠᠶᠢᠭᠤᠯᠤᠯᠳᠠ ᠶᠢ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠳᠡ ᠶᠢᠨ ᠲᠦᠯᠦᠪᠯᠡᠭᠡᠡ ᠳᠤ ᠤᠷᠤᠭᠤᠯᠪᠠᠯ ᠵᠤᠬᠢᠨ᠎ᠠ᠃ ᠰᠢᠶᠠᠨ ᠤ | ᠱᠠᠳᠣᠨ ᠠᠴᠠ ᠲᠡᠭᠡᠭᠰᠢᠬᠢ ᠭᠠᠵᠠᠷ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠲᠤᠰ ᠵᠠᠰᠠᠭ ᠵᠠᠬᠢᠷᠭᠠᠨ ᠤ ᠤᠷᠤᠨ ᠨᠤᠳᠤᠭ ᠤᠨ ᠢᠶᠠᠨ ᠣᠯᠠᠨ ᠨᠡᠶᠢᠳᠡ ᠶᠢᠨ | ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠲᠤᠰ ᠭᠠᠵᠠᠷ ᠤᠨ ᠢᠶᠠᠨ ᠤᠯᠤᠰ ᠠᠷᠠᠳ ᠤᠨ ᠠᠵᠦ ᠠᠬᠤᠢ ᠪᠤᠯᠤᠨ | ᠨᠡᠶᠢᠭᠡᠮ ᠤᠨ ᠬᠦᠭᠵᠢᠯᠳᠡ ᠶᠢᠨ ᠲᠦᠯᠦᠪᠯᠡᠭᠡᠨ ᠳᠤ ᠤᠷᠤᠭᠤᠯᠪᠠᠯ ᠵᠤᠬᠢᠨ᠎ᠠ᠃ | ᠠᠷᠪᠠᠳᠤᠭᠠᠷ ᠵᠣᠷᠪᠣᠰ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠲᠤᠭ᠎ᠠ ᠬᠡᠮᠵᠢᠶ᠎ᠡ᠂ ᠲᠦᠷᠦᠯ ᠵᠦᠢᠯ᠂ ᠬᠦᠷᠢᠶ᠎ᠡ ᠬᠡᠪᠴᠢᠶ᠎ᠡ | ᠪᠤᠯᠤᠨ ᠪᠠᠶᠢᠷᠢᠯᠠᠭᠤᠯᠤᠯᠳᠠ ᠨᠢ ᠤᠯᠤᠰ ᠠᠷᠠᠳ ᠤᠨ ᠠᠵᠦ ᠠᠬᠤᠢ ᠪᠤᠯᠤᠨ ᠨᠡᠶᠢᠭᠡᠮ ᠤᠨ ᠬᠦᠭᠵᠢᠯᠳᠡ ᠶᠢᠨ ᠬᠢᠷᠢ ᠲᠦᠪᠰᠢᠨ᠂ ᠬᠦᠮᠦᠨ ᠠᠮᠠ ᠶᠢᠨ ᠪᠦᠳᠦᠴᠡ᠂ | ᠤᠷᠴᠢᠨ ᠲᠤᠭᠤᠷᠢᠨ ᠤ ᠨᠦᠭᠦᠴᠡᠯ ᠪᠠᠶᠢᠳᠠᠯ ᠵᠢᠴᠢ ᠰᠤᠶᠤᠯ ᠪᠡᠶ᠎ᠡ ᠶᠢᠨ ᠲᠠᠮᠢᠷ ᠤᠨ ᠦᠢᠯᠡᠰ ᠤᠨ ᠬᠦᠭᠵᠢᠯᠳᠡ ᠶᠢᠨ ᠬᠡᠷᠡᠭᠴᠡᠭᠡ ᠶᠢ ᠦᠨᠳᠦᠰᠦᠯᠡᠨ ᠨᠢᠭᠡᠳᠦᠯᠲᠡᠢ | ᠲᠦᠯᠦᠪᠯᠡᠵᠦ ᠨᠡᠶᠢᠳᠡ ᠳᠤᠨᠢ ᠬᠠᠷᠠᠭᠠᠯᠵᠠᠵᠦ᠂ ᠰᠢᠯᠢᠳᠡᠭᠵᠢᠭᠦᠯᠦᠨ ᠲᠤᠬᠢᠷᠠᠭᠤᠯᠤᠯᠳᠠ ᠬᠢᠵᠦ᠂ ᠤᠯᠤᠰ ᠤᠨ ᠬᠤᠳᠠ ᠬᠦᠳᠡᠭᠡ ᠶᠢᠨ ᠣᠯᠠᠨ ᠨᠡᠶᠢᠳᠡ ᠶᠢᠨ ᠰᠤᠶᠤᠯ | ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠭᠠᠵᠠᠷ ᠡᠵᠡᠯᠡᠬᠦ ᠨᠤᠷᠮ᠎ᠠ ᠶᠢᠨ ᠬᠦᠢᠴᠡᠳᠬᠡᠬᠦ ᠪᠠᠷᠢᠮᠵᠢᠶᠡᠠ ᠤ ᠲᠤᠭᠳᠠᠭᠠᠯ ᠳᠤ ᠨᠡᠶᠢᠴᠡᠬᠦ ᠬᠡᠷᠡᠭᠳᠡᠢ᠃ ᠣᠯᠠᠨ | ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠭᠠᠵᠠᠷ ᠡᠵᠡᠯᠡᠬᠦ ᠨᠤᠷᠮ᠎ᠠ ᠶᠢᠨ ᠬᠦᠢᠴᠡᠳᠬᠡᠬᠦ ᠪᠠᠷᠢᠮᠵᠢᠶ᠎ᠠ ᠨᠢ ᠲᠦᠷᠦ ᠶᠢᠨ ᠶᠠᠪᠤᠳᠠᠯ ᠤᠨ | ᠬᠤᠷᠢᠶᠠᠨ ᠤ ᠭᠠᠵᠠᠷ ᠰᠢᠷᠤᠢ ᠶᠢᠨ ᠵᠠᠰᠠᠭ ᠵᠠᠬᠢᠷᠭᠠᠨ ᠤ ᠭᠤᠤᠯᠯᠠᠬᠤ ᠰᠠᠯᠠᠭ᠎ᠠ ᠮᠦᠴᠢᠷ᠂ ᠪᠦᠳᠦᠭᠡᠨ ᠪᠠᠶᠢᠭᠤᠯᠤᠯᠳᠠ ᠶᠢᠨ ᠭᠤᠤᠯᠯᠠᠬᠤ ᠰᠠᠯᠠᠭ᠎ᠠ ᠮᠦᠴᠢᠷ ᠠᠴᠠ ᠲᠤᠰ | ᠲᠤᠰ ᠲᠦᠷᠦ ᠶᠢᠨ ᠶᠠᠪᠤᠳᠠᠯ ᠤᠨ ᠬᠤᠷᠢᠶᠠᠨ ᠤ ᠰᠤᠶᠤᠯ ᠤᠨ ᠭᠤᠤᠯᠯᠠᠬᠤ ᠰᠠᠯᠠᠭ᠎ᠠ ᠮᠦᠴᠢᠷ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠭᠤᠤᠯᠯᠠᠬᠤ ᠰᠠᠯᠠᠭ᠎ᠠ | ᠮᠦᠴᠢᠷ ᠲᠠᠢ ᠬᠠᠮᠳᠤᠷᠠᠵᠦ ᠪᠠᠶᠢᠭᠠᠳ ᠲᠤᠭᠳᠠᠭᠠᠨ᠎ᠠ᠃ | ᠠᠷᠪᠠᠨ ᠨᠢᠭᠡᠳᠦᠭᠡᠷ ᠵᠣᠷᠪᠣᠰ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠪᠦᠳᠦᠭᠡᠨ ᠪᠠᠶᠢᠭᠤᠯᠬᠤ ᠭᠠᠵᠠᠷ ᠢ ᠬᠦᠮᠦᠨ ᠠᠮᠠ | ᠲᠦᠪᠯᠡᠷᠡᠭᠰᠡᠨ᠂ ᠵᠠᠮ ᠬᠠᠷᠢᠯᠴᠠᠭ᠎ᠠ ᠲᠦᠭᠦᠮ ᠵᠠᠷᠴᠢᠮ ᠢ ᠦᠨᠳᠦᠰᠦᠯᠡᠨ ᠰᠤᠩᠭᠤᠨ᠎ᠠ᠃ | ᠠᠷᠪᠠᠨ ᠬᠤᠶᠠᠳᠤᠭᠠᠷ ᠵᠣᠷᠪᠣᠰ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠵᠢᠷᠤᠭ ᠲᠦᠯᠦᠪᠯᠡᠭᠡ ᠨᠢ ᠪᠤᠳᠠᠳᠠᠢ ᠬᠡᠷᠡᠭᠯᠡᠭᠡᠳᠡᠢ᠂ | ᠠᠮᠤᠷ ᠲᠦᠪᠰᠢᠨ᠂ ᠰᠢᠨᠵᠢᠯᠡᠬᠦ ᠤᠬᠠᠭᠠᠨᠴᠢ᠂ ᠦᠩᠭᠡ ᠦᠵᠡᠮᠵᠢᠳᠡᠢ ᠵᠡᠷᠭᠡ ᠱᠠᠭᠠᠷᠳᠠᠯᠭ᠎ᠠ ᠲᠠᠢ ᠨᠡᠶᠢᠴᠡᠵᠦ᠂ ᠰᠠᠭᠠᠳ ᠦᠭᠡᠢ ᠠᠷᠭ᠎ᠠ ᠬᠡᠮᠵᠢᠶ᠎ᠡ ᠠᠪᠴᠦ | ᠵᠡᠮᠳᠡᠭᠴᠤᠳ ᠤᠨ ᠬᠡᠷᠡᠭᠯᠡᠬᠦ ᠳᠤ ᠲᠦᠭᠦᠮ ᠦᠵᠡᠭᠦᠯᠬᠦ ᠬᠡᠷᠡᠭᠳᠡᠢ᠃ ᠪᠤᠳᠠᠳᠠᠢ ᠵᠢᠷᠤᠭ ᠲᠦᠯᠦᠪᠯᠡᠭᠡᠨ ᠤ ᠬᠦᠷᠢᠶ᠎ᠡ ᠬᠡᠪᠴᠢᠶ᠎ᠡ ᠶᠢ ᠲᠦᠷᠦ ᠶᠢᠨ ᠶᠠᠪᠤᠳᠠᠯ ᠤᠨ | ᠬᠤᠷᠢᠶᠠᠨ ᠤ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠰᠤᠶᠤᠯ ᠤᠨ ᠵᠠᠰᠠᠭ | ᠵᠠᠬᠢᠷᠭᠠᠨ ᠤ ᠭᠤᠤᠯᠯᠠᠬᠤ ᠰᠠᠯᠭ᠎ᠠ ᠮᠦᠴᠢᠷ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠭᠤᠤᠯᠯᠠᠬᠤ ᠰᠠᠯᠠᠭ᠎ᠠ ᠮᠦᠴᠢᠷ ᠲᠠᠢ ᠬᠠᠮᠳᠤᠷᠠᠵᠦ ᠲᠤᠭᠳᠠᠭᠠᠨ᠎ᠠ᠃ | ᠠᠷᠪᠠᠨ ᠭᠤᠷᠪᠠᠳᠤᠭᠠᠷ ᠵᠣᠷᠪᠣᠰ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠪᠦᠳᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠨᠢ | ᠤᠯᠤᠰ ᠤᠨ ᠦᠮᠴᠢᠯᠡᠯ ᠲᠠᠢ ᠪᠤᠯ ᠬᠠᠦᠯᠢ ᠶᠤᠰᠤᠭᠠᠷ ᠵᠦᠪᠰᠢᠶᠡᠷᠡᠭᠦᠯᠦᠭᠰᠡᠨ ᠤ ᠲᠠᠷᠠᠭ᠎ᠠ ᠬᠤᠪᠢᠶᠠᠷᠢᠯᠠᠨ ᠦᠭᠭᠦ ᠬᠡᠯᠪᠡᠷᠢ ᠪᠠᠷ ᠠᠪᠴᠦ ᠪᠤᠯᠤᠨ᠎ᠠ᠃ | ᠠᠷᠪᠠᠨ ᠲᠦᠷᠪᠡᠳᠦᠭᠡᠷ ᠵᠣᠷᠪᠣᠰ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠤᠷᠢᠳᠴᠢᠯᠠᠨ | ᠦᠯᠡᠳᠡᠭᠡᠭᠰᠡᠨ ᠭᠠᠵᠠᠷ ᠢ ᠰᠢᠶᠠᠨ ᠤ ᠱᠠᠳᠣᠨ ᠠᠴᠠ ᠲᠡᠭᠡᠭᠰᠢᠬᠢ ᠭᠠᠵᠠᠷ ᠤᠷᠤᠨ ᠤ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠤᠢ ᠶᠢᠨ ᠵᠠᠰᠠᠭ ᠵᠠᠬᠢᠷᠭᠠᠨ ᠤ | ᠭᠤᠤᠯᠯᠠᠬᠤ ᠰᠠᠯᠠᠭ᠎ᠠ ᠮᠦᠴᠢᠷ ᠪᠤᠯᠤᠨ ᠬᠤᠳᠠ ᠬᠦᠳᠡᠭᠡ ᠶᠢᠨ ᠲᠦᠯᠦᠪᠵᠢᠭᠦᠯᠬᠡ ᠶᠢᠨ ᠵᠠᠰᠠᠭ ᠵᠠᠬᠢᠷᠭᠠᠨ ᠤ ᠭᠤᠤᠯᠯᠠᠬᠤ ᠰᠠᠯᠠᠭ᠎ᠠ ᠮᠦᠴᠢᠷ ᠠᠴᠠ ᠤᠯᠤᠰ ᠤᠨ ᠭᠠᠵᠠᠷ | ᠡᠵᠡᠯᠡᠬᠦ ᠬᠤᠯᠪᠤᠭᠳᠠᠯ ᠪᠦᠬᠦᠢ ᠬᠦᠢᠴᠡᠳᠬᠡᠬᠦ ᠨᠤᠷᠮ᠎ᠠ ᠶᠢᠨ ᠶᠤᠰᠤᠭᠠᠷ ᠭᠠᠵᠠᠷ ᠰᠢᠷᠤᠢ ᠠᠰᠢᠭᠯᠠᠬᠤ ᠶᠡᠷᠦᠩᠬᠡᠢ ᠲᠦᠯᠦᠪᠯᠡᠭᠡ ᠪᠤᠯᠤᠨ ᠬᠤᠳᠠ ᠬᠦᠳᠡᠭᠡ ᠶᠢᠨ | ᠲᠦᠯᠦᠪᠵᠢᠭᠦᠯᠭᠡ ᠳᠤ ᠤᠷᠤᠭᠤᠯᠵᠦ᠂ ᠬᠠᠦᠯᠢ ᠶᠢᠨ ᠶᠠᠪᠤᠴᠠ ᠶᠤᠰᠤᠭᠠᠷ ᠵᠦᠪᠰᠢᠶᠡᠷᠡᠭᠦᠯᠦᠨ᠎ᠡ᠃ ᠶᠠᠮᠠᠷᠪᠠ ᠪᠠᠶᠢᠭᠤᠯᠭ᠎ᠠ ᠪᠤᠯᠤᠨ ᠬᠤᠪᠢ ᠬᠦᠮᠦᠨ ᠣᠯᠠᠨ | ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠤᠷᠢᠳᠴᠢᠯᠠᠨ ᠦᠯᠡᠳᠡᠭᠡᠭᠰᠡᠨ ᠭᠠᠵᠠᠷ ᠢ ᠪᠤᠯᠢᠶᠠᠨ ᠡᠵᠡᠯᠡᠬᠦ ᠪᠤᠶᠤ | ᠬᠡᠷᠡᠭᠴᠡᠭᠡ ᠦᠢᠯᠡᠳᠦᠯ ᠢ ᠨᠢ ᠬᠤᠪᠢᠷᠠᠭᠤᠯᠵᠦ ᠪᠤᠯᠬᠤ ᠦᠭᠡᠢ᠃ ᠬᠡᠷᠪᠡ ᠤᠨᠴᠠᠭᠠᠢ ᠪᠠᠶᠢᠳᠠᠯ ᠲᠤᠤᠷ᠎ᠠ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ | ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠤᠷᠢᠳᠴᠢᠯᠠᠨ ᠦᠯᠡᠳᠡᠭᠡᠭᠰᠡᠨ ᠭᠠᠵᠠᠷ ᠢ ᠲᠤᠬᠢᠷᠠᠭᠤᠯᠬᠤ ᠭᠡᠷᠡᠭᠳᠡᠢ ᠪᠤᠯ ᠬᠠᠦᠯᠢ ᠶᠤᠰᠤᠭᠠᠷ ᠬᠤᠳᠠ | ᠬᠦᠳᠡᠭᠡ ᠶᠢᠨ ᠲᠦᠯᠦᠪᠵᠢᠭᠦᠯᠭᠡ ᠶᠢ ᠲᠤᠬᠢᠷᠠᠭᠤᠯᠵᠦ᠂ ᠡᠮᠦᠨᠡᠬᠢ ᠵᠦᠢᠯ ᠳᠤ ᠲᠤᠭᠳᠠᠭᠠᠭᠰᠠᠨ ᠶᠤᠰᠤᠭᠠᠷ ᠪᠦᠳᠦᠭᠡᠨ ᠪᠠᠶᠢᠭᠤᠯᠤᠯᠳᠠ ᠶᠢᠨ ᠤᠷᠢᠳᠴᠢᠯᠠᠨ | ᠦᠯᠡᠳᠡᠭᠡᠭᠰᠡᠨ ᠭᠠᠵᠠᠷ ᠢ ᠲᠠᠬᠢᠨ ᠲᠤᠭᠳᠠᠭᠠᠨ᠎ᠠ᠃ ᠲᠠᠬᠢᠨ ᠲᠤᠭᠳᠠᠭᠠᠭᠰᠠᠨ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠪᠦᠳᠦᠭᠡᠨ | ᠪᠠᠶᠢᠭᠤᠯᠤᠯᠳᠠ ᠶᠢᠨ ᠤᠷᠢᠳᠴᠢᠯᠠᠨ ᠦᠯᠡᠳᠡᠭᠡᠭᠰᠡᠨ ᠭᠠᠵᠠᠷ ᠨᠢ ᠣᠭ ᠤᠨ ᠲᠠᠯᠠᠪᠠᠢ ᠠᠴᠠ ᠪᠠᠭ᠎ᠠ ᠪᠠᠶᠢᠵᠦ ᠪᠤᠯᠬᠤ ᠦᠬᠡᠢ᠃ | ᠠᠷᠪᠠᠨ ᠲᠠᠪᠤᠳᠤᠭᠠᠷ ᠵᠤᠷᠪᠤᠰ ᠰᠢᠨ᠎ᠡ ᠪᠠᠷ ᠪᠠᠶᠢᠭᠤᠯᠤᠭᠰᠠᠨ᠂ ᠦᠭᠡᠷᠡᠴᠢᠯᠡᠨ ᠪᠠᠶᠢᠭᠤᠯᠤᠭᠰᠠᠨ᠂ ᠦᠷᠭᠡᠳᠭᠡᠨ ᠪᠠᠶᠢᠭᠤᠯᠤᠭᠰᠠᠨ ᠰᠠᠭᠤᠭᠠᠯᠢ ᠠᠷᠠᠳ ᠤᠨ | ᠲᠤᠭᠤᠷᠢᠭ ᠨᠢ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠤᠬᠢᠷᠠᠭᠰᠠᠨ ᠲᠦᠭᠦᠭᠡᠷᠦᠮᠵᠢ | ᠲᠦᠯᠦᠪᠵᠢᠭᠦᠯᠵᠦ ᠪᠠᠶᠢᠭᠤᠯᠬᠤ ᠬᠡᠷᠡᠭᠳᠡᠢ᠃ ᠰᠠᠭᠤᠭᠠᠯᠢ ᠠᠷᠠᠳ ᠤᠨ ᠲᠤᠭᠤᠷᠢᠭ ᠤᠨ ᠢᠵᠢ ᠪᠦᠷᠢᠳᠦᠭᠰᠡᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠨᠢ | ᠰᠠᠭᠤᠭᠠᠯᠢ ᠠᠷᠠᠳ ᠤᠨ ᠲᠤᠭᠤᠷᠢᠭ ᠤᠨ ᠭᠤᠤᠯ ᠴᠤᠭᠴᠠ ᠢᠨ᠋ᠵᠧᠨᠧᠷᠢᠩ ᠲᠠᠢ ᠬᠠᠮᠳᠦ ᠳᠤᠨᠢ ᠵᠢᠷᠤᠨ ᠲᠦᠯᠦᠪᠯᠡᠵᠦ᠂ ᠬᠠᠮᠳᠤ ᠳᠤᠨᠢ ᠪᠠᠷᠢᠵᠦ ᠪᠠᠶᠢᠭᠤᠯᠵᠦ᠂ | ᠬᠠᠮᠳᠤ ᠳᠤᠨᠢ ᠬᠡᠷᠡᠭᠯᠡᠭᠡᠨ ᠳᠤ ᠤᠷᠤᠭᠤᠯᠬᠤ ᠬᠡᠷᠡᠭᠳᠡᠢ᠃ ᠶᠠᠮᠠᠷᠪᠠ ᠪᠠᠶᠢᠭᠤᠯᠭ᠎ᠠ ᠪᠤᠯᠤᠨ ᠬᠤᠪᠢ ᠬᠦᠮᠦᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ | ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠪᠠ ᠴᠢᠳᠠᠪᠬᠢ ᠶᠢ ᠲᠤᠷ᠎ᠠ ᠪᠠᠷ ᠬᠤᠪᠢᠷᠠᠭᠤᠯᠵᠦ ᠪᠤᠯᠬᠤ ᠦᠭᠡᠢ᠂ ᠲᠡᠭᠦᠨ ᠤ ᠪᠦᠳᠦᠭᠡᠨ ᠪᠠᠶᠢᠭᠤᠯᠤᠯᠳᠠ ᠶᠢᠨ | ᠬᠦᠷᠢᠶ᠎ᠡ ᠬᠡᠪᠴᠢᠶ᠎ᠡ ᠶᠢ ᠪᠠᠭᠠᠰᠬᠠᠵᠦ ᠲᠡᠭᠦᠨ ᠤ ᠭᠠᠵᠠᠷ ᠡᠵᠡᠯᠡᠬᠦ ᠬᠦᠢᠴᠡᠳᠬᠡᠬᠦ ᠪᠠᠷᠢᠮᠵᠢᠶ᠎ᠠ ᠶᠢ ᠪᠠᠭᠤᠷᠠᠭᠤᠯᠵᠦ ᠪᠤᠯᠬᠤ ᠦᠭᠡᠢ᠃ |