ᠨᠠᠢᠮᠠᠳᠤᠭᠠᠷ ᠪᠦᠯᠦᠭ ᠳᠠᠮᠢᠷᠴᠢᠳ ᠢ ᠨᠡᠷ᠎ᠡ ᠪᠦᠷᠢᠳᠬᠡᠬᠦ ᠪᠣᠯᠣᠨ ᠰᠣᠯᠢᠯᠴᠠᠬᠤ | ᠬᠤᠷᠢᠨ ᠳᠠᠪᠣᠳᠣᠭᠠᠷ ᠵᠣᠷᠪᠣᠰ ᠪᠦᠬᠦ ᠤᠯᠤᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠤ ᠣᠷᠣᠯᠳᠣᠭᠠᠨ ᠤ ᠳᠦᠷᠦᠯ ᠵᠦᠢᠯ ᠳᠤ ᠣᠷᠣᠯᠴᠠᠬᠤ | ᠳᠠᠮᠢᠷᠴᠢᠳ ᠡᠷᠬᠡᠪᠰᠢ ᠨᠡᠷ᠎ᠡ ᠪᠠᠨ ᠳᠠᠩᠰᠠᠯᠠᠭᠤᠯᠬᠤ ᠬᠡᠷᠡᠭᠳᠡᠢ᠃ ᠵᠦᠪᠬᠡᠨ ᠦᠵᠡᠬᠦᠯᠦᠯᠬᠡ ᠶᠢᠨ ᠳᠦᠷᠦᠯ ᠵᠦᠢᠯ ᠳᠤ ᠣᠷᠣᠯᠴᠠᠬᠤ ᠳᠠᠮᠢᠷᠴᠢᠳ ᠨᠡᠷ᠎ᠡ ᠪᠠᠨ | ᠳᠠᠩᠰᠠᠯᠠᠭᠤᠯᠬᠤ ᠦᠬᠡᠢ᠃ ᠳᠠᠩᠰᠠᠯᠠᠭᠤᠯᠬᠤ ᠳᠠᠮᠢᠷᠴᠢᠳ ᠤᠨ ᠬᠢᠷᠢ ᠬᠡᠮ ᠡᠷᠬᠡᠪᠰᠢ ᠪᠡᠶ᠎ᠡ ᠶᠢᠨ ᠳᠠᠮᠢᠷ ᠤᠨ ᠴᠣᠭᠯᠠᠭᠠᠨ ᠤ ᠶᠡᠷᠦᠩᠬᠡᠢ ᠳᠦᠷᠢᠮ ᠪᠣᠯᠣᠨ ᠡᠯ᠎ᠡ ᠳᠠᠩ | ᠳᠦᠷᠦᠯ ᠤᠨ ᠳᠦᠷᠢᠮ ᠤᠨ ᠬᠤᠯᠪᠣᠭᠳᠠᠬᠤ ᠳᠦᠷᠢᠮ ᠳᠤ ᠨᠡᠶᠢᠴᠡᠭᠰᠡᠨ ᠪᠠᠶᠢᠬᠤ ᠬᠡᠷᠡᠭᠳᠡᠢ᠃ | ᠬᠤᠷᠢᠨ ᠵᠢᠷᠭᠤᠳᠣᠭᠠᠷ ᠵᠣᠷᠪᠣᠰ ᠳᠠᠩᠰᠠᠯᠠᠭᠤᠯᠣᠭᠰᠠᠨ ᠳᠠᠮᠢᠷᠴᠢᠳ ᠤᠨ ᠳᠤᠭ᠎ᠠ ᠶᠢ ᠳᠣᠰ ᠳᠦᠷᠦᠯ ᠵᠦᠢᠯ ᠤᠨ ᠳᠠᠩ ᠳᠦᠷᠦᠯ ᠤᠨ ᠳᠦᠷᠢᠮ ᠳᠤ | ᠳᠣᠭᠳᠠᠭᠠᠭᠰᠠᠨ ᠣᠷᠣᠯᠴᠠᠬᠤ ᠬᠦᠮᠦᠨ ᠤ ᠳᠤᠭ᠎ᠠ ᠶᠢᠨ ᠬᠤᠶᠠᠷ ᠳᠠᠬᠢᠨ ᠠᠴᠠ ᠭᠡᠳᠦᠷᠡᠬᠦᠯᠬᠦ ᠦᠭᠡᠢ᠃ | ᠬᠤᠷᠢᠨ ᠳᠣᠯᠣᠳᠣᠭᠠᠷ ᠵᠣᠷᠪᠣᠰ ᠨᠢᠬᠡ ᠳᠠᠮᠢᠷᠴᠢᠨ ᠵᠦᠪᠬᠡᠨ ᠨᠢᠬᠡ ᠲᠦᠯᠦᠬᠡᠯᠡᠭᠴᠢᠳ ᠤᠨ ᠪᠦᠯᠬᠦᠮ ᠢ ᠲᠦᠯᠦᠬᠡᠯᠡᠨ ᠳᠠᠩᠰᠠᠯᠠᠭᠤᠯᠣᠨ᠎ᠠ᠃ ᠨᠢᠭᠡ ᠳᠠᠮᠢᠷᠴᠢᠨ ᠢ | ᠬᠤᠶᠠᠷ ᠪᠣᠶᠣ ᠬᠤᠶᠠᠷ ᠠᠴᠠ ᠳᠡᠭᠡᠭᠰᠢ ᠲᠦᠯᠦᠬᠡᠯᠡᠭᠴᠢᠳ ᠤᠨ ᠪᠦᠯᠬᠦᠮ ᠳᠠᠪᠬᠤᠷᠳᠠᠭᠤᠯᠣᠨ ᠳᠠᠩᠰᠠᠯᠠᠭᠤᠯᠣᠭᠰᠠᠨ ᠪᠣᠯ ᠬᠤᠯᠪᠤᠭᠳᠠᠭᠰᠠᠨ ᠲᠦᠯᠦᠬᠡᠯᠡᠭᠴᠢᠳ ᠤᠨ | ᠪᠦᠯᠬᠦᠮ ᠨᠢ ᠡᠷᠬᠡᠪᠰᠢ ᠭᠤᠣᠯᠯᠠᠨ ᠡᠷᠬᠢᠯᠡᠬᠦ ᠪᠠᠶᠢᠭᠤᠯᠣᠯᠭ᠎ᠠ ᠳᠤ ᠳᠠᠮᠢᠷᠴᠢᠨ ᠤ ᠡᠷᠦᠬᠡ ᠠᠮᠠ ᠶᠢᠨ ᠳᠡᠪᠳᠡᠷ ᠤᠨ ᠬᠠᠭᠤᠯᠪᠣᠷᠢ ᠪᠣᠶᠣ ᠰᠣᠷᠭᠠᠭᠤᠯᠢ ︵ᠤᠯᠤᠰ ᠠᠴᠠ | ᠵᠦᠪᠰᠢᠶᠡᠷᠡᠭᠰᠡᠨ ᠰᠣᠷᠣᠯᠭ᠎ᠠ ᠤᠨ ᠨᠠᠮᠳᠠᠷ ᠲᠠᠢ ᠰᠤᠷᠭᠠᠨ ᠬᠦᠮᠦᠵᠢᠯ ᠤᠨ ᠪᠠᠶᠢᠭᠤᠯᠤᠮᠵᠢ︶ ᠶᠢᠨ ᠪᠦᠬᠦᠯᠢ ᠡᠳᠦᠷ ᠤᠨ ᠲᠦᠷᠢᠮᠳᠤ ᠰᠣᠷᠭᠠᠭᠤᠯᠢ ᠶᠢᠨ ᠬᠠᠷᠢᠶᠠᠯᠠᠯ ᠤᠨ | ᠬᠡᠷᠡᠴᠢ ᠵᠢᠴᠢ ᠳᠠᠮᠢᠷᠴᠢᠨ ᠤ ᠦᠪᠡᠷ ᠤᠨ ᠬᠢᠨᠢ ᠰᠠᠨᠠᠯ ᠢ ᠳᠣᠰᠢᠶᠠᠨ᠎ᠠ᠃ ᠭᠤᠣᠯᠯᠠᠨ ᠡᠷᠬᠢᠯᠡᠬᠦ ᠪᠠᠶᠢᠭᠤᠯᠣᠯᠭ᠎ᠠ ᠠᠴᠠ ᠰᠣᠷᠭᠠᠭᠤᠯᠢ ᠶᠢᠨ ᠬᠠᠷᠢᠶᠠᠯᠠᠯ᠂ ᠡᠷᠦᠬᠡ | ᠠᠮᠠ ᠶᠢᠨ ᠳᠡᠪᠳᠡᠷ᠂ ᠳᠣᠰ ᠬᠦᠮᠦᠨ ᠤ ᠰᠠᠨᠠᠯ ᠢ ᠦᠨᠳᠦᠰᠦᠯᠡᠨ ᠳᠠᠮᠢᠷᠴᠢᠨ ᠤ ᠬᠠᠷᠢᠶᠠᠯᠠᠯ ᠢ ᠲᠤᠭᠳᠠᠭᠠᠵᠤ ᠳᠠᠩᠰᠠᠯᠠᠨ᠎ᠠ᠃ | ᠬᠤᠷᠢᠨ ᠨᠠᠢᠮᠠᠳᠣᠭᠠᠷ ᠵᠣᠷᠪᠣᠰ ᠭᠤᠣᠯᠯᠠᠨ ᠡᠷᠬᠢᠯᠡᠬᠦ ᠪᠠᠶᠢᠭᠤᠯᠣᠯᠭ᠎ᠠ ᠠᠴᠠ ᠪᠡᠶ᠎ᠡ ᠶᠢᠨ ᠳᠠᠮᠢᠷ ᠤᠨ ᠴᠣᠭᠯᠠᠭᠠᠨ ᠤ ᠳᠦᠷᠢᠮ ᠢ ᠦᠨᠳᠦᠰᠦᠯᠡᠨ᠂ ᠳᠠᠮᠢᠷᠴᠢᠨ ᠤ | ᠳᠠᠩᠰᠠᠯᠠᠭᠤᠯᠣᠭᠰᠠᠨ ᠰᠣᠷᠠᠭ ᠵᠠᠩᠬᠢ ᠶᠢ ᠬᠢᠨᠠᠨ ᠰᠢᠯᠭᠠᠨ᠎ᠠ᠃ ᠬᠢᠨᠠᠨ ᠰᠢᠯᠭᠠᠯᠳᠠ ᠳᠤ ᠬᠢᠷᠢ ᠳᠡᠩᠴᠡᠭᠰᠡᠨ ᠦᠬᠡᠢ ᠳᠠᠮᠢᠷᠴᠢᠨ ᠨᠡᠷ᠎ᠡ ᠮᠡᠳᠡᠬᠦᠯᠵᠣ ᠣᠷᠣᠯᠳᠣᠭᠠᠨ ᠳᠤ | ᠤᠷᠤᠯᠴᠠᠵᠦ ᠪᠣᠯᠬᠤ ᠦᠬᠡᠢ᠃ | ᠬᠤᠷᠢᠨ ᠶᠢᠰᠦᠳᠦᠬᠡᠷ ᠵᠣᠷᠪᠣᠰ ᠬᠢᠨᠠᠨ ᠰᠢᠯᠭᠠᠯᠳᠠ ᠳᠤ ᠬᠢᠷᠢ ᠳᠡᠩᠴᠡᠭᠰᠡᠨ ᠳᠠᠮᠢᠷᠴᠢᠨ ᠢ ᠡᠯ᠎ᠡ ᠲᠦᠯᠦᠬᠡᠯᠡᠭᠴᠢᠳ ᠤᠨ ᠪᠦᠯᠬᠦᠮ ᠰᠤᠯᠢᠯᠴᠠᠵᠦ ᠪᠣᠯᠣᠨ᠎ᠠ᠃ | ᠭᠤᠴᠢᠳᠣᠭᠠᠷ ᠵᠣᠷᠪᠣᠰ ᠳᠠᠮᠢᠷᠴᠢᠨ ᠢ ᠳᠠᠩᠰᠠᠯᠠᠭᠤᠯᠬᠤ ᠪᠣᠯᠣᠨ ᠰᠣᠯᠢᠯᠴᠠᠬᠤ ᠬᠡᠯᠪᠡᠷᠢ᠂ ᠠᠯᠬᠤᠮ ᠲᠠᠷᠠᠭᠠᠯᠠᠯ ᠵᠡᠷᠬᠡ ᠪᠣᠳᠠᠳᠠᠢ ᠳᠦᠷᠢᠮ ᠢ ᠭᠤᠣᠯᠯᠠᠨ ᠡᠷᠬᠢᠯᠡᠬᠦ | ᠪᠠᠶᠢᠭᠤᠯᠣᠯᠭ᠎ᠠ ᠠᠴᠠ ᠬᠤᠭᠤᠴᠠᠭ᠎ᠠ ᠪᠣᠯᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ ᠤ ᠳᠠᠮᠢᠷᠴᠢᠳ ᠤᠨ ᠨᠡᠷ᠎ᠡ ᠮᠡᠳᠡᠬᠦᠯᠬᠦ ᠠᠵᠢᠯ ᠡᠬᠢᠯᠡᠬᠦ ᠠᠴᠠ ᠡᠮᠣᠨ᠎ᠠ ᠳᠣᠰ ᠳᠤᠨᠢ | ᠮᠡᠳᠡᠭᠳᠡᠨ᠎ᠡ᠃ |