ᠳᠦᠷᠪᠡᠳᠦᠬᠡᠷ ᠪᠦᠯᠦᠭ ᠳᠠᠭᠠᠭᠠᠴᠢᠯᠠᠨ ᠡᠷᠬᠢᠯᠡᠬᠦ ᠪᠠᠶᠢᠭᠤᠯᠣᠯᠭ᠎ᠠ ᠨᠢᠬᠡᠴᠠ ᠶᠢᠨ ᠡᠷᠬᠡ ᠠᠰᠢᠭ ᠪᠠ ᠡᠬᠦᠷᠬᠡ ᠳᠣᠰᠢᠶᠠᠯ | ᠠᠷᠪᠠᠨ ᠨᠢᠬᠡᠳᠦᠬᠡᠷ ᠵᠣᠷᠪᠣᠰ ᠳᠠᠭᠠᠭᠠᠴᠢᠯᠠᠨ ᠡᠷᠬᠢᠯᠡᠬᠦ ᠪᠠᠶᠢᠭᠤᠯᠣᠯᠭ᠎ᠠ ᠨᠢ ᠭᠤᠣᠯᠯᠠᠨ ᠡᠷᠬᠢᠯᠡᠬᠦ ᠪᠠᠶᠢᠭᠤᠯᠣᠯᠭ᠎ᠠ ᠠᠴᠠ ᠣᠯᠭᠤᠭᠰᠠᠨ ᠳᠣᠰ ᠬᠤᠭᠤᠴᠠᠭᠠᠨ ᠤ | ᠪᠡᠶ᠎ᠡ ᠳᠠᠮᠢᠷ ᠤᠨ ᠴᠣᠭᠯᠠᠭᠠᠨ ᠢ ᠳᠠᠭᠠᠭᠠᠴᠢᠯᠠᠨ ᠡᠷᠬᠢᠯᠡᠬᠦ ᠠᠷᠠᠯᠵᠢᠶ᠎ᠠ ᠬᠤᠳᠠᠯᠳᠣᠭᠠᠨ ᠤ ᠨᠡᠬᠡᠬᠡᠯᠳᠠ ᠶᠢᠨ ᠡᠷᠬᠡ ᠶᠢ ᠡᠳ᠋ᠯᠡᠨ᠎ᠡ᠃ | ᠠᠷᠪᠠᠨ ᠬᠤᠶᠠᠳᠣᠭᠠᠷ ᠵᠣᠷᠪᠣᠰ ᠳᠠᠭᠠᠭᠠᠴᠢᠯᠠᠨ ᠡᠷᠬᠢᠯᠡᠬᠦ ᠪᠠᠶᠢᠭᠤᠯᠣᠯᠭ᠎ᠠ ᠨᠢ ᠣᠳᠣ ᠪᠠᠶᠢᠭ᠎ᠠ ᠣᠷᠣᠯᠳᠣᠭᠠᠨ ᠤ ᠳᠠᠯᠠᠪᠣᠷ ᠢᠶᠠᠨ ᠬᠦᠢᠴᠡᠳ ᠠᠰᠢᠭᠯᠠᠵᠣ᠂ | ᠵᠠᠰᠠᠬᠤ᠂ ᠦᠬᠡᠷᠡᠴᠢᠯᠡᠬᠦ᠂ ᠦᠷᠬᠡᠳᠬᠡᠨ ᠪᠠᠶᠢᠭᠤᠯᠬᠤ᠂ ᠠᠳᠠᠯᠢ ᠪᠣᠰᠣ ᠳᠦᠷᠦᠯ ᠵᠦᠢᠯ ᠳᠤ ᠨᠡᠶᠢᠳᠡᠮ ᠬᠡᠷᠡᠭᠯᠡᠬᠦ ᠵᠡᠷᠬᠡ ᠬᠡᠯᠪᠡᠷᠢ ᠪᠠᠷ ᠳᠠᠮᠵᠢᠨ᠂ ᠣᠷᠣᠯᠳᠣᠭᠠᠨ ᠤ | ᠳᠠᠯᠠᠪᠣᠷ ᠢ ᠠᠰᠢᠭᠯᠠᠬᠤ ᠦᠷ᠎ᠡ ᠠᠰᠢᠭ ᠢᠶᠠᠨ ᠳᠡᠬᠡᠭᠰᠢᠯᠡᠬᠦᠯᠦᠨ᠎ᠠ᠃ ᠳᠦᠷ ᠴᠠᠭ ᠤᠨ ᠳᠠᠯᠠᠪᠠᠢ ᠣᠷᠳᠣᠨ ᠪᠠ ᠳᠦᠬᠦᠬᠡᠷᠦᠮᠵᠢ ᠪᠠᠶᠢᠭᠤᠯᠬᠤ ᠶᠢ ᠰᠠᠨᠠᠭᠠᠴᠢᠯᠠᠨ᠎ᠠ᠃ | ᠭᠤᠣᠯᠯᠠᠨ ᠡᠷᠬᠢᠯᠡᠬᠦ ᠪᠠᠶᠢᠭᠤᠯᠣᠯᠭ᠎ᠠ ᠨᠢᠬᠡᠴᠠ ᠪᠠᠷ ᠵᠦᠪᠰᠢᠶᠡᠷᠡᠬᠦᠯᠦᠭᠰᠡᠨ ᠤ ᠳᠠᠷᠠᠭ᠎ᠠ᠂ ᠳᠠᠭᠠᠭᠠᠴᠢᠯᠠᠨ ᠡᠷᠬᠢᠯᠡᠬᠦ ᠪᠠᠶᠢᠭᠤᠯᠣᠯᠭ᠎ᠠ ᠨᠢᠬᠡᠴᠠ ᠨᠢ ᠬᠢᠬᠦ ᠨᠦᠬᠦᠴᠡᠯ | ᠦᠬᠡᠢ ᠣᠷᠣᠯᠳᠣᠭᠠᠨ ᠤ ᠳᠦᠷᠦᠯ ᠵᠦᠢᠯ ᠢᠶᠠᠨ ᠦᠬᠡᠷ᠎ᠡ ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠳᠤ ᠶᠠᠪᠣᠭᠳᠠᠭᠤᠯᠵᠣ ᠪᠣᠯᠣᠨ᠎ᠠ᠃ | ᠠᠷᠪᠠᠨ ᠭᠤᠷᠪᠠᠳᠣᠭᠠᠷ ᠵᠣᠷᠪᠣᠰ ᠣᠷᠣᠯᠳᠣᠭᠠᠨ ᠢ ᠳᠠᠭᠠᠭᠠᠴᠢᠯᠠᠨ ᠡᠷᠬᠢᠯᠡᠬᠦ ︵ᠨᠢᠬᠡ︶ ᠣᠷᠣᠯᠳᠣᠭᠠᠨ ᠤ ᠳᠦᠷᠦᠯ ᠵᠦᠢᠯ ᠤᠨ ᠳᠠᠯᠠᠪᠠᠢ ᠣᠷᠳᠣᠨ ᠢ | ᠳᠣᠬᠢᠷᠠᠭᠤᠯᠣᠭᠰᠠᠨ ᠳᠦᠰᠦᠯ ᠢ ᠭᠠᠷᠭᠠᠵᠣ᠂ ᠪᠡᠶ᠎ᠡ ᠶᠢᠨ ᠳᠠᠮᠢᠷ ᠤᠨ ᠴᠣᠭᠯᠠᠭᠠᠨ ᠤ ᠨᠡᠬᠡᠬᠡᠯᠳᠠ ᠶᠢᠨ ᠶᠣᠰᠣᠯᠠᠯ ᠠᠴᠠ ᠡᠮᠣᠨ᠎ᠠ 12 ᠰᠠᠷ᠎ᠠ ᠳᠤ ᠭᠤᠣᠯᠯᠠᠨ ᠡᠷᠬᠢᠯᠡᠬᠦ | ᠪᠠᠶᠢᠭᠤᠯᠣᠯᠭ᠎ᠠ ᠳᠤ ᠮᠡᠳᠡᠬᠦᠯᠵᠣ ᠬᠢᠨᠡᠨ ᠵᠦᠪᠰᠢᠶᠡᠷᠡᠬᠦᠯᠦᠨ᠎ᠠ᠃ ︵ᠬᠤᠶᠠᠷ︶ ᠵᠦᠪᠰᠢᠶᠡᠷᠡᠬᠦᠯᠦᠭᠰᠡᠨ ᠣᠷᠣᠯᠳᠣᠭᠠᠨ ᠤ ᠳᠦᠷᠦᠯ ᠵᠦᠢᠯ ᠤᠨ ᠳᠠᠯᠠᠪᠠᠢ ᠣᠷᠳᠣᠨ ᠢ | ᠳᠣᠬᠢᠷᠠᠭᠤᠯᠣᠭᠰᠠᠨ ᠳᠦᠰᠦᠯ ᠢ ᠦᠨᠳᠦᠰᠦᠯᠡᠨ᠂ ᠣᠷᠣᠯᠳᠣᠭᠠᠨ ᠤ ᠳᠦᠷᠢᠮ ᠳᠣᠭᠳᠠᠭᠠᠯ ᠳᠤ ᠨᠡᠶᠢᠴᠡᠭᠰᠡᠨ ᠣᠷᠣᠯᠳᠣᠭᠠᠨ ᠤ ᠳᠠᠯᠠᠪᠠᠢ ᠣᠷᠳᠣᠨ ᠪᠣᠯᠣᠨ | ᠣᠷᠣᠯᠳᠣᠭᠠᠨ ᠳᠤ ᠬᠡᠷᠡᠭᠰᠡᠬᠦ ᠬᠠᠮᠢᠶ᠎ᠠ ᠪᠦᠬᠦᠢ ᠬᠡᠷᠡᠭᠰᠡᠯ ᠳᠦᠬᠦᠬᠡᠷᠦᠮᠵᠢ ᠶᠢ ᠬᠠᠩᠭᠠᠵᠣ᠂ ᠪᠡᠶ᠎ᠡ ᠳᠠᠮᠢᠷ ᠤᠨ ᠴᠣᠭᠯᠠᠭᠠᠨ ᠤ ᠨᠡᠬᠡᠬᠡᠯᠳᠠ ᠶᠢᠨ ᠶᠣᠰᠣᠯᠠᠯ ᠠᠴᠠ ᠡᠮᠣᠨ᠎ᠠ | 3 ᠰᠠᠷ᠎ᠠ ᠳᠤ ᠭᠤᠣᠯᠯᠠᠨ ᠡᠷᠬᠢᠯᠡᠬᠦ ᠪᠠᠶᠢᠭᠤᠯᠣᠯᠭ᠎ᠠ ᠪᠠᠷ ᠰᠢᠯᠭᠠᠭᠤᠯᠣᠨ᠎ᠠ᠃ ︵ᠭᠤᠷᠪᠠ︶ ᠭᠤᠣᠯᠯᠠᠨ ᠡᠷᠬᠢᠯᠡᠬᠦ ᠪᠠᠶᠢᠭᠤᠯᠣᠯᠭ᠎ᠠ ᠠᠴᠠ ᠭᠠᠷᠭᠠᠭᠰᠠᠨ ᠣᠷᠣᠯᠳᠣᠭᠠᠨ ᠤ | ᠬᠡᠷᠡᠭᠰᠡᠯ ᠳᠦᠬᠦᠬᠡᠷᠦᠮᠵᠢ ᠶᠢᠨ ᠵᠢᠭᠰᠠᠭᠠᠯᠳᠠ ᠶᠢ ᠦᠨᠳᠦᠰᠦᠯᠡᠨ᠂ ᠣᠷᠣᠯᠳᠣᠭᠠᠨ ᠤ ᠳᠦᠷᠢᠮ ᠳᠣᠭᠳᠠᠭᠠᠯ ᠳᠤ ᠨᠡᠶᠢᠴᠡᠭᠰᠡᠨ ᠣᠷᠣᠯᠳᠣᠭᠠᠨ ᠤ ᠬᠡᠷᠡᠭᠰᠡᠯ ᠤᠳ ᠢ | ᠬᠠᠩᠭᠠᠵᠣ᠂ ᠪᠡᠶ᠎ᠡ ᠶᠢᠨ ᠳᠠᠮᠢᠷ ᠤᠨ ᠴᠣᠭᠯᠠᠭᠠᠨ ᠤ ᠨᠡᠬᠡᠬᠡᠯᠳᠠ ᠶᠢᠨ ᠶᠣᠰᠣᠯᠠᠯ ᠠᠴᠠ ᠡᠮᠣᠨ᠎ᠠ 2 ᠰᠠᠷ᠎ᠠ ᠳᠤ ᠪᠡᠯᠡᠬᠡᠨ ᠪᠣᠯᠭᠠᠵᠣ᠂ ᠭᠤᠣᠯᠯᠠᠨ ᠡᠷᠬᠢᠯᠡᠬᠦ | ᠪᠠᠶᠢᠭᠤᠯᠣᠯᠭ᠎ᠠ ᠪᠠᠷ ᠰᠢᠯᠭᠠᠭᠤᠯᠣᠨ᠎ᠠ᠃ ᠳᠣᠭᠳᠠᠭᠰᠠᠨ ᠦᠢᠯᠡᠳᠪᠦᠷᠢ ᠦᠬᠡᠢ ᠣᠷᠣᠯᠳᠣᠭᠠᠨ ᠤ ᠬᠡᠷᠡᠭᠰᠡᠯ ᠢ ᠵᠣᠬᠢᠶᠠᠨ ᠪᠠᠶᠢᠭᠤᠯᠣᠨ ᠦᠢᠯᠡᠳᠪᠦᠷᠢᠯᠡᠬᠦᠯᠬᠦ ᠶᠢ | ᠬᠠᠷᠢᠭᠤᠴᠠᠵᠣ ᠣᠷᠣᠯᠳᠣᠭᠠᠨ ᠳᠤ ᠬᠡᠷᠡᠭᠯᠡᠬᠦ ᠶᠢ ᠪᠠᠳᠣᠯᠠᠨ᠎ᠠ᠃ ︵ᠳᠦᠷᠪᠡ︶ ᠱᠠᠩᠨᠠᠯ ᠤᠨ ᠬᠤᠨᠳᠠᠭ᠎ᠠ᠂ ᠱᠠᠩᠨᠠᠯ ᠤᠨ ᠮᠧᠲᠠᠯ᠂ ᠦᠨᠡᠮᠯᠠᠯ ᠤᠨ ᠪᠢᠴᠢᠭ ᠤᠨ ᠵᠢᠷᠤᠭ ᠢ | ᠵᠢᠷᠤᠵᠤ ᠲᠦᠯᠦᠪᠯᠡᠬᠦ ᠳᠦᠰᠦᠯ ᠢ ᠭᠠᠷᠭᠠᠵᠣ᠂ ᠭᠤᠣᠯᠯᠠᠨ ᠡᠷᠬᠢᠯᠡᠬᠦ ᠪᠠᠶᠢᠭᠤᠯᠣᠯᠭ᠎ᠠ ᠳᠤ ᠮᠡᠳᠡᠬᠦᠯᠵᠣ ᠬᠢᠨᠠᠨ ᠵᠦᠪᠰᠢᠶᠡᠷᠡᠬᠦᠯᠦᠨ᠎ᠠ᠃ | ᠱᠠᠩᠨᠠᠯ ᠤᠨ ᠬᠤᠨᠳᠠᠭ᠎ᠠ᠂ ᠱᠠᠩᠨᠠᠯ ᠤᠨ ᠮᠧᠲᠠᠯ᠂ ᠦᠨᠡᠮᠯᠠᠯ ᠤᠨ ᠪᠢᠴᠢᠭ ᠢ ᠪᠡᠶ᠎ᠡ ᠶᠢᠨ ᠳᠠᠮᠢᠷ ᠤᠨ ᠴᠣᠭᠯᠠᠭᠠᠨ ᠤ ᠨᠡᠬᠡᠬᠡᠯᠳᠠ ᠶᠢᠨ ᠶᠣᠰᠣᠯᠠᠯ ᠠᠴᠠ ᠡᠮᠣᠨ᠎ᠠ 1 | ᠰᠠᠷ᠎ᠠ ᠳᠤ ᠪᠡᠯᠡᠨ ᠪᠣᠯᠭᠠᠨ᠎ᠠ᠃ ︵ᠳᠠᠪᠤ︶ ᠬᠢᠨᠠᠭᠴᠢ ᠪᠣᠯᠣᠨ ᠬᠦᠨᠳᠡᠯᠡᠨ ᠠᠴᠠ ᠳᠠᠰᠣᠯᠬᠤ ᠬᠢᠨᠠᠭᠴᠢ ᠶᠢᠨ ᠬᠤᠪᠴᠠᠰᠣ ᠶᠢ ᠵᠢᠷᠣᠵᠣ ᠳᠦᠯᠦᠪᠯᠡᠬᠦ ᠳᠦᠰᠦᠯ ᠢ | ᠭᠠᠷᠭᠠᠵᠣ᠂ ᠭᠤᠣᠯᠯᠠᠨ ᠡᠷᠬᠢᠯᠡᠬᠦ ᠪᠠᠶᠢᠭᠤᠯᠣᠯᠭ᠎ᠠ ᠳᠤ ᠮᠡᠳᠡᠬᠦᠯᠵᠣ ᠬᠢᠨᠠᠨ ᠵᠦᠪᠰᠢᠶᠡᠷᠡᠬᠦᠯᠦᠨ᠎ᠠ᠃ ᠬᠢᠨᠠᠭᠴᠢ ᠪᠣᠯᠣᠨ ᠬᠦᠨᠳᠡᠯᠡᠨ ᠠᠴᠠ ᠳᠠᠰᠣᠯᠬᠤ ᠬᠢᠨᠠᠭᠴᠢ ᠶᠢᠨ | ᠬᠤᠪᠴᠠᠰᠣ ᠶᠢ ᠪᠡᠶ᠎ᠡ ᠶᠢᠨ ᠳᠠᠮᠢᠷ ᠤᠨ ᠴᠣᠭᠯᠠᠭᠠᠨ ᠤ ᠨᠡᠬᠡᠬᠡᠯᠳᠠ ᠶᠢᠨ ᠶᠣᠰᠣᠯᠠᠯ ᠠᠴᠠ ᠡᠮᠣᠨ᠎ᠠ 1 ᠰᠠᠷ᠎ᠠ ᠳᠤ ᠪᠡᠯᠡᠨ ᠪᠣᠯᠭᠠᠨ᠎ᠠ᠃ ︵ᠵᠢᠷᠭᠤᠭ᠎ᠠ︶ ᠭᠤᠣᠯᠯᠠᠨ | ᠡᠷᠬᠢᠯᠡᠬᠦ ᠪᠠᠶᠢᠭᠤᠯᠣᠯᠭ᠎ᠠ ᠶᠢᠨ ᠵᠢᠭᠠᠨ ᠵᠢᠯᠣᠭᠤᠳᠣᠯᠭ᠎ᠠ ᠳᠣᠣᠷ᠎ᠠ᠂ ᠣᠷᠣᠯᠳᠣᠭᠠᠨ ᠤ ᠵᠣᠬᠢᠶᠠᠨ ᠪᠠᠶᠢᠭᠤᠯᠣᠯᠳᠠ ᠬᠠᠮᠢᠶᠠᠷᠣᠯᠳᠠ ᠶᠢᠨ ᠰᠣᠷᠠᠭ ᠵᠠᠩᠬᠢ ᠶᠢᠨ | ᠰᠢᠰᠲ᠋ᠧᠮ ᠤᠨ ᠵᠦᠬᠡᠯᠡᠨ ᠪᠠ ᠬᠠᠳᠠᠭᠤ ᠳᠣᠨᠤᠭ ᠢ ᠬᠠᠩᠭᠠᠵᠣ᠂ ᠡᠷᠬᠡᠪᠰᠢ ᠳᠠᠮᠢᠷᠴᠢᠨ ᠤ ᠳᠠᠩᠰᠠᠯᠠᠭᠤᠯᠬᠤ᠂ ᠨᠡᠷ᠎ᠡ ᠮᠡᠳᠡᠬᠦᠯᠬᠦ᠂ ᠰᠣᠯᠢᠯᠴᠠᠭ᠎ᠠ ᠬᠢᠬᠦ᠂ ᠬᠢᠨᠠᠭᠴᠢ᠂ | ᠬᠦᠨᠳᠡᠯᠠᠨ ᠠᠴᠠ ᠳᠠᠰᠣᠯᠬᠤ ᠬᠢᠨᠠᠭᠴᠢ᠂ ᠠᠩᠬᠢ ᠳᠠᠭᠠᠭᠤᠯᠣᠭᠴᠢ ᠨᠡᠷ᠎ᠡ ᠮᠡᠳᠡᠬᠦᠯᠬᠦ ᠦᠢᠯᠡᠳᠦᠯ ᠴᠢᠳᠠᠪᠬᠢ ᠲᠠᠢ ᠪᠠᠶᠢᠬᠤ ᠪᠠᠷ ᠦᠯᠦ ᠪᠠᠷᠠᠮ᠂ ᠣᠷᠣᠯᠳᠣᠭᠠᠨ ᠤ | ᠳᠠᠷᠠᠭᠠᠯᠠᠯ ᠢ ᠨᠠᠶᠢᠷᠠᠭᠤᠯᠵᠣ ᠪᠠᠶᠢᠷᠢᠯᠠᠭᠤᠯᠬᠤ᠂ ᠣᠷᠣᠯᠳᠣᠭᠠᠨ ᠤ ᠬᠢᠷᠢ ᠪᠦᠳᠦᠮᠵᠢ ᠶᠢ ᠪᠦᠷᠢᠳᠬᠡᠬᠦ᠂ ᠨᠡᠶᠢᠳᠡᠯᠡᠬᠦ ᠵᠡᠷᠬᠡ ᠦᠢᠯᠡᠳᠦᠯ ᠴᠢᠳᠠᠪᠬᠢ ᠶᠢ ᠴᠣ᠋ | ᠪᠠᠭᠳᠠᠭᠠᠭᠰᠠᠨ ᠪᠠᠶᠢᠬᠤ ᠬᠡᠷᠡᠭᠳᠡᠢ᠃ ᠰᠣᠷᠠᠭ ᠵᠠᠩᠬᠢ ᠶᠢᠨ ᠰᠢᠰᠲ᠋ᠧᠮ ᠤᠨ ᠵᠦᠬᠡᠯᠡᠨ ᠪᠠ ᠬᠠᠳᠠᠭᠤ ᠳᠣᠨᠤᠭ ᠢ ᠪᠡᠶ᠎ᠡ ᠶᠢᠨ ᠳᠠᠮᠢᠷ ᠤᠨ ᠴᠣᠭᠯᠠᠭᠠᠨ ᠤ ᠨᠡᠬᠡᠬᠡᠯᠳᠠ ᠶᠢᠨ | ᠶᠣᠰᠣᠯᠠᠯ ᠠᠴᠠ ᠡᠮᠣᠨ᠎ᠠ 12 ᠰᠠᠷ᠎ᠠ ᠳᠤ ᠭᠤᠣᠯᠯᠠᠨ ᠡᠷᠬᠢᠯᠡᠬᠦ ᠪᠠᠶᠢᠭᠤᠯᠣᠯᠭ᠎ᠠ ᠪᠠᠷ ᠰᠢᠯᠭᠠᠭᠤᠯᠣᠨ᠎ᠠ᠃ ᠰᠣᠷᠠᠭ ᠵᠠᠩᠬᠢ ᠶᠢᠨ ᠰᠢᠰᠲ᠋ᠧᠮ ᠤᠨ ᠬᠠᠮᠢᠶᠠᠷᠣᠭᠴᠢ᠂ | ᠠᠵᠢᠯᠯᠠᠭᠴᠢ ᠳᠤ ᠳᠣᠬᠠᠶᠢᠯᠠᠭᠰᠠᠨ ᠠᠵᠢᠯ ᠤᠨ ᠪᠣᠯᠪᠠᠰᠣᠷᠠᠯ ᠢ ᠵᠣᠬᠢᠶᠠᠨ ᠪᠠᠶᠢᠭᠤᠯᠣᠨ ᠦᠷᠨᠢᠬᠦᠯᠦᠨ᠎ᠠ᠃ ︵ᠳᠣᠯᠤᠭ᠎ᠠ︶ ᠣᠷᠣᠯᠳᠣᠭᠠᠨ ᠤ ᠳᠠᠷᠠᠭᠠᠯᠠᠯ ᠪᠣᠯᠣᠨ ᠡᠳᠦᠷ | ᠬᠤᠭᠤᠴᠠᠭ᠎ᠠ ᠶᠢ ᠡᠮᠬᠢᠯᠠᠨ ᠳᠣᠬᠢᠷᠠᠭᠤᠯᠵᠣ᠂ ᠶᠡᠷᠦᠩᠬᠡᠢ ᠳᠡᠰ ᠳᠠᠷᠠᠭᠠᠯᠠᠯ ᠤᠨ ᠳᠡᠪᠳᠡᠷ ᠪᠠ ᠳᠠᠩ ᠳᠦᠷᠦᠯ ᠤᠨ ᠳᠡᠰ ᠳᠠᠷᠠᠭᠠᠯᠠᠯ ᠤᠨ ᠳᠡᠪᠳᠡᠷ ᠢ ᠭᠠᠷᠭᠠᠵᠣ᠂ | ᠭᠤᠣᠯᠯᠠᠨ ᠡᠷᠬᠢᠯᠡᠬᠦ ᠪᠠᠶᠢᠭᠤᠯᠣᠯᠭ᠎ᠠ ᠪᠠᠷ ᠬᠢᠨᠠᠨ ᠵᠦᠪᠰᠢᠶᠡᠷᠡᠬᠦᠯᠦᠭᠰᠡᠨ ᠤ ᠳᠠᠷᠠᠭ᠎ᠠ ᠳᠠᠷᠣᠮᠠᠯᠯᠠᠨ ᠳᠠᠷᠬᠠᠭᠠᠨ᠎ᠠ᠃ | ᠶᠡᠷᠦᠩᠬᠡᠢ ᠡᠮᠬᠢ ᠳᠠᠷᠠᠭᠠᠯᠠᠯ ᠤᠨ ᠳᠡᠪᠳᠡᠷ ᠪᠠ ᠳᠠᠩ ᠳᠦᠷᠦᠯ ᠤᠨ ᠡᠮᠬᠢ ᠳᠠᠷᠠᠭᠠᠯᠠᠯ ᠤᠨ ᠳᠡᠪᠳᠡᠷ ᠢ ᠡᠯ᠎ᠡ ᠲᠦᠯᠦᠬᠡᠯᠡᠭᠴᠢᠳ ᠤᠨ ᠪᠦᠯᠬᠦᠮ ᠨᠡᠷ᠎ᠡ | ᠮᠡᠳᠡᠬᠦᠯᠬᠦ ᠠᠴᠠ ᠨᠢᠬᠡ ᠭᠠᠷᠠᠭ ᠤᠨ ᠡᠮᠣᠨ᠎ᠠ ᠪᠡᠯᠡᠬᠡᠨ ᠪᠣᠯᠭᠠᠨ᠎ᠠ᠃ ᠶᠡᠷᠦᠩᠬᠡᠢ ᠬᠢᠷᠢ ᠪᠦᠳᠦᠮᠵᠢ ᠶᠢᠨ ᠳᠡᠪᠳᠡᠷ ᠢ ᠪᠡᠶ᠎ᠡ ᠳᠠᠮᠢᠷ ᠤᠨ ᠴᠣᠭᠯᠠᠭᠠᠨ ᠤ ᠳᠦᠷᠢᠮ ᠳᠤ | ᠳᠣᠭᠳᠠᠭᠠᠭᠰᠠᠨ ᠴᠣᠭᠯᠠᠭᠠᠨ ᠳᠠᠷᠠᠬᠤ ᠬᠠᠮᠤᠭ ᠰᠡᠬᠦᠯ ᠤᠨ ᠡᠳᠦᠷ ᠠᠴᠠ ᠡᠮᠣᠨ᠎ᠠ ᠬᠤᠷᠢᠶᠠᠩᠭᠤᠶᠢᠯᠠᠨ ᠭᠠᠷᠭᠠᠵᠤ ᠳᠠᠭᠤᠰᠬᠠᠨ᠎ᠠ᠃ ︵ᠨᠠᠢᠮᠠ︶ ᠱᠠᠩᠨᠠᠯ ᠣᠯᠭᠤᠬᠤ | ᠳᠦᠰᠦᠯ ᠢ ᠭᠠᠷᠭᠠᠵᠣ᠂ ᠱᠠᠩᠨᠠᠯ ᠣᠯᠭᠤᠬᠤ ᠠᠵᠢᠯ ᠢ ᠵᠣᠬᠢᠶᠠᠨ ᠪᠠᠶᠢᠭᠤᠯᠣᠨ ᠶᠠᠪᠣᠭᠳᠠᠭᠤᠯᠣᠨ᠎ᠠ᠃ ︵ᠶᠢᠰᠦ︶ ᠪᠣᠢ ᠪᠦᠬᠦᠢ ᠣᠷᠣᠯᠳᠣᠭᠠᠨ ᠤ ᠪᠦᠬᠦ ᠶᠠᠪᠣᠴᠠ ᠳᠤ | ᠳᠦᠷᠰᠦ ᠰᠢᠩᠬᠡᠬᠡᠯᠳᠡ ᠬᠢᠵᠣ᠂ ᠬᠢᠨᠠᠭᠴᠢ᠂ ᠬᠦᠨᠳᠡᠯᠡᠨ ᠠᠴᠠ ᠳᠠᠰᠣᠯᠬᠤ ᠬᠢᠨᠠᠭᠴᠢ ᠳᠤ ᠵᠦᠪ ᠣᠨᠣᠪᠴᠢᠳᠠᠢ᠂ ᠪᠦᠷᠢᠨ ᠪᠦᠳᠦᠨ ᠬᠡᠷᠡᠴᠢ ᠬᠠᠩᠭᠠᠨ᠎ᠠ᠃ ᠪᠡᠶ᠎ᠡ | ᠳᠠᠮᠢᠷ ᠤᠨ ᠴᠣᠭᠯᠠᠭᠠᠨ ᠢ ᠦᠨᠳᠦᠷᠯᠡᠭᠰᠡᠨ ᠤ ᠳᠠᠷᠠᠭ᠎ᠠ᠂ ᠭᠤᠣᠯᠯᠠᠨ ᠡᠷᠬᠢᠯᠡᠭᠰᠡᠨ ᠪᠠᠶᠢᠭᠤᠯᠣᠯᠭ᠎ᠠ ᠳᠤ ᠪᠦᠬᠦ ᠰᠢᠢᠳᠪᠦᠷᠢᠳᠣ ᠣᠷᠣᠯᠳᠣᠭᠠᠨ ᠤ ᠳᠦᠷᠰᠦ | ᠰᠢᠩᠬᠡᠬᠡᠯᠳᠡ ᠶᠢᠨ ᠮᠠᠲ᠋ᠧᠷᠢᠶᠠᠯ ᠢ ᠳᠣᠰᠢᠶᠠᠨ᠎ᠠ᠃ ︵ᠠᠷᠪᠠ︶ ᠪᠡᠶ᠎ᠡ ᠶᠢᠨ ᠳᠠᠮᠢᠷ ᠤᠨ ᠴᠣᠭᠯᠠᠭᠠᠨ ᠤ ᠨᠡᠬᠡᠬᠡᠯᠳᠠ ᠶᠢᠨ ᠶᠣᠰᠣᠯᠠᠯ ᠠᠴᠠ ᠡᠮᠣᠨ᠎ᠠ᠂ ᠳᠠᠩ ᠳᠦᠷᠦᠯ ᠤᠨ | ᠣᠷᠣᠯᠳᠣᠭᠠᠨ ᠪᠠ ᠬᠢᠨᠠᠭᠴᠢ᠂ ᠳᠠᠰᠬᠠᠯᠵᠢᠭᠤᠯᠣᠭᠴᠢ ᠶᠢᠨ ᠪᠣᠯᠪᠠᠰᠣᠷᠠᠯ ᠤᠨ ᠠᠩᠬᠢ ᠶᠢ ᠵᠣᠬᠢᠶᠠᠨ ᠪᠠᠶᠢᠭᠤᠯᠣᠨ᠎ᠠ᠃ ︵ᠠᠷᠪᠠᠨ ᠨᠢᠬᠡ︶ ᠪᠣᠰᠣᠳ ᠬᠠᠮᠢᠶ᠎ᠠ ᠪᠦᠬᠦᠢ | ᠡᠬᠦᠷᠬᠡ ᠶᠢ ᠨᠠᠶᠢᠳᠠᠪᠣᠷᠢᠵᠢᠭᠤᠯᠣᠨ᠎ᠠ᠃ | ᠠᠷᠪᠠᠨ ᠳᠦᠷᠪᠡᠳᠦᠬᠡᠷ ᠵᠣᠷᠪᠣᠰ ᠣᠷᠣᠯᠳᠣᠭᠠᠨ ᠤ ᠪᠣᠰᠣ ᠠᠵᠢᠯ ᠢ ᠬᠦᠢᠴᠡᠳᠬᠡᠬᠦ ︵ᠨᠢᠬᠡ︶ ᠴᠤᠭᠯᠠᠭᠠᠨ ᠡᠷᠭᠢᠯᠡᠬᠦ ᠭᠠᠵᠠᠷ ᠤᠷᠤᠨ ᠤ ᠴᠠᠭ ᠠᠭᠤᠷ᠂ ᠵᠠᠮ | ᠬᠠᠷᠢᠯᠴᠠᠭ᠎ᠠ ᠪᠣᠯᠣᠨ ᠪᠡᠯᠳᠬᠡᠯ ᠠᠵᠢᠯ ᠤᠨ ᠪᠣᠳᠠᠳᠣ ᠪᠠᠶᠢᠳᠠᠯ ᠵᠡᠷᠬᠡ ᠡᠯᠧᠮᠧᠨ᠋ᠲ ᠢ ᠶᠡᠷᠦᠩᠬᠡᠶᠢᠯᠡᠨ᠂ ᠭᠤᠣᠯᠯᠠᠨ ᠡᠷᠬᠢᠯᠡᠬᠦ ᠪᠠᠶᠢᠭᠤᠯᠣᠯᠭ᠎ᠠ ᠳᠤ ᠪᠡᠶ᠎ᠡ ᠶᠢᠨ ᠳᠠᠮᠢᠷ ᠤᠨ | ᠴᠣᠭᠯᠠᠭᠠᠨ ᠢ ᠵᠣᠬᠢᠶᠠᠨ ᠪᠠᠶᠢᠭᠤᠯᠬᠤ ᠴᠠᠭ ᠡᠳᠦᠷ ᠪᠣᠯᠣᠨ ᠡᠬᠢᠯᠡᠯᠳᠡ᠂ ᠬᠠᠭᠠᠯᠳᠠ ᠶᠢᠨ ᠶᠣᠰᠣᠯᠠᠯ ᠤᠨ ᠴᠠᠭ ᠤᠨ ᠰᠠᠨᠠᠭᠤᠯᠭ᠎ᠠ ᠪᠠᠨ ᠳᠡᠪᠰᠢᠬᠦᠯᠦᠨᠠ᠃ ︵ᠬᠤᠶᠠᠷ︶ | ᠪᠡᠶ᠎ᠡ ᠶᠢᠨ ᠳᠠᠮᠢᠷ ᠤᠨ ᠴᠣᠭᠯᠠᠭᠠᠨ ᠤ ᠰᠣᠨᠢᠨ ᠮᠡᠳᠡᠭᠡ ᠣᠬᠠᠭᠤᠯᠭ᠎ᠠ᠂ ᠳᠣᠮᠣ ᠬᠡᠯᠪᠡᠷᠢ ᠶᠢᠨ ᠠᠵᠢᠯᠯᠠᠭ᠎ᠠ ᠂ ᠬᠦᠯᠢᠶᠡᠨ ᠠᠪᠣᠯᠳᠠ ᠪᠠᠳᠣᠯᠠᠭ᠎ᠠ᠂ ᠵᠠᠮ ᠳᠡᠬᠡᠬᠡᠪᠦᠷᠢ᠂ | ᠠᠮᠣᠷ ᠢ ᠬᠠᠮᠠᠭᠠᠯᠠᠬᠤ ᠠᠵᠢᠯᠳᠠᠨ ᠤ ᠵᠡᠬᠦᠬᠦ ᠳᠡᠮᠳᠡᠭ ᠤᠨ ᠲᠦᠰᠦᠯ ᠢ ᠳᠣᠭᠳᠠᠭᠠᠵᠣ᠂ ᠭᠤᠣᠯᠯᠠᠨ ᠡᠷᠬᠢᠯᠡᠬᠦ ᠪᠠᠶᠢᠭᠤᠯᠣᠯᠭ᠎ᠠ ᠳᠤ ᠮᠡᠳᠡᠬᠦᠯᠵᠣ ᠬᠢᠨᠠᠭᠤᠯᠣᠭᠰᠠᠨ ᠤ | ᠳᠠᠷᠠᠭ᠎ᠠ ᠵᠣᠬᠢᠶᠠᠨ ᠪᠠᠶᠢᠭᠤᠯᠣᠨ ᠬᠡᠷᠡᠭᠵᠢᠬᠦᠯᠦᠨ᠎ᠠ᠃ ︵ᠭᠤᠷᠪᠠ︶ ᠴᠣᠭᠯᠠᠭᠠᠨ ᠤ ᠰᠦᠯᠳᠡ᠂ ᠪᠡᠯᠬᠡᠳᠡᠯ ᠪᠣᠳᠠᠰ᠂ ᠭᠤᠣᠯ ᠰᠡᠳᠦᠪᠳᠣ ᠳᠠᠭᠤᠣ᠂ ᠣᠬᠠᠭᠤᠯᠭ᠎ᠠ ᠶᠢᠨ | ᠵᠢᠷᠤᠭ ᠳᠦᠰᠦᠪ ᠢᠶᠠᠨ ᠭᠠᠷᠭᠠᠵᠣ᠂ ᠭᠤᠣᠯᠯᠠᠨ ᠡᠷᠬᠢᠯᠡᠬᠦ ᠪᠠᠶᠢᠭᠤᠯᠣᠯᠭ᠎ᠠ ᠳᠤ ᠮᠡᠳᠡᠬᠦᠯᠵᠣ ᠬᠢᠨᠠᠨ ᠵᠦᠪᠰᠢᠶᠡᠷᠡᠬᠦᠯᠦᠨ᠎ᠡ᠃ ︵ᠳᠦᠷᠪᠠ︶ ᠪᠦᠬᠦ ᠣᠯᠣᠰ ᠤᠨ | ᠪᠡᠯᠡᠳᠬᠡᠯ ᠠᠵᠢᠯ ᠤᠨ ᠬᠤᠷᠠᠯ ᠬᠢᠨ᠎ᠠ᠃ ︵ᠳᠠᠪᠤ︶ ᠵᠣᠬᠢᠶᠠᠨ ᠪᠠᠶᠢᠭᠤᠯᠬᠤ ᠺᠣᠮᠢᠰ ᠪᠠᠶᠢᠭᠤᠯᠣᠭᠳᠠᠭᠰᠠᠨ ᠶᠡᠭᠡ ᠬᠤᠷᠠᠯ ᠬᠢᠨ᠎ᠠ᠃ ︵ᠵᠢᠷᠭᠤᠭ᠎ᠠ︶ ᠭᠤᠣᠯᠯᠠᠨ | ᠡᠷᠬᠢᠯᠡᠬᠦ ᠪᠠᠶᠢᠭᠤᠯᠣᠯᠭ᠎ᠠ ᠲᠠᠢ ᠬᠠᠮᠵᠢᠯᠴᠠᠨ ᠰᠣᠨᠢᠨ ᠮᠡᠳᠡᠭᠡ ᠨᠡᠶᠢᠳᠡᠯᠡᠬᠦ ᠬᠤᠷᠠᠯ ᠢ ᠬᠢᠨ᠎ᠠ᠃ ︵ᠳᠣᠯᠤᠭ᠎ᠠ︶ ᠭᠤᠣᠯᠯᠠᠨ ᠡᠷᠬᠢᠯᠡᠬᠦ ᠪᠠᠶᠢᠭᠤᠯᠣᠯᠭ᠎ᠠ ᠶᠢᠨ | ᠵᠢᠯᠣᠭᠤᠳᠣᠯᠭ᠎ᠠ ᠳᠣᠣᠷ᠎ᠠ᠂ ᠡᠯ᠎ᠡ ᠲᠦᠯᠦᠬᠡᠯᠡᠭᠴᠢᠳ ᠤᠨ ᠪᠦᠯᠬᠦᠮ ᠤᠨ ᠬᠡᠰᠢᠬᠦᠨ᠂ ᠠᠵᠢᠯᠳᠠᠨ᠂ ᠵᠠᠭᠤᠴᠢᠯᠠᠭᠤᠷ ᠤᠨ ᠰᠣᠷᠪᠣᠯᠵᠢᠯᠠᠭᠴᠢ᠂ ᠣᠨᠴᠠ ᠣᠷᠢᠭᠰᠠᠨ | ᠵᠣᠴᠢᠨ᠂ ᠳᠣᠭᠤᠷᠢᠨ ᠦᠵᠡᠬᠦ ᠬᠦᠮᠦᠰ ᠤᠨ ᠨᠡᠷ᠎ᠡ ᠮᠡᠳᠡᠬᠦᠯᠬᠦ ᠠᠵᠢᠯ ᠢ ᠬᠠᠷᠢᠭᠤᠴᠠᠨ᠎ᠠ᠃ | ︵ᠨᠠᠢᠮᠠ︶ ᠪᠡᠶ᠎ᠡ ᠶᠢᠨ ᠳᠠᠮᠢᠷ ᠤᠨ ᠴᠣᠭᠯᠠᠭᠠᠨ ᠤ ᠭᠠᠷ ᠠᠪᠣᠯᠭ᠎ᠠ ᠶᠢᠨ ᠳᠡᠪᠳᠡᠷ ᠢ ᠨᠠᠶᠢᠷᠠᠭᠤᠯᠣᠨ ᠳᠠᠷᠬᠠᠭᠠᠨ᠎ᠠ᠃ ︵ᠶᠢᠰᠦ︶ ᠬᠠᠮᠢᠶ᠎ᠠ ᠪᠦᠬᠦᠢ ᠰᠣᠶᠣᠯ ᠤᠨ | ᠠᠵᠢᠯᠯᠠᠭ᠎ᠠ ᠶᠢ ᠳᠦᠰᠦᠪᠯᠡᠨ ᠵᠣᠬᠢᠶᠠᠨ ᠪᠠᠶᠢᠭᠤᠯᠣᠨ᠎ᠠ᠃ ︵ᠠᠷᠪᠠ︶ ᠭᠤᠣᠯᠯᠠᠨ ᠡᠷᠬᠢᠯᠡᠬᠦ ᠪᠠᠶᠢᠭᠤᠯᠣᠯᠭ᠎ᠠ ᠠᠴᠠ ᠣᠷᠣᠯᠳᠣᠭᠠᠨ ᠬᠢᠬᠦ ᠵᠠᠷᠣᠳᠠᠯ ᠨᠦᠬᠦᠪᠦᠷᠢ ᠶᠢ | ᠭᠤᠶᠣᠴᠢᠯᠠᠨ᠎ᠠ᠃ ︵ᠠᠷᠪᠠᠨ ᠨᠢᠬᠡ︶ ᠪᠡᠶ᠎ᠡ ᠶᠢᠨ ᠳᠠᠮᠢᠷ ᠤᠨ ᠴᠣᠭᠯᠠᠭᠠᠨ ᠢ ᠡᠷᠬᠢᠯᠡᠬᠦ ᠬᠤᠭᠤᠴᠠᠭᠠᠨ ᠳᠠᠬᠢ ᠳᠠᠩᠰᠠ ᠡᠪᠬᠡᠮᠡᠯ ᠤᠨ ᠠᠵᠢᠯ ᠢ ᠰᠠᠶᠢᠳᠣᠷ ᠬᠢᠨ᠎ᠡ᠃ | ᠪᠡᠶ᠎ᠡ ᠶᠢᠨ ᠳᠠᠮᠢᠷ ᠤᠨ ᠴᠣᠭᠯᠠᠭᠠᠨ ᠢ ᠳᠠᠭᠤᠰᠣᠭᠰᠠᠨ ᠤ ᠳᠠᠷᠠᠭ᠎ᠠ 6 ᠰᠠᠷ᠎ᠠ ᠶᠢᠨ ᠳᠣᠳᠣᠷ᠎ᠠ᠂ ᠭᠤᠣᠯᠯᠠᠨ ᠡᠷᠬᠢᠯᠡᠭᠰᠡᠨ ᠪᠠᠶᠢᠭᠤᠯᠣᠯᠭ᠎ᠠ ᠳᠤ ᠪᠦᠬᠦ ᠪᠢᠴᠢᠭ ᠮᠠᠲ᠋ᠧᠷᠢᠶᠠᠯ | ᠂ ᠳᠦᠰᠦᠪ ᠳᠦᠰᠦᠯ᠂ ᠣᠳᠣᠷᠢᠳᠣᠯᠭ᠎ᠠ ᠶᠢᠨ ᠶᠠᠷᠢᠶ᠎ᠠ ᠵᠡᠷᠬᠡ ᠠᠯᠪᠠᠨ ᠶᠣᠰᠣᠨ ᠤ ᠡᠮᠬᠢᠳᠬᠡᠯ ᠢ ᠳᠣᠰᠢᠶᠠᠨ᠎ᠠ᠃ ︵ᠠᠷᠪᠠᠨ ᠬᠤᠶᠠᠷ︶ ᠪᠡᠶ᠎ᠡ ᠶᠢᠨ ᠳᠠᠮᠢᠷ ᠤᠨ | ᠴᠣᠭᠯᠠᠭᠠᠨ ᠤ ᠪᠡᠯᠳᠬᠡᠯ ᠬᠤᠭᠤᠴᠠᠭᠠᠨ ᠳᠠᠬᠢ ᠣᠯᠠᠨ ᠵᠠᠭᠤᠴᠢᠳᠣ ᠮᠠᠲ᠋ᠧᠷᠢᠶᠠᠯ ᠢ ᠴᠣᠭᠯᠠᠭᠤᠯᠣᠨ ᠳᠢᠭᠯᠡᠬᠦ ᠠᠵᠢᠯ ᠢ ᠰᠠᠶᠢᠳᠣᠷ ᠬᠢᠨ᠎ᠡ᠃ ᠪᠡᠶ᠎ᠡ ᠶᠢᠨ ᠳᠠᠮᠢᠷ ᠤᠨ | ᠴᠣᠭᠯᠠᠭᠠᠨ ᠢ ᠳᠠᠭᠤᠰᠣᠭᠰᠠᠨ ᠤ ᠳᠠᠷᠠᠭ᠎ᠠ 6 ᠰᠠᠷ᠎ᠠ ᠶᠢᠨ ᠳᠣᠳᠣᠷ᠎ᠠ᠂ ᠭᠤᠣᠯᠯᠠᠨ ᠡᠷᠬᠢᠯᠡᠭᠰᠡᠨ ᠪᠠᠶᠢᠭᠤᠯᠣᠯᠭ᠎ᠠ ᠳᠤ ᠲᠣᠮᠣ ᠬᠡᠯᠪᠡᠷᠢ ᠶᠢᠨ ᠠᠵᠢᠯᠯᠠᠭ᠎ᠠ ᠂ ᠴᠢᠬᠤᠯᠠ | ᠬᠤᠷᠠᠯ᠂ ᠣᠬᠠᠭᠤᠯᠭ᠎ᠠ ᠰᠣᠨᠢᠨ ᠮᠡᠳᠡᠬᠡᠨ ᠤ ᠳᠦᠷᠰᠦ ᠪᠢᠴᠢᠯᠬᠡ᠂ ᠵᠢᠷᠤᠭ ᠰᠡᠬᠦᠳᠡᠷ ᠵᠡᠷᠬᠡ ᠣᠯᠠᠨ ᠵᠠᠭᠤᠴᠢᠳᠣ ᠮᠠᠲ᠋ᠧᠷᠢᠶᠠᠯ ᠤᠨ ᠡᠮᠬᠢᠳᠬᠡᠯ ᠢᠶᠠᠨ ᠬᠠᠩᠭᠠᠨ᠎ᠠ᠃ | ᠡᠬᠦᠨ ᠳᠤ᠂ ᠪᠡᠶ᠎ᠡ ᠶᠢᠨ ᠳᠠᠮᠢᠷ ᠤᠨ ᠴᠣᠭᠯᠠᠭᠠᠨ ᠤ ᠡᠬᠢᠯᠡᠯᠳᠡ ᠬᠠᠭᠠᠯᠳᠠ ᠶᠢᠨ ᠶᠣᠰᠣᠯᠠᠯ ᠢ ᠡᠷᠬᠡᠪᠰᠢ ᠳᠦᠷᠰᠦ ᠰᠢᠩᠬᠡᠬᠡᠯᠳᠡ ᠶᠢᠨ ᠬᠡᠷᠡᠯᠯᠢᠭ ᠳᠠᠪᠠᠭ ᠪᠠ ᠵᠢᠷᠣᠭᠳᠣ | ᠳᠡᠪᠳᠡᠷ ᠤᠨ ᠬᠡᠯᠪᠡᠷᠢ ᠪᠠᠷ ᠭᠠᠷᠭᠠᠨ᠎ᠠ᠃ ︵ᠠᠷᠪᠠᠨ ᠭᠤᠷᠪᠠ︶ ᠪᠡᠶ᠎ᠡ ᠶᠢᠨ ᠳᠠᠮᠢᠷ ᠤᠨ ᠴᠣᠭᠯᠠᠭᠠᠨ ᠳᠠᠭᠤᠰᠣᠭᠰᠠᠨ ᠤ ᠳᠠᠷᠠᠭ᠎ᠠ 15 ᠬᠤᠨᠤᠭ ᠤᠨ ᠳᠣᠳᠣᠷ᠎ᠠ᠂ | ᠭᠤᠣᠯᠯᠠᠨ ᠡᠷᠬᠢᠯᠡᠭᠰᠡᠨ ᠪᠠᠶᠢᠭᠤᠯᠣᠯᠭ᠎ᠠ ᠳᠤ ᠪᠡᠶ᠎ᠡ ᠶᠢᠨ ᠳᠠᠮᠢᠷ ᠤᠨ ᠴᠣᠭᠯᠠᠭᠠᠨ ᠤ ᠶᠡᠷᠦᠩᠬᠡᠢ ᠳ᠋ᠦᠩᠨᠡᠯᠳᠡ ᠶᠢᠨ ᠮᠡᠳᠡᠬᠦᠯᠦᠯᠳᠠ ᠶᠢ ᠬᠦᠷᠬᠡᠨ᠎ᠠ᠃ ︵ᠠᠷᠪᠠᠨ ᠳᠦᠷᠪᠡ | ︶ ᠪᠣᠰᠣᠳ ᠬᠠᠮᠢᠶ᠎ᠠ ᠪᠦᠬᠦᠢ ᠡᠬᠦᠷᠬᠡ ᠶᠢ ᠬᠦᠢᠴᠡᠳᠬᠡᠨ᠎ᠡ᠃ |