ᠭᠤᠷᠪᠠᠳᠤᠭᠠᠷ ᠪᠦᠯᠦᠭ ᠠᠰᠢᠭᠯᠠᠯᠳᠠ ᠪᠤᠯᠤᠨ ᠦᠢᠯᠡᠴᠢᠯᠡᠭᠡ | ᠠᠷᠪᠠᠨ ᠵᠢᠷᠭᠤᠳᠤᠭᠠᠷ ᠵᠤᠷᠪᠤᠰ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠬᠠᠮᠢᠶᠠᠷᠤᠯᠳᠠ ᠶᠢᠨ ᠪᠠᠶᠢᠭᠤᠯᠭ᠎ᠠ ᠨᠢ | ᠦᠢᠯᠡᠴᠢᠯᠡᠭᠡᠨ ᠤ ᠨᠦᠭᠦᠴᠡᠯ ᠢᠶᠠᠨ ᠪᠦᠷᠢᠨᠰᠢᠭᠦᠯᠵᠦ᠂ ᠦᠢᠯᠡᠴᠢᠯᠡᠭᠡ ᠪᠠᠨ ᠲᠦᠷᠢᠮᠵᠢᠭᠦᠯᠵᠦ᠂ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ | ᠲᠦᠭᠦᠭᠡᠷᠦᠮᠵᠢ ᠶᠢᠨ ᠴᠢᠳᠠᠪᠬᠢ᠂ ᠤᠨᠴᠠᠯᠢᠭ ᠲᠠᠢ ᠲᠤᠬᠢᠷᠠᠭᠰᠠᠨ ᠦᠢᠯᠡᠴᠢᠯᠡᠭᠡ ᠶᠢ ᠬᠠᠩᠭᠠᠵᠦ᠂ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ | ᠲᠦᠭᠦᠭᠡᠷᠦᠮᠵᠢ ᠶᠢᠨ ᠡᠷᠡᠭᠦᠯ᠂ ᠪᠤᠯᠪᠠᠰᠤᠨ ᠢᠶᠠᠷ ᠰᠤᠶᠤᠯ ᠪᠡᠶ᠎ᠡ ᠶᠢᠨ ᠲᠠᠮᠢᠷ ᠤᠨ ᠬᠦᠳᠡᠯᠭᠡᠭᠡᠨ ᠦᠷᠨᠢᠭᠦᠯᠬᠦ ᠶᠢ ᠪᠠᠳᠤᠯᠠᠨ᠎ᠠ᠃ | ᠠᠷᠪᠠᠨ ᠲᠤᠯᠤᠳᠤᠭᠠᠷ ᠵᠤᠷᠪᠤᠰ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠴᠢᠳᠠᠪᠬᠢ᠂ ᠤᠨᠴᠠᠯᠢᠭ ᠢ ᠦᠨᠳᠦᠰᠦᠯᠡᠨ ᠤᠯᠠᠨ | ᠲᠦᠮᠡᠨ ᠳᠤ ᠨᠡᠭᠡᠭᠡᠵᠦ᠂ ᠨᠡᠭᠡᠭᠡᠬᠦ ᠴᠠᠭ ᠢ ᠲᠤᠰ ᠭᠠᠵᠠᠷ ᠤᠨ ᠤᠯᠠᠨ ᠲᠦᠮᠡᠨ ᠤ ᠠᠵᠢᠯᠯᠠᠬᠤ ᠪᠠ ᠰᠤᠷᠤᠯᠴᠠᠬᠤ ᠴᠠᠭ ᠲᠠᠢ ᠵᠤᠬᠢᠬᠤ ᠬᠡᠮᠵᠢᠶ᠎ᠡ ᠪᠠᠷ ᠵᠦᠷᠢᠭᠦᠯᠬᠦ | ᠬᠡᠷᠡᠭᠳᠡᠢ᠃ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠨᠡᠭᠡᠭᠡᠬᠦ ᠴᠠᠭ ᠨᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ | ᠬᠠᠷᠢᠶᠠᠳᠤ ᠬᠤᠳᠠ ᠶᠢᠨ ᠲᠤᠭᠳᠠᠭᠰᠠᠨ ᠬᠠᠮᠤᠭ ᠤᠨ ᠪᠤᠭᠤᠨᠢ ᠴᠠᠭ ᠠᠴᠠ ᠣᠬᠤᠷ ᠪᠠᠶᠢᠵᠦ ᠪᠤᠯᠬᠤ ᠦᠭᠡᠢ᠃ ᠤᠯᠤᠰ ᠤᠨ ᠬᠠᠦᠯᠢ ᠶᠤᠰᠤᠨ ᠤ ᠠᠮᠠᠷᠠᠯᠳᠠ᠂ ᠪᠠᠶᠠᠷ | ᠲᠤᠷᠠᠰᠬᠠᠯ ᠤᠨ ᠡᠳᠦᠷ ᠪᠤᠯᠤᠨ ᠰᠤᠷᠭᠠᠭᠤᠯᠢ ᠶᠢᠨ ᠡᠪᠦᠯ ᠵᠤᠨ ᠤ ᠠᠮᠠᠷᠠᠯᠳᠠ ᠶᠢᠨ ᠬᠤᠭᠤᠴᠠᠭᠠᠨ ᠳᠤ ᠵᠤᠬᠢᠬᠤ ᠬᠡᠮᠵᠢᠶ᠎ᠡ ᠪᠠᠷ ᠨᠡᠭᠡᠭᠡᠬᠦ ᠴᠠᠭ ᠢᠶᠠᠨ ᠤᠷᠳᠤᠳᠬᠠᠬᠤ | ᠬᠡᠷᠡᠭᠳᠡᠢ᠃ ᠰᠤᠷᠭᠠᠭᠤᠯᠢ ᠶᠢᠨ ᠡᠪᠦᠯ ᠵᠤᠨ ᠤ ᠠᠮᠠᠷᠠᠯᠳᠠ ᠶᠢᠨ ᠬᠤᠭᠤᠴᠠᠭᠠᠨ ᠳᠤ᠂ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ | ᠬᠠᠮᠢᠶᠠᠷᠤᠯᠳᠠ ᠶᠢᠨ ᠪᠠᠶᠢᠭᠤᠯᠭ᠎ᠠ ᠨᠢ ᠰᠣᠷᠣᠭᠴᠢᠳ ᠤᠨ ᠤᠨᠴᠠᠯᠢᠭ ᠲᠤ ᠲᠤᠬᠢᠷᠠᠭᠰᠠᠨ ᠰᠣᠶᠣᠯ ᠪᠡᠶ᠎ᠡ ᠶᠢᠨ ᠲᠠᠮᠢᠷ ᠤᠨ ᠬᠦᠳᠡᠯᠭᠡᠭᠡᠨ ᠢ ᠨᠡᠮᠡᠵᠦ ᠨᠡᠬᠡᠬᠡᠬᠦ ᠬᠡᠷᠡᠭᠳᠡᠢ᠃ | | ᠠᠷᠪᠠᠨ ᠨᠠᠢᠮᠠᠳᠤᠭᠠᠷ ᠵᠤᠷᠪᠤᠰ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠬᠠᠮᠢᠶᠠᠷᠤᠯᠳᠠ ᠶᠢᠨ ᠪᠠᠶᠢᠭᠤᠯᠭ᠎ᠠ ᠨᠢ ᠤᠯᠠᠨ | ᠲᠦᠮᠡᠨ ᠳᠤ ᠦᠢᠯᠡᠴᠢᠯᠡᠭᠡᠨ ᠤ ᠠᠭᠤᠯᠭ᠎ᠠ ᠪᠤᠯᠤᠨ ᠨᠡᠬᠡᠬᠡᠬᠦ ᠴᠠᠭ ᠢᠶᠠᠨ ᠢᠯᠡ ᠨᠡᠶᠢᠳᠡᠯᠡᠬᠦ ᠬᠡᠷᠡᠭᠳᠡᠢ᠃ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ | ᠲᠦᠭᠦᠭᠡᠷᠦᠮᠵᠢ ᠨᠢ ᠰᠡᠯᠪᠢᠵᠦ ᠵᠠᠰᠠᠬᠤ ᠵᠡᠷᠭᠡ ᠰᠢᠯᠳᠠᠭᠠᠨ ᠠᠴᠠ ᠲᠦᠷ ᠴᠠᠭ ᠨᠡᠭᠡᠭᠡᠬᠦ ᠪᠠᠨ ᠵᠤᠭᠰᠤᠬᠤ ᠳᠠᠭᠠᠨ ᠲᠤᠯᠤᠭ᠎ᠠ ᠡᠳᠦᠷ ᠤᠨ ᠡᠮᠦᠨ᠎ᠡ ᠤᠷᠢᠳᠴᠢᠯᠠᠨ | ᠨᠡᠶᠢᠳᠡᠯᠡᠬᠦ ᠬᠡᠷᠡᠭᠳᠡᠢ᠃ | ᠠᠷᠪᠠ ᠶᠢᠰᠦᠳᠦᠭᠡᠷ ᠵᠤᠷᠪᠤᠰ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠬᠠᠮᠢᠶᠠᠷᠤᠯᠳᠠ ᠶᠢᠨ ᠪᠠᠶᠢᠭᠤᠯᠭ᠎ᠠ ᠨᠢ | ᠲᠦᠭᠦᠭᠡᠷᠦᠮᠵᠢ ᠶᠢᠨ ᠭᠡᠷᠡᠭᠯᠡᠭᠦ ᠠᠷᠭ᠎ᠠ ᠪᠤᠯᠤᠨ ᠠᠩᠬᠠᠷᠬᠤ ᠵᠦᠢᠯ ᠢ ᠨᠢᠳᠦᠨ ᠳᠤ ᠢᠯᠡ ᠭᠠᠵᠠᠷ ᠲᠤᠳᠤᠷᠬᠠᠶᠢᠯᠠᠬᠤ ᠭᠡᠷᠡᠭᠳᠡᠢ᠃ | ᠬᠤᠷᠢᠳᠤᠭᠠᠷ ᠵᠤᠷᠪᠤᠰ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠬᠠᠮᠢᠶᠠᠷᠤᠯᠳᠠ ᠶᠢᠨ ᠪᠠᠶᠢᠭᠤᠯᠭ᠎ᠠ ᠨᠢ ᠵᠤᠬᠢᠬᠤ ᠬᠡᠮᠵᠢᠶ᠎ᠡ ᠪᠠᠷ | ᠰᠦᠢᠳᠭᠡᠯ ᠬᠤᠷᠢᠶᠠᠵᠦ ᠦᠢᠯᠡᠴᠢᠯᠡᠭᠡ ᠬᠠᠩᠭᠠᠵᠦ ᠪᠤᠯᠤᠨ᠎ᠠ᠂ ᠰᠦᠢᠳᠬᠡᠯ ᠬᠤᠷᠢᠶᠠᠨᠬᠤ ᠲᠦᠷᠦᠯ ᠵᠦᠢᠯ ᠪᠤᠯᠤᠨ ᠪᠠᠷᠢᠮᠵᠢᠶ᠎ᠠ ᠨᠢ ᠰᠢᠶᠠᠨ ᠤ ᠱᠠᠳᠣᠨ ᠠᠴᠠ | ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠢᠶᠠᠷ ᠲᠠᠮᠵᠢᠨ ᠵᠦᠪᠰᠢᠶᠡᠷᠡᠭᠦᠯᠬᠦ ᠭᠡᠷᠡᠭᠳᠡᠢ᠃ | ᠬᠤᠷᠢᠨ ᠨᠢᠭᠡᠳᠦᠭᠡᠷ ᠵᠤᠷᠪᠤᠰ ᠰᠦᠢᠳᠭᠡᠯ ᠬᠤᠷᠢᠶᠠᠨᠬᠤ ᠶᠤᠰᠤᠲᠠᠢ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ | ᠬᠠᠮᠢᠶᠠᠷᠤᠯᠳᠠ ᠶᠢᠨ ᠪᠠᠶᠢᠭᠤᠯᠭ᠎ᠠ ᠨᠢ ᠲᠦᠭᠦᠭᠡᠷᠦᠮᠵᠢ ᠶᠢᠨ ᠴᠢᠳᠡᠪᠬᠢ ᠪᠤᠯᠤᠨ ᠤᠨᠴᠠᠯᠢᠭ ᠢ ᠦᠨᠳᠦᠰᠦᠯᠡᠨ ᠰᠣᠷᠣᠭᠴᠢᠳ᠂ ᠨᠠᠰᠤᠳᠠᠶᠢᠴᠣᠳ᠂ ᠵᠡᠮᠳᠡᠭᠴᠤᠳ ᠲᠤ | ᠦᠨ᠎ᠡ ᠲᠦᠯᠦᠪᠦᠷᠢ ᠠᠪᠬᠤ ᠦᠭᠡᠢ ᠪᠤᠶᠤ ᠬᠠᠷᠠᠭᠠᠯᠵᠠᠯ ᠦᠵᠡᠭᠦᠯᠬᠦ ᠬᠡᠷᠡᠭᠳᠡᠢ᠂ ᠪᠤᠳᠠᠳᠠᠢ ᠠᠷᠭ᠎ᠠ ᠬᠡᠮᠵᠢᠶ᠎ᠡ ᠶᠢ ᠨᠢ ᠮᠤᠵᠢ᠂ ᠦᠪᠡᠷᠳᠡᠭᠡᠨ ᠵᠠᠰᠠᠬᠤ ᠤᠷᠤᠨ᠂ | ᠰᠢᠭᠤᠳ ᠬᠠᠷᠢᠶᠠᠳᠤ ᠬᠤᠳᠠ ᠠᠴᠠ ᠲᠤᠭᠳᠠᠭᠠᠨ᠎ᠠ᠃ | ᠬᠤᠷᠢᠨ ᠬᠤᠶᠠᠳᠤᠭᠠᠷ ᠵᠤᠷᠪᠤᠰ ᠣᠯᠠᠨ ᠨᠡᠶᠢᠳᠡ ᠶᠢᠨ ᠰᠤᠶᠤᠯ ᠤᠨ ᠲᠦᠭᠦᠭᠡᠷᠦᠮᠵᠢ ᠶᠢᠨ ᠬᠠᠮᠢᠶᠠᠷᠤᠯᠳᠠ ᠶᠢᠨ ᠪᠠᠶᠢᠭᠤᠯᠭ᠎ᠠ ᠨᠢ ᠲᠡᠦᠬᠡ ᠶᠢᠨ ᠲᠤᠷᠠᠰᠬᠠᠯᠳᠤ | ᠵᠦᠢᠯ ᠤᠨ ᠲᠡᠯᠭᠡᠨ ᠦᠵᠡᠭᠦᠯᠭᠡ᠂ ᠤᠷᠠᠨ ᠵᠢᠷᠤᠭ ᠤᠨ ᠲᠡᠯᠭᠡᠨ ᠦᠵᠡᠭᠦᠯᠭᠡ᠂ ᠤᠷᠠᠯᠢᠭ ᠤᠨ ᠪᠤᠯᠪᠠᠰᠤᠷᠠᠯ ᠵᠡᠷᠭᠡ ᠰᠤᠶᠤᠯ ᠤᠨ ᠬᠦᠳᠡᠯᠭᠡᠭᠡᠨ ᠡᠷᠬᠢᠯᠡᠬᠦ ᠳᠤ | ᠲᠦᠭᠦᠭᠡᠷᠦᠮᠵᠢ ᠪᠠᠨ ᠲᠦᠷᠢᠶᠡᠰᠦᠯᠡᠬᠦᠯᠵᠦ ᠦᠭᠴᠦ ᠪᠤᠯᠤᠨ᠎ᠠ᠃ ᠣᠯᠠᠨ ᠨᠡᠶᠢᠳᠡ ᠶᠢᠨ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠬᠠᠮᠢᠶᠠᠷᠤᠯᠳᠠ ᠶᠢᠨ | ᠪᠠᠶᠢᠭᠤᠯᠭ᠎ᠠ ᠨᠢ ᠲᠦᠭᠦᠭᠡᠷᠦᠮᠵᠢ ᠶᠢᠨ ᠭᠤᠤᠯ ᠴᠤᠭᠴᠠ ᠬᠡᠰᠡᠭ ᠢ ᠪᠡᠶ᠎ᠡ ᠶᠢᠨ ᠲᠠᠮᠢᠷ ᠤᠨ ᠪᠤᠰᠤ ᠬᠦᠳᠡᠯᠭᠡᠭᠡᠨ ᠳᠤ ᠬᠡᠷᠡᠭᠯᠡᠵᠦ ᠪᠤᠯᠬᠤ ᠦᠭᠡᠢ᠃ ᠭᠡᠪᠡᠴᠦ | ᠨᠡᠶᠢᠳᠡ ᠶᠢᠨ ᠠᠰᠠᠷᠠᠮᠵᠢ ᠶᠢᠨ ᠬᠦᠳᠡᠯᠭᠡᠭᠡᠨ ᠪᠤᠶᠤ ᠲᠤᠮᠤ ᠬᠡᠮᠵᠢᠶᠡᠨ ᠤ ᠰᠤᠶᠤᠯ ᠤᠨ ᠬᠦᠳᠡᠯᠭᠡᠭᠡᠨ ᠡᠷᠬᠢᠯᠡᠬᠦ ᠵᠡᠷᠭᠡ ᠤᠨᠴᠠᠭᠠᠢ ᠪᠠᠶᠢᠳᠠᠯ ᠳᠤ ᠲᠦᠷ ᠬᠤᠭᠤᠴᠠᠭ᠎ᠠ | ᠭᠠᠳᠠᠭᠰᠢ ᠲᠦᠷᠢᠶᠡᠰᠦᠯᠡᠭᠦᠯᠵᠦ ᠪᠤᠯᠤᠨ᠎ᠠ᠂ ᠲᠦᠷ ᠴᠠᠭ ᠲᠦᠷᠢᠶᠡᠰᠦᠯᠡᠭᠦᠯᠬᠦ ᠬᠤᠭᠤᠴᠠᠭ᠎ᠠ ᠨᠢ ᠡᠩ ᠤᠨ ᠪᠠᠶᠢᠳᠠᠯ ᠳᠤ 10 ᠡᠳᠦᠷ ᠠᠴᠠ ᠬᠡᠳᠦᠷᠡᠵᠦ ᠪᠤᠯᠬᠤ ᠦᠬᠡᠢ | ︔ ᠲᠦᠷᠢᠶᠡᠰᠦᠯᠡᠬᠦᠯᠬᠦ ᠬᠤᠭᠤᠴᠠᠭ᠎ᠠ ᠲᠤᠯᠪᠠᠯ ᠲᠦᠷᠢᠶᠡᠰᠦᠯᠡᠭᠴᠢ ᠨᠢ ᠤᠭ ᠤᠨ ᠪᠠᠶᠢᠳᠠᠯ ᠢ ᠰᠡᠷᠭᠦᠭᠡᠵᠦ᠂ ᠲᠦᠭᠦᠭᠡᠷᠦᠮᠵᠢ ᠶᠢᠨ ᠴᠢᠳᠠᠪᠬᠢ᠂ ᠬᠡᠷᠡᠭᠴᠡᠭᠡ ᠶᠢ | ᠨᠦᠯᠦᠭᠡᠯᠡᠵᠦ ᠪᠤᠯᠬᠤ ᠦᠬᠡᠢ᠃ | ᠬᠤᠷᠢᠨ ᠭᠤᠷᠪᠠᠳᠤᠭᠠᠷ ᠵᠤᠷᠪᠤᠰ ᠤᠯᠠᠨ ᠲᠦᠮᠡᠨ ᠨᠢ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢ ᠬᠡᠷᠡᠭᠯᠡᠬᠦ ᠳᠡᠭᠡᠨ ᠤᠯᠠᠨ | ᠨᠡᠶᠢᠳᠡ ᠶᠢᠨ ᠡᠮᠬᠢ ᠲᠢᠭᠯᠢᠮ ᠢ ᠲᠠᠭᠠᠵᠦ᠂ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢ ᠬᠠᠶᠢᠷᠠᠯᠠᠵᠦ ᠬᠠᠮᠠᠭᠠᠯᠠᠬᠤ ᠬᠡᠷᠡᠭᠳᠡᠢ᠃ ᠶᠠᠮᠠᠷᠪᠠ | ᠪᠠᠶᠢᠭᠤᠯᠭ᠎ᠠ ᠪᠤᠶᠤ ᠬᠤᠪᠢ ᠬᠦᠮᠦᠨ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢ ᠡᠪᠳᠡᠨ ᠰᠦᠢᠳᠬᠡᠵᠦ ᠪᠤᠯᠬᠤ ᠦᠬᠡᠢ᠃ |