ᠲᠦᠷᠪᠡᠳᠦᠭᠡᠷ ᠪᠦᠯᠦᠭ ᠬᠠᠮᠢᠶᠠᠷᠤᠯᠳᠠ ᠪᠤᠯᠤᠨ ᠬᠠᠮᠠᠭᠠᠯᠠᠯᠳᠠ | ᠬᠤᠷᠢᠨ ᠲᠦᠷᠪᠡᠳᠦᠭᠡᠷ ᠵᠤᠷᠪᠤᠰ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠬᠠᠮᠢᠶᠠᠷᠤᠯᠳᠠ ᠶᠢᠨ ᠪᠠᠶᠢᠭᠤᠯᠭ᠎ᠠ ᠨᠢ ᠣᠯᠠᠨ | ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠨᠡᠷᠡᠶᠢᠳᠦᠯ᠂ ᠬᠠᠶ᠋ᠢᠭ᠂ ᠦᠢᠯᠡᠴᠢᠯᠡᠭᠡᠨ ᠤ ᠲᠦᠷᠦᠯ ᠵᠦᠢᠯ ᠵᠡᠷᠭᠡ ᠠᠭᠤᠯᠭ᠎ᠠ ᠶᠢ ᠲᠤᠬᠠᠢ ᠶᠢᠨ | ᠭᠠᠵᠠᠷ ᠤᠨ ᠰᠢᠶᠠᠨ ᠤ ᠲᠡᠰ ᠤᠨ ᠠᠷᠠᠳ ᠤᠨ ᠵᠠᠰᠠᠭ ᠤᠨ ᠤᠷᠳᠤᠨ ᠤ ᠰᠤᠶᠤᠯ ᠤᠨ ᠵᠠᠰᠠᠭ ᠵᠠᠬᠢᠷᠭᠠᠨ ᠤ ᠭᠤᠤᠯᠯᠠᠬᠤ ᠰᠠᠯᠠᠭ᠎ᠠ ᠮᠦᠴᠢᠷ᠂ ᠪᠡᠶ᠎ᠡ ᠶᠢᠨ ᠲᠠᠮᠢᠷ ᠤᠨ | ᠵᠠᠰᠠᠭ ᠵᠠᠬᠢᠷᠭᠠᠨ ᠤ ᠭᠤᠤᠯᠯᠠᠬᠤ ᠰᠠᠯᠠᠭ᠎ᠠ ᠮᠦᠴᠢᠷ ᠲᠤ ᠮᠡᠳᠡᠭᠦᠯᠵᠦ ᠲᠠᠩᠰᠠᠯᠠᠭᠤᠯᠬᠤ ᠬᠡᠷᠡᠭᠳᠡᠢ᠃ ᠰᠢᠶᠠᠨ ᠤ ᠲᠡᠰ ᠤᠨ ᠠᠷᠠᠳ ᠤᠨ ᠵᠠᠰᠠᠭ ᠤᠨ ᠣᠷᠳᠣᠨ ᠤ | ᠰᠣᠶᠣᠯ ᠤᠨ ᠵᠠᠰᠠᠭ ᠵᠠᠬᠢᠷᠭᠠᠨ ᠤ ᠭᠤᠤᠯᠯᠠᠬᠤ ᠰᠠᠯᠠᠭ᠎ᠠ ᠮᠦᠴᠢᠷ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠭᠤᠤᠯᠯᠠᠬᠤ ᠰᠠᠯᠠᠭ᠎ᠠ ᠮᠦᠴᠢᠷ ᠠᠴᠠ ᠤᠯᠠᠨ | ᠲᠦᠮᠡᠨ ᠳᠤ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠭᠠᠷᠴᠠᠭ ᠢ ᠨᠡᠶᠢᠳᠡᠯᠡᠬᠦ ᠬᠡᠷᠡᠭᠳᠡᠢ᠃ | ᠬᠤᠷᠢᠨ ᠲᠠᠪᠤᠳᠤᠭᠠᠷ ᠵᠤᠷᠪᠤᠰ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠬᠠᠮᠢᠶᠠᠷᠤᠯᠳᠠ ᠶᠢᠨ ᠪᠠᠶᠢᠭᠤᠯᠭ᠎ᠠ ᠨᠢ ᠠᠮᠤᠷ | ᠲᠦᠪᠰᠢᠨ ᠤ ᠬᠠᠮᠢᠶᠠᠷᠤᠯᠳᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠠᠦᠯᠢ ᠶᠤᠰᠤᠭᠠᠷ ᠠᠮᠤᠷ ᠲᠦᠪᠰᠢᠨ ᠤ ᠬᠠᠮᠠᠭᠠᠯᠠᠯᠳᠠ ᠶᠢᠨ ᠲᠤᠨᠤᠭ | ᠲᠦᠭᠦᠭᠡᠷᠦᠮᠵᠢ᠂ ᠠᠵᠢᠯᠲᠠᠨ ᠢ ᠲᠤᠬᠢᠷᠠᠭᠤᠯᠤᠨ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠪᠦᠷᠢᠨ ᠪᠦᠳᠦᠨ ᠢ ᠪᠠᠳᠤᠯᠠᠵᠦ᠂ ᠤᠯᠠᠨ | ᠲᠦᠮᠡᠨ ᠤ ᠠᠮᠤᠷ ᠲᠦᠪᠰᠢᠨ ᠢ ᠬᠠᠮᠠᠭᠠᠯᠠᠨ᠎ᠠ᠃ ᠣᠯᠠᠨ ᠨᠡᠶᠢᠳᠡ ᠶᠢᠨ ᠪᠡᠶ᠎ᠡ ᠶᠢᠨ ᠲᠠᠮᠢᠷ ᠤᠨ ᠲᠦᠭᠦᠭᠡᠷᠦᠮᠵᠢ ᠲᠤᠳᠤᠷ᠎ᠠ ᠲᠤᠬᠢᠷᠠᠭᠤᠯᠤᠭᠰᠠᠨ ᠲᠤᠰᠬᠠᠢ | ᠮᠡᠷᠭᠡᠵᠢᠯ ᠢᠶᠠᠷ ᠴᠢᠩᠭ᠎ᠠ᠂ ᠮᠡᠷᠭᠡᠵᠢᠯ ᠤᠨ ᠱᠠᠭᠠᠷᠳᠠᠯᠭ᠎ᠠ ᠦᠨᠳᠦᠷ ᠪᠡᠶ᠎ᠡ ᠶᠢᠨ ᠲᠠᠮᠢᠷ ᠤᠨ ᠲᠦᠷᠦᠯ ᠵᠦᠢᠯ ᠨᠢ ᠤᠯᠤᠰ ᠤᠨ ᠲᠤᠭᠳᠠᠭᠠᠭᠰᠠᠨ ᠠᠮᠤᠷ ᠲᠦᠪᠰᠢᠨ | ᠦᠢᠯᠡᠴᠢᠯᠡᠭᠡᠨ ᠤ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠳᠡᠢ᠃ | ᠬᠤᠷᠢᠨ ᠵᠢᠷᠭᠤᠳᠤᠭᠠᠷ ᠵᠤᠷᠪᠤᠰ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠬᠠᠮᠢᠶᠠᠷᠤᠯᠳᠠ ᠶᠢᠨ ᠪᠠᠶᠢᠭᠤᠯᠭ᠎ᠠ ᠶᠢᠨ ᠡᠯ᠎ᠡ | ᠲᠦᠷᠦᠯ ᠤᠨ ᠤᠷᠤᠯᠭ᠎ᠠ ᠶᠢ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠵᠠᠰᠠᠨ ᠬᠠᠮᠠᠭᠠᠯᠠᠬᠤ᠂ ᠬᠠᠮᠢᠶᠠᠷᠬᠤ ᠪᠠ ᠠᠵᠢᠯ ᠦᠢᠯᠡᠰ ᠤᠨ | ᠬᠦᠭᠵᠢᠯᠳᠡ ᠳᠤ ᠵᠠᠷᠤᠴᠠᠭᠤᠯᠵᠦ᠂ ᠦᠭᠡᠷ᠎ᠡ ᠵᠦᠢᠯ ᠳᠤ ᠨᠡᠭᠦᠯᠭᠡᠨ ᠭᠡᠷᠡᠭᠯᠡᠵᠦ ᠪᠤᠯᠬᠤ ᠦᠭᠡᠢ᠃ ᠰᠣᠶᠣᠯ ᠤᠨ ᠵᠠᠰᠠᠭ ᠵᠠᠬᠢᠷᠭᠠᠨ ᠤ ᠭᠤᠤᠯᠯᠠᠬᠤ ᠰᠠᠯᠠᠭ᠎ᠠ ᠮᠦᠴᠢᠷ᠂ | ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠭᠤᠤᠯᠯᠠᠬᠤ ᠰᠠᠯᠠᠭ᠎ᠠ ᠮᠦᠴᠢᠷ᠂ ᠡᠳ᠋ ᠤᠨ ᠵᠠᠰᠠᠭ ᠤᠨ ᠰᠠᠯᠠᠭ᠎ᠠ ᠮᠦᠴᠢᠷ ᠪᠤᠯᠤᠨ ᠪᠤᠰᠤᠳ ᠬᠤᠯᠪᠤᠭᠳᠠᠯ ᠪᠦᠬᠦᠢ | ᠰᠠᠯᠠᠭ᠎ᠠ ᠮᠦᠴᠢᠷ ᠠᠴᠠ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠬᠠᠮᠢᠶᠠᠷᠤᠯᠳᠠ ᠶᠢᠨ ᠪᠠᠶᠢᠭᠤᠯᠭ᠎ᠠ ᠶᠢᠨ ᠤᠷᠤᠯᠭ᠎ᠠ ᠵᠠᠷᠣᠯᠭ᠎ᠠ ᠳᠤ | ᠬᠢᠨᠠᠨ ᠬᠠᠮᠢᠶᠠᠷᠤᠯᠳᠠ ᠪᠠᠨ ᠬᠠᠦᠯᠢ ᠶᠤᠰᠤᠭᠠᠷ ᠴᠢᠩᠭᠠᠳᠬᠠᠬᠤ ᠬᠡᠷᠡᠭᠳᠡᠢ᠃ | ᠬᠤᠷᠢᠨ ᠲᠤᠯᠤᠳᠤᠭᠠᠷ ᠵᠤᠷᠪᠤᠰ ᠬᠡᠷᠪᠡ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠬᠡᠷᠡᠭᠴᠡᠭᠡ ᠠᠴᠠ ᠣᠯᠠᠨ ᠨᠡᠶᠢᠳᠡ ᠶᠢᠨ ᠰᠤᠶᠤᠯ ᠪᠡᠶ᠎ᠡ ᠶᠢᠨ | ᠲᠠᠮᠢᠷ ᠤᠨ ᠲᠦᠭᠦᠭᠡᠷᠦᠮᠵᠢ ᠶᠢ ᠨᠤᠷᠠᠭᠠᠬᠤ ᠪᠤᠶᠤ ᠲᠡᠭᠦᠨ ᠤ ᠴᠢᠳᠠᠪᠬᠢ᠂ ᠬᠡᠷᠡᠭᠴᠡᠭᠡ ᠦᠢᠯᠡᠳᠦᠯ ᠢ ᠬᠤᠪᠢᠷᠠᠭᠤᠯᠪᠠᠯ᠂ ᠬᠠᠮᠢᠶ᠎ᠠ ᠪᠦᠬᠦᠢ ᠭᠠᠵᠠᠷ ᠤᠷᠤᠨ ᠤ | ᠠᠷᠠᠳ ᠤᠨ ᠵᠠᠰᠭ ᠤᠨ ᠣᠷᠳᠤᠨ ᠰᠢᠢᠳᠪᠦᠷᠢ ᠭᠠᠷᠭᠠᠬᠤ ᠠᠴᠠ ᠤᠷᠢᠳ᠂ ᠲᠤᠰᠬᠠᠢ ᠮᠡᠷᠭᠡᠵᠢᠯᠳᠡᠨ ᠢ ᠵᠤᠬᠢᠶᠠᠨ ᠪᠠᠶᠢᠭᠤᠯᠵᠦ ᠨᠤᠳᠠᠯᠠᠭ᠎ᠠ ᠬᠢᠵᠦ᠂ ᠲᠡᠭᠡᠷ᠎ᠡ ᠱᠠᠳᠣᠨ ᠤ | ᠠᠷᠠᠳ ᠤᠨ ᠵᠠᠰᠠᠭ ᠤᠨ ᠣᠷᠳᠤᠨ ᠤ ᠰᠣᠶᠣᠯ ᠤᠨ ᠵᠠᠰᠠᠭ ᠵᠠᠬᠢᠷᠭᠠᠨ ᠤ ᠭᠤᠤᠯᠠᠯᠬᠤ ᠰᠠᠯᠠᠭ᠎ᠠ ᠮᠦᠴᠢᠷ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠭᠤᠤᠯᠯᠠᠬᠤ | ᠰᠠᠯᠠᠭ᠎ᠠ ᠮᠦᠴᠢᠷ ᠢᠶᠠᠷ ᠵᠦᠪᠰᠢᠶᠡᠷᠡᠭᠦᠯᠦᠨ᠂ ᠲᠡᠭᠡᠷ᠎ᠡ ᠱᠠᠳᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠦᠪᠰᠢᠶᠡᠷᠡᠭᠦᠯᠬᠦ ᠭᠡᠷᠡᠭᠳᠡᠢ᠃ ᠬᠡᠷᠪᠡ ᠲᠤᠮᠤ | ᠬᠡᠮᠵᠢᠶᠡᠨ ᠤ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠲᠠᠢ ᠬᠤᠯᠪᠤᠭᠠᠲᠠᠢ ᠪᠤᠯ ᠲᠡᠭᠡᠷ᠎ᠡ ᠱᠠᠳᠣᠨ ᠤ ᠠᠷᠠᠳ ᠤᠨ ᠵᠠᠰᠭ ᠤᠨ ᠣᠷᠳᠣᠨ | ᠵᠦᠪᠰᠢᠶᠡᠷᠡᠬᠦ ᠠᠴᠠ ᠣᠷᠢᠳ᠂ ᠪᠠᠳᠤᠯᠠᠬᠤ ᠬᠤᠷᠠᠯ ᠡᠷᠬᠢᠯᠡᠵᠦ ᠤᠯᠠᠨ ᠲᠦᠮᠡᠨ ᠤ ᠰᠠᠨᠠᠯ ᠢ ᠰᠤᠨᠤᠰᠤᠨ᠎ᠠ᠃ ᠵᠦᠪᠰᠢᠶᠡᠷᠡᠯ ᠤᠯᠤᠭᠠᠳ ᠣᠯᠠᠨ ᠨᠡᠶᠢᠳᠡ ᠶᠢᠨ ᠰᠤᠶᠤᠯ | ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢ ᠨᠤᠷᠠᠭᠠᠬᠤ ᠪᠤᠶᠤ ᠲᠡᠭᠦᠨ ᠤ ᠬᠡᠷᠡᠭᠴᠡᠭᠡ ᠴᠢᠳᠠᠪᠬᠢ ᠶᠢ ᠬᠤᠪᠢᠷᠠᠭᠤᠯᠪᠠᠯ᠂ ᠤᠯᠤᠰ ᠤᠨ ᠬᠠᠮᠢᠶ᠎ᠠ ᠪᠦᠬᠦᠢ ᠬᠠᠦᠯᠢ ᠴᠠᠭᠠᠵᠠ | ᠂ ᠵᠠᠰᠠᠭ ᠵᠠᠬᠢᠷᠭᠠᠨ ᠤ ᠬᠠᠦᠯᠢ ᠲᠤᠭᠳᠠᠭᠠᠯ ᠤᠨ ᠲᠠᠭᠠᠦ ᠲᠠᠬᠢᠨ ᠭᠠᠵᠠᠷ ᠰᠣᠩᠭᠤᠨ ᠪᠠᠶᠢᠭᠤᠯᠤᠨ᠎ᠠ᠃ ᠲᠠᠬᠢᠨ ᠪᠠᠶᠢᠭᠤᠯᠤᠭᠰᠠᠨ ᠣᠯᠠᠨ ᠨᠡᠶᠢᠳᠡ ᠶᠢᠨ ᠰᠤᠶᠤᠯ | ᠪᠡᠶ᠎ᠡ ᠶᠢᠨ ᠲᠠᠮᠢᠷ ᠤᠨ ᠲᠦᠭᠦᠭᠡᠷᠦᠮᠵᠢ ᠨᠢ ᠲᠦᠯᠦᠪᠵᠢᠭᠦᠯᠭᠡ ᠶᠢᠨ ᠱᠠᠭᠠᠷᠳᠠᠯᠭ᠎ᠠ ᠳᠤ ᠨᠡᠶᠢᠴᠡᠵᠦ᠂ ᠡᠩ ᠤᠨ ᠪᠠᠶᠢᠳᠠᠯ ᠳᠤ ᠣᠭ ᠤᠨ ᠬᠦᠷᠢᠶ᠎ᠡ ᠬᠡᠪᠴᠢᠶ᠎ᠡ ᠠᠴᠠ ᠪᠠᠭ᠎ᠠ | ᠪᠠᠶᠢᠵᠦ ᠪᠤᠯᠬᠤ ᠦᠭᠡᠢ᠃ ᠰᠢᠯᠵᠢᠭᠦᠯᠵᠦ ᠪᠠᠶᠢᠭᠤᠯᠬᠤ ᠠᠵᠢᠯ ᠢ ᠤᠷᠢᠳᠠᠪᠠᠷ ᠪᠠᠶᠢᠭᠤᠯᠤᠨ ᠲᠠᠷᠠᠭ᠎ᠠ ᠨᠢ ᠨᠤᠷᠠᠭᠠᠬᠤ ᠪᠤᠶᠤ ᠪᠠᠶᠢᠭᠤᠯᠬᠤ ᠶᠢᠨ ᠵᠠᠷᠭᠡᠴᠡᠪᠡᠷ ᠨᠤᠷᠠᠭᠠᠬᠤ | ᠵᠠᠷᠴᠢᠮ ᠢ ᠪᠠᠷᠢᠮᠳᠠᠯᠠᠬᠤ ᠬᠡᠷᠡᠭᠳᠡᠢ᠃ ᠰᠢᠯᠵᠢᠭᠦᠯᠵᠦ ᠪᠠᠶᠢᠭᠤᠯᠬᠤ ᠳᠤ ᠬᠡᠷᠡᠭᠰᠡᠬᠦ ᠵᠠᠷᠤᠳᠠᠯ ᠢ ᠰᠢᠯᠵᠢᠭᠦᠯᠵᠦ ᠪᠠᠶᠢᠭᠤᠯᠬᠤ ᠳᠤ ᠬᠦᠷᠭᠡᠭᠰᠡᠨ ᠪᠠᠶᠢᠭᠤᠯᠭ᠎ᠠ ᠠᠴᠠ | ᠬᠠᠷᠢᠭᠤᠴᠠᠨ᠎ᠠ᠃ |