ᠶᠢᠰᠦᠳᠦᠬᠡᠷ ᠪᠦᠯᠦᠭ ᠪᠡᠶ᠎ᠡ ᠶᠢᠨ ᠳᠠᠮᠢᠷ ᠤᠨ ᠰᠣᠶᠣᠯ ᠤᠨ ᠠᠵᠢᠯᠯᠠᠭ᠎ᠠ | ᠭᠤᠴᠢᠨ ᠨᠢᠬᠡᠳᠦᠬᠡᠷ ᠵᠣᠷᠪᠣᠰ ᠪᠦᠬᠦ ᠤᠯᠤᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠨᠢ ᠡᠬᠢᠯᠠᠯᠳᠠ ᠶᠢᠨ ᠶᠣᠰᠣᠯᠠᠯ᠂ ᠬᠠᠭᠠᠯᠳᠠ ᠶᠢᠨ | ᠶᠣᠰᠣᠯᠠᠯ᠂ ᠦᠨᠳᠦᠰᠦᠳᠡᠨ ᠤ ᠶᠡᠭᠡ ᠨᠠᠶᠢᠷ ᠨᠠᠭᠠᠳᠣᠮ ᠪᠠ ᠭᠠᠯ ᠪᠠᠮᠪᠠᠷ ᠳᠠᠮᠵᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠣᠨ᠎ᠠ᠃ | ᠭᠤᠴᠢᠨ ᠬᠤᠶᠠᠳᠣᠭᠠᠷ ᠵᠣᠷᠪᠣᠰ ᠡᠬᠢᠯᠡᠯᠳᠡ ᠶᠢᠨ ᠶᠣᠰᠣᠯᠠᠯ᠂ ᠬᠠᠭᠠᠯᠳᠠ ᠶᠢᠨ ᠶᠣᠰᠣᠯᠠᠯ ᠤᠨ ᠬᠡᠯᠪᠡᠷᠢ ᠨᠢ ᠵᠠᠪᠠᠯ ᠦᠨᠳᠦᠰᠦᠳᠡᠨ ᠤ ᠪᠦᠯᠬᠦᠮᠳᠠᠯ ᠲᠠᠪᠰᠢᠯᠲᠠ | ᠪᠣᠯᠣᠨ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠭᠤᠣᠯ ᠰᠡᠳᠦᠪ ᠢ ᠲᠤᠪᠤᠶᠢᠯᠭᠠᠵᠦ᠂ ᠢᠯᠡ ᠲᠤᠳᠤ ᠦᠪᠡᠷᠮᠢᠴᠡ ᠣᠨᠴᠠᠯᠢᠭ ᠲᠠᠢ᠂ ᠨᠢᠵᠢᠬᠢᠷ ᠶᠡᠭᠡ᠂ | ᠠᠷᠪᠢᠯᠠᠵᠦ ᠭᠠᠮᠨᠠᠭᠰᠠᠨ ᠪᠠᠶᠢᠬᠤ ᠬᠡᠷᠡᠭᠳᠡᠢ᠃ | ᠭᠤᠴᠢᠨ ᠭᠤᠷᠪᠠᠳᠣᠭᠠᠷ ᠵᠣᠷᠪᠣᠰ ᠦᠨᠳᠦᠰᠦᠳᠡᠨ ᠤ ᠶᠡᠭᠡ ᠨᠠᠶᠢᠷ ᠨᠠᠭᠠᠳᠣᠮ ᠨᠢ ᠴᠣᠭᠯᠠᠭᠠᠨ ᠢ ᠵᠣᠬᠢᠶᠠᠨ ᠪᠠᠶᠢᠭᠤᠯᠣᠭᠰᠠᠨ ᠳᠣᠬᠠᠢ ᠶᠢᠨ ᠭᠠᠵᠠᠷ ᠣᠷᠣᠨ ᠤ | ᠠᠷᠠᠳ ᠲᠦᠮᠡᠨ ᠤ ᠢᠳᠡᠪᠬᠢᠳᠠᠢ ᠣᠷᠣᠯᠴᠠᠬᠤ ᠶᠢ ᠵᠣᠷᠢᠭᠵᠢᠭᠤᠯᠣᠨ᠎ᠠ᠃ | ᠭᠤᠴᠢᠨ ᠳᠦᠷᠪᠡᠳᠦᠬᠡᠷ ᠵᠣᠷᠪᠣᠰ ᠭᠠᠯ ᠪᠠᠮᠪᠠᠷ ᠳᠠᠮᠵᠢᠭᠤᠯᠬᠤ ᠬᠡᠪᠴᠢᠶ᠎ᠡ᠂ ᠴᠠᠭ ᠪᠠ ᠵᠠᠮ ᠱᠣᠭᠤᠮ ᠢ ᠴᠢᠩᠭ᠎ᠠ ᠡᠵᠡᠮᠳᠡᠨ᠎ᠠ᠃ ᠭᠠᠯ ᠠᠰᠠᠭᠠᠬᠤ ᠶᠣᠰᠣᠯᠠᠯ ᠪᠠ | ᠭᠠᠯ ᠪᠠᠮᠪᠠᠷ ᠳᠠᠮᠵᠢᠭᠤᠯᠬᠤ ᠶᠢ ᠳᠠᠭᠠᠭᠠᠴᠢᠯᠠᠨ ᠡᠷᠬᠢᠯᠡᠭᠰᠡᠨ ᠪᠠᠶᠢᠭᠤᠯᠣᠯᠭ᠎ᠠ ᠶᠢᠨ ᠬᠠᠷᠢᠶ᠎ᠠ ᠪᠦᠰᠡ ᠶᠢᠨ ᠬᠡᠪᠴᠢᠶᠠᠨ ᠳᠤ ᠶᠠᠪᠣᠭᠳᠠᠭᠤᠯᠣᠨ᠎ᠠ᠃ ᠭᠠᠯ ᠪᠠᠮᠪᠠᠷ | ᠳᠠᠮᠵᠢᠭᠤᠯᠬᠤ ᠠᠵᠢᠯᠯᠠᠭ᠎ᠠ ᠨᠢ ᠪᠤᠳᠠᠳᠤ ᠤᠷᠴᠢᠨ ᠪᠣᠯᠣᠨ ᠰᠦᠯᠵᠢᠶᠡᠨ ᠤ ᠣᠶᠠᠯᠳᠤᠭ᠎ᠠ ᠶᠢ ᠠᠪᠴᠠᠯᠳᠣᠭᠤᠯᠵᠣ᠂ ᠳᠠᠮᠵᠢᠭᠤᠯᠬᠤ ᠠᠵᠢᠯᠯᠠᠭ᠎ᠠ ᠶᠢ ᠳᠦᠬᠦᠮ ᠠᠪᠰᠠᠷ | ᠶᠠᠪᠤᠭᠳᠠᠭᠤᠯᠤᠨ᠎ᠠ᠃ ᠢᠯᠡ ᠲᠤᠳᠤ᠂ ᠡᠷᠬᠡ ᠳᠡᠭᠰᠢ᠂ ᠳᠦᠪ ᠭᠤᠣᠯᠴᠢ ᠵᠠᠷᠴᠢᠮ ᠢᠶᠠᠷ ᠭᠠᠯ ᠪᠠᠮᠪᠠᠷᠴᠢᠨ ᠢ ᠰᠣᠩᠭᠤᠨ ᠰᠢᠯᠭᠠᠷᠠᠭᠤᠯᠬᠤ ᠠᠵᠢᠯ ᠢ ᠦᠷᠨᠢᠬᠦᠯᠦᠨ᠎ᠡ᠃ | | ᠭᠤᠴᠢᠨ ᠳᠠᠪᠣᠳᠣᠭᠠᠷ ᠵᠣᠷᠪᠣᠰ ᠭᠤᠣᠯᠯᠠᠨ ᠡᠷᠬᠢᠯᠡᠬᠦ ᠪᠠᠶᠢᠭᠤᠯᠣᠯᠭ᠎ᠠ᠂ ᠳᠠᠭᠠᠭᠠᠴᠢᠯᠠᠨ ᠡᠷᠬᠢᠯᠡᠬᠦ ᠪᠠᠶᠢᠭᠤᠯᠣᠯᠭ᠎ᠠ ᠨᠢ ᠪᠡᠶ᠎ᠡ ᠶᠢᠨ ᠳᠠᠮᠢᠷ ᠤᠨ ᠴᠣᠭᠯᠠᠭᠠᠨ ᠢ | ᠵᠣᠬᠢᠶᠠᠨ ᠪᠠᠶᠢᠭᠤᠯᠬᠤ ᠶᠠᠪᠣᠴᠠ ᠳᠣᠮᠳᠠ ᠭᠤᠣᠯ ᠰᠡᠳᠤᠪ ᠢᠶᠠᠨ ᠲᠤᠪᠤᠶᠢᠯᠭᠠᠭᠰᠠᠨ᠂ ᠡᠯᠪᠡᠭ ᠪᠠᠶᠠᠯᠢᠭ ᠬᠡᠯᠪᠡᠷᠢ ᠪᠦᠬᠦᠢ ᠦᠨᠳᠦᠰᠦᠳᠡᠨ ᠤ ᠪᠦᠯᠬᠦᠮᠳᠠᠯ | ᠲᠠᠪᠰᠢᠯᠳᠠ ᠶᠢᠨ ᠣᠬᠠᠭᠤᠯᠭ᠎ᠠ ᠬᠦᠮᠦᠵᠢᠯ ᠪᠠ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠠᠵᠢᠯᠯᠠᠭ᠎ᠠ ᠶᠢ ᠦᠷᠨᠢᠬᠦᠯᠵᠦ᠂ ᠡᠶ᠎ᠡ ᠨᠠᠶᠢᠷᠠᠮᠳᠠᠭᠤ ᠪᠦᠯᠬᠦᠮᠳᠡᠯ | ᠨᠢᠬᠳᠠᠷᠠᠯ ᠪᠣᠯᠣᠨ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠳᠡᠢ ᠪᠣᠢ ᠪᠣᠯᠭᠠᠨ᠎ᠠ᠃ |