ᠳᠠᠪᠣᠳᠣᠭᠠᠷ ᠪᠦᠯᠦᠭ ᠪᠡᠶ᠎ᠡ ᠶᠢᠨ ᠳᠠᠮᠢᠷ ᠤᠨ ᠴᠣᠭᠯᠠᠭᠠᠨ ᠭᠤᠶᠣᠴᠢᠯᠠᠨ ᠡᠷᠬᠢᠯᠡᠬᠦ | ᠠᠷᠪᠠᠨ ᠳᠠᠪᠣᠳᠣᠭᠠᠷ ᠵᠣᠷᠪᠣᠰ ᠪᠦᠬᠦ ᠣᠯᠣᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠢ ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ | ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠶᠣᠴᠢᠯᠠᠨ ᠡᠷᠬᠢᠯᠡᠨ᠎ᠠ᠃ | ᠠᠷᠪᠠᠨ ᠵᠢᠷᠭᠤᠳᠣᠭᠠᠷ ᠵᠣᠷᠪᠣᠰ ᠭᠤᠶᠣᠴᠢᠯᠠᠨ ᠡᠷᠬᠢᠯᠡᠬᠦ ᠨᠦᠬᠦᠴᠡᠯ ︵ᠨᠢᠬᠡ︶ ᠵᠠᠷᠣᠳᠠᠯ ᠤᠨ ᠪᠠᠳᠣᠯᠠᠭ᠎ᠠ ᠶᠢ ᠬᠠᠩᠭᠠᠨ᠎ᠠ ︵ᠬᠤᠶᠠᠷ︶ ᠣᠷᠣᠯᠳᠣᠭᠠᠨ ᠤ | ᠳᠠᠯᠠᠪᠠᠢ ᠣᠷᠳᠣᠨ ᠪᠣᠯᠣᠨ ᠳᠦᠬᠦᠬᠡᠷᠦᠮᠵᠢ ᠨᠢ ᠣᠷᠣᠯᠳᠣᠭᠠᠨ ᠤ ᠵᠣᠬᠢᠶᠠᠨ ᠪᠠᠶᠢᠭᠤᠯᠣᠯᠳᠠ ᠶᠢᠨ ᠱᠠᠭᠠᠷᠳᠠᠯᠭ᠎ᠠ ᠶᠢ ᠬᠠᠩᠭᠠᠨ᠎ᠠ᠃ ︵ᠭᠤᠷᠪᠠ︶ ᠬᠦᠯᠢᠶᠡᠨ ᠠᠪᠣᠯᠳᠠ᠂ | ᠵᠠᠮ ᠬᠠᠷᠢᠯᠴᠠᠭ᠎ᠠ᠂ ᠠᠮᠣᠷ ᠢ ᠬᠠᠮᠠᠭᠠᠯᠠᠬᠤ᠂ ᠣᠬᠠᠭᠤᠯᠭ᠎ᠠ ᠵᠡᠷᠬᠡ ᠳᠠᠯ᠎ᠠ ᠪᠠᠷ ᠪᠦᠬᠦ ᠣᠯᠣᠰ ᠤᠨ ᠴᠢᠨᠠᠷᠳᠠᠢ ᠣᠷᠣᠯᠳᠣᠭᠠᠨ ᠬᠢᠬᠦ ᠵᠦᠬᠡᠯᠡᠨ ᠪᠠ ᠬᠠᠳᠠᠭᠤ | ᠳᠣᠨᠤᠭ ᠤᠨ ᠨᠦᠬᠦᠴᠡᠯ ᠢ ᠪᠦᠷᠢᠯᠳᠦᠬᠦᠯᠦᠨ᠎ᠠ᠃ ︵ᠳᠦᠷᠪᠡ︶ ᠣᠯᠠᠨ ᠳᠦᠮᠡᠨᠴᠢ ᠴᠢᠨᠠᠷᠳᠠᠢ ᠴᠦᠬᠡᠨ ᠳᠣᠭᠠᠳᠣ ᠦᠨᠳᠦᠰᠦᠳᠡᠨ ᠤ ᠣᠯᠠᠮᠵᠢᠯᠠᠯᠳᠣ ᠪᠡᠶ᠎ᠡ ᠶᠢᠨ | ᠳᠠᠮᠢᠷ ᠤᠨ ᠴᠣᠭᠯᠠᠭᠠᠨ ᠢ ᠬᠦᠨᠳᠦᠳᠬᠡᠨ ᠡᠷᠬᠢᠯᠡᠨ᠎ᠡ᠃ | ᠠᠷᠪᠠᠨ ᠳᠣᠯᠣᠳᠣᠭᠠᠷ ᠵᠣᠷᠪᠣᠰ ᠭᠤᠶᠣᠴᠢᠯᠠᠨ ᠡᠷᠬᠢᠯᠡᠬᠦ ᠠᠯᠬᠤᠮ ᠲᠠᠷᠠᠭᠠᠯᠠᠯ ︵ᠨᠢᠬᠡ︶ ᠡᠷᠡᠮᠡᠯᠵᠠᠨ ᠭᠤᠶᠣᠴᠢᠯᠠᠨ᠎ᠠ᠃ ᠭᠤᠶᠣᠴᠢᠯᠠᠨ ᠡᠷᠬᠢᠯᠡᠬᠦ | ᠪᠠᠶᠢᠭᠤᠯᠣᠯᠭ᠎ᠠ ᠨᠢ ᠳᠣᠰ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ ᠢ ᠶᠠᠪᠣᠭᠳᠠᠬᠤ ᠠᠴᠠ 5 ᠵᠢᠯ ᠤᠨ ᠡᠮᠣᠨ᠎ᠠ᠂ ᠣᠯᠣᠰ ᠤᠨ ᠦᠨᠳᠦᠰᠦᠳᠡᠨ ᠤ ᠬᠡᠷᠡᠭ | ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠳᠤ ᠭᠤᠶᠣᠴᠢᠯᠠᠯ ᠤᠨ ᠪᠢᠴᠢᠭ ᠢᠶᠠᠨ ᠳᠣᠰᠢᠶᠠᠨ᠎ᠠ᠃ ᠭᠤᠶᠣᠴᠢᠯᠠᠯ ᠤᠨ ᠪᠢᠴᠢᠭ ᠲᠤ | ᠡᠷᠬᠡᠪᠰᠢ ᠭᠤᠶᠣᠴᠢᠯᠠᠨ ᠡᠷᠬᠢᠯᠡᠬᠦ ᠨᠦᠬᠦᠴᠡᠯ ᠳᠤ ᠬᠠᠮᠣᠷᠣᠭᠳᠠᠭᠰᠠᠨ ᠪᠦᠬᠦ ᠠᠰᠠᠭᠤᠳᠠᠯ ᠪᠣᠯᠣᠨ ᠬᠠᠮᠢᠶ᠎ᠠ ᠪᠦᠬᠦᠢ ᠠᠭᠤᠯᠭ᠎ᠠ ᠪᠠᠭᠳᠠᠨ᠎ᠠ᠃ ︵ᠬᠤᠶᠠᠷ︶ ᠰᠢᠨᠵᠢᠯᠡᠨ | ᠪᠠᠶᠢᠴᠠᠭᠠᠨ᠎ᠠ᠃ ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠭᠤᠶᠣᠴᠢᠯᠠᠯᠳᠠ ᠶᠢ | ᠦᠨᠳᠦᠰᠦᠯᠡᠨ᠂ ᠪᠠᠶᠢᠴᠠᠭᠠᠯᠳᠠ ᠶᠢᠨ ᠳᠣᠭᠤᠶᠢᠯᠠᠩ ᠵᠣᠬᠢᠶᠠᠨ ᠪᠠᠶᠢᠭᠤᠯᠵᠣ᠂ ᠭᠤᠶᠣᠴᠢᠯᠠᠨ ᠡᠷᠬᠢᠯᠡᠬᠦ ᠪᠠᠶᠢᠭᠤᠯᠣᠯᠭ᠎ᠠ ᠳᠤ ᠬᠦᠷᠴᠦ ᠶᠡᠷᠦᠩᠬᠡᠢ ᠪᠠᠶᠢᠴᠠᠭᠠᠯᠳᠠ ᠬᠢᠨ᠎ᠡ᠃ | ︵ᠭᠤᠷᠪᠠ︶ ᠬᠢᠨᠠᠨ ᠵᠦᠪᠯᠡᠵᠣ ᠴᠣᠬᠤᠯᠠᠪᠣᠷᠢᠯᠠᠨ ᠬᠠᠷᠢᠭᠤᠯᠣᠨ᠎ᠠ᠃ ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ | ᠳᠠᠮᠢᠷ ᠤᠨ ᠶᠡᠷᠦᠩᠬᠡᠢ ᠳᠣᠪᠴᠢᠶ᠎ᠠ ᠪᠠᠶᠢᠴᠠᠭᠠᠯᠳᠠ ᠶᠢᠨ ᠪᠠᠶᠢᠳᠠᠯ ᠢᠶᠠᠨ ᠦᠨᠳᠦᠰᠦᠯᠡᠨ᠂ ᠶᠡᠷᠦᠩᠬᠡᠢ ᠦᠨᠡᠯᠡᠯᠳᠠ ᠭᠠᠷᠭᠠᠨ ᠬᠢᠨᠠᠨ ᠵᠦᠪᠯᠡᠵᠣ᠂ ᠬᠢᠨᠠᠨ ᠵᠦᠪᠯᠡᠭᠰᠡᠨ | ᠦᠷ᠎ᠡ ᠳ᠋ᠦᠩ ᠢ ᠳᠦᠷᠦ ᠶᠢᠨ ᠶᠠᠪᠣᠳᠠᠯ ᠤᠨ ᠬᠤᠷᠢᠶᠠᠨ ᠳᠤ ᠮᠡᠳᠡᠬᠦᠯᠵᠣ ᠵᠦᠪᠰᠢᠶᠡᠷᠡᠬᠦᠯᠦᠭᠰᠡᠨ ᠤ ᠳᠠᠷᠠᠭ᠎ᠠ᠂ ᠳᠠᠭᠠᠭᠠᠴᠢᠯᠠᠨ ᠡᠷᠬᠢᠯᠡᠬᠦ ᠪᠠᠶᠢᠭᠤᠯᠣᠯᠭ᠎ᠠ ᠳᠤ | ᠴᠣᠬᠤᠯᠠᠪᠣᠷᠢᠯᠠᠨ ᠬᠠᠷᠢᠭᠤᠯᠣᠨ᠎ᠠ᠃ |