ᠬᠤᠶᠠᠳᠣᠭᠠᠷ ᠪᠦᠯᠦᠭ ᠵᠣᠬᠢᠶᠠᠨ ᠪᠠᠶᠢᠭᠤᠯᠣᠯᠳᠠ ᠶᠢᠨ ᠪᠠᠶᠢᠭᠤᠯᠣᠮᠵᠢ | ᠳᠠᠪᠣᠳᠣᠭᠠᠷ ᠵᠣᠷᠪᠣᠰ ᠪᠦᠬᠦ ᠣᠯᠣᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠨᠢ ᠵᠣᠬᠢᠶᠠᠨ ᠪᠠᠶᠢᠭᠤᠯᠬᠤ ᠺᠣᠮᠢᠰ ᠭᠠᠷᠭᠠᠨ᠎ᠠ᠃ ᠵᠣᠬᠢᠶᠠᠨ | ᠪᠠᠶᠢᠭᠤᠯᠬᠤ ᠺᠣᠮᠢᠰ ᠤᠨ ᠠᠵᠢᠯ ᠤᠨ ᠪᠠᠶᠢᠭᠤᠯᠣᠮᠵᠢ ᠨᠢ ᠡᠷᠬᠡᠪᠰᠢ ᠣᠷᠣᠯᠳᠣᠭᠠᠨ ᠦᠵᠡᠬᠦᠯᠦᠯᠬᠡ ᠶᠢᠨ ᠬᠡᠯᠳᠡᠰ᠂ ᠬᠦᠯᠢᠶᠡᠨ ᠠᠪᠣᠯᠳᠠ ᠪᠠᠳᠣᠯᠠᠭ᠎ᠠ ᠶᠢᠨ ᠬᠡᠯᠳᠡᠰ᠂ | ᠰᠣᠨᠢᠨ ᠮᠡᠳᠡᠬᠡᠨ ᠤ ᠣᠬᠠᠭᠤᠯᠭ᠎ᠠ ᠶᠢᠨ ᠬᠡᠯᠳᠡᠰ᠂ ᠲᠣᠮᠣ ᠬᠡᠯᠪᠡᠷᠢ ᠶᠢᠨ ᠠᠵᠢᠯᠯᠠᠭ᠎ᠠ ᠶᠢᠨ ᠬᠡᠯᠳᠡᠰ ᠪᠠ ᠰᠠᠬᠢᠯᠭ᠎ᠠ ᠪᠠᠳᠣ ᠪᠠᠶᠢᠴᠠᠭᠠᠬᠤ ᠬᠡᠯᠳᠡᠰ ᠳᠣᠬᠢᠷᠠᠭᠤᠯᠤᠨ᠎ᠠ᠂ | ᠪᠣᠰᠣᠳ ᠠᠵᠢᠯ ᠤᠨ ᠪᠠᠶᠢᠭᠤᠯᠣᠮᠵᠢ ᠶᠢ ᠪᠣᠳᠠᠳᠣ ᠱᠠᠭᠠᠷᠳᠠᠯᠭ᠎ᠠ ᠪᠠᠨ ᠦᠨᠳᠦᠰᠦᠯᠡᠨ ᠭᠠᠷᠭᠠᠵᠣ᠂ ᠪᠡᠶ᠎ᠡ ᠶᠢᠨ ᠳᠠᠮᠢᠷ ᠤᠨ ᠴᠣᠭᠯᠠᠭᠠᠨ ᠤ ᠪᠡᠯᠡᠳᠬᠡᠯ ᠠᠵᠢᠯ ᠤᠨ | ᠪᠠᠶᠢᠭᠤᠯᠣᠮᠵᠢ ᠲᠠᠢ ᠦᠨᠳᠦᠰᠦᠨ ᠳᠡᠭᠡᠨ ᠠᠮᠠ ᠰᠡᠬᠡᠷ ᠢ ᠨᠢ ᠵᠣᠯᠭᠠᠯᠴᠠᠭᠤᠯᠣᠨᠠ᠃ | ᠵᠢᠷᠭᠤᠳᠣᠭᠠᠷ ᠵᠣᠷᠪᠣᠰ ᠵᠣᠬᠢᠶᠠᠨ ᠪᠠᠶᠢᠭᠤᠯᠬᠤ ᠺᠣᠮᠢᠰ ᠪᠣᠯᠣᠨ ᠪᠣᠰᠣᠳ ᠠᠵᠢᠯ ᠤᠨ ᠪᠠᠶᠢᠭᠤᠯᠣᠮᠵᠢ ᠶᠢ ᠭᠤᠣᠯᠯᠠᠨ ᠡᠷᠬᠢᠯᠡᠬᠦ ᠪᠠᠶᠢᠭᠤᠯᠣᠯᠭ᠎ᠠ ᠪᠠ ᠳᠠᠭᠠᠭᠠᠴᠢᠯᠠᠨ | ᠡᠷᠬᠢᠯᠡᠬᠦ ᠪᠠᠶᠢᠭᠤᠯᠣᠯᠭ᠎ᠠ ᠶᠢᠨ ᠠᠵᠢᠯᠳᠠᠨ ᠠᠴᠠ ᠬᠠᠮᠳᠣᠷᠠᠨ ᠪᠦᠷᠢᠯᠳᠦᠬᠦᠯᠦᠨ᠎ᠠ᠃ | ᠳᠣᠯᠣᠳᠣᠭᠠᠷ ᠵᠣᠷᠪᠣᠰ ᠡᠯ᠎ᠡ ᠣᠷᠣᠯᠳᠣᠭᠠᠨ ᠤ ᠳᠦᠷᠦᠯ ᠵᠦᠢᠯ ᠳᠤ ᠬᠦᠨᠳᠡᠯᠡᠨ ᠠᠴᠠ ᠳᠠᠰᠣᠯᠬᠤ ᠵᠦᠪᠯᠡᠯ ᠢ ᠪᠠᠶᠢᠭᠤᠯᠣᠨ᠎ᠠ᠃ |