ᠭᠡᠭᠡᠨ ᠭᠤᠣᠯ ᠬᠤᠲᠠ 2024 ᠣᠨ ᠳᠤ ᠠᠵᠢᠯ ᠦᠢᠯᠡᠰ ᠤᠨ ᠨᠢᠭᠡᠴᠢ ᠶᠢᠨ ᠰᠢᠨ᠎ᠡ ᠪᠠᠷ ᠤᠷᠢᠵᠤ ᠬᠡᠷᠡᠭᠯᠡᠭᠰᠡᠨ ᠠᠵᠢᠯᠲᠠᠨ ᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/12/31
   ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ‌‍ᠫᠢᠩ ᠤᠨ ᠺᠠᠳ᠋ᠷ ᠢ‌ᠡᠬᠢ ᠠᠴᠠ ᠨᠢ ᠬᠥᠮᠦᠵᠢᠭᠦᠯᠬᠦ ᠶᠢ ᠴᠢᠩᠭᠠᠳᠬᠠᠬᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 12 ᠰᠠᠷ᠎ᠠ ᠶᠢᠨ 16 ᠤ ᠡᠳᠦᠷ᠂ ᠬᠤᠳᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠠᠢ ᠬᠠᠮᠲᠤᠷᠠᠨ ᠭᠡᠭᠡᠨ ᠭᠤᠣᠯ ᠬᠤᠳᠠ ᠶᠢᠨ 2024 ᠣᠨ ᠤ ᠠᠵᠢᠯ ᠦᠢᠯᠡᠰ ᠤᠨ ᠨᠢᠭᠡᠴᠢ ᠶᠢᠨ ᠰᠢᠨ᠎ᠡ ᠪᠠᠷ ᠤᠷᠢᠵᠤ ᠬᠡᠷᠡᠭᠯᠡᠭᠰᠡᠨ ᠠᠵᠢᠯᠲᠠᠨ ᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠤᠨ ᠠᠩᠭᠢ ᠶᠢ ᠡᠷᠬᠢᠯᠡᠵᠠᠢ᠃ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠴᠢᠩ ᠴᠦᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠼᠤᠤ ᠴᠢᠩ ᠴᠦᠨ ᠡᠩ ᠲᠡᠷᠢᠭᠦᠨ ᠳᠤ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠪᠦᠬᠦ ᠬᠤᠳᠠ ᠶᠢᠨ ᠠᠵᠢᠯ ᠦᠢᠯᠡᠰ ᠤᠨ  ᠨᠢᠭᠡᠴᠢ ᠶᠢᠨ ᠰᠢᠨ᠎ᠡ ᠪᠠᠷ ᠤᠷᠢᠵᠤ ᠬᠡᠷᠡᠭᠯᠡᠭᠰᠡᠨ ᠠᠵᠢᠯᠲᠠᠳ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠪᠠ ᠭᠦᠨ ᠵᠤᠵᠠᠭᠠᠨ ᠬᠦᠰᠡᠯ ᠡᠷᠡᠮᠡᠯᠵᠡᠯ ᠢ ᠢᠯᠡᠳᠭᠡᠪᠡ᠃ ᠡᠭᠦᠨ ᠤ ᠬᠠᠮᠲᠤ᠂ ᠰᠢᠨ᠎ᠡ ᠪᠠᠷ ᠤᠷᠢᠵᠤ ᠬᠡᠷᠡᠭᠯᠡᠭᠰᠡᠨ ᠠᠵᠢᠯᠲᠠᠨ ᠳᠤ ᠴᠢᠩ ᠰᠡᠳᠬᠢᠯ ᠤᠨ ᠬᠦᠰᠡᠯ ᠡᠷᠡᠮᠡᠯᠵᠡᠯ ᠪᠠ ᠪᠣᠳᠠᠲᠠᠢ ᠱᠠᠭᠠᠷᠳᠠᠯᠭ᠎ᠠ ᠳᠤᠷᠠᠳᠪᠠ᠃ ᠨᠢᠭᠡ ᠳᠤ ᠂ ᠤᠯᠤᠰ ᠲᠦᠷᠦ ᠶᠢᠨ ᠵᠣᠭᠰᠣᠯᠲᠠ ᠪᠠᠨ  ᠪᠠᠳᠦᠤᠬᠠᠨ᠎ᠠ᠃ ᠡᠷᠬᠡᠪᠰᠢ ᠲᠤᠭ ᠲᠡᠮᠳᠡᠭ ᠲᠣᠳᠣᠷᠬᠠᠢ ᠪᠠᠷ ᠨᠠᠮ ᠢᠶᠠᠨ ᠳᠠᠭᠠᠵᠤ᠂ ᠡᠷᠡᠰ ᠭᠤᠶᠢᠪᠢᠰᠢ ᠦᠭᠡᠢ ᠪᠠᠷ ᠨᠠᠮ ᠤᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠥᠪᠡᠷ ᠤᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ᠨᠢᠭᠡᠴᠢ ᠶᠢᠨ ᠬᠥᠭᠵᠢᠯᠲᠡ ᠶᠢ ᠲᠤᠰ ᠪᠡᠶ᠎ᠡ ᠶᠢᠨ ᠦᠰᠦᠨ ᠪᠤᠶᠢᠵᠢᠯᠲᠠ ᠲᠠᠢ ᠨᠢᠭᠲᠠ ᠤᠶᠠᠯᠳᠤᠭᠤᠯᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠨᠡᠶᠢᠭᠡᠮ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠬᠤᠶᠠᠷ ᠲᠤ᠂ ᠠᠷᠠᠳ ᠲᠦᠮᠡᠨ ᠤ ᠬᠠᠶᠢᠷ᠎ᠠ ᠰᠡᠳᠬᠢᠯᠭᠡ ᠶᠢ ᠵᠤᠵᠠᠳᠬᠠᠨ᠎ᠠ᠃ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢᠨ ᠤᠬᠠᠮᠰᠠᠷ ᠢ ᠪᠠᠲᠤ ᠪᠤᠢ ᠪᠣᠯᠭᠠᠵᠤ᠂ ᠤᠬᠠᠮᠰᠠᠷ ᠠᠴᠠ ᠪᠠᠨ ᠠᠷᠠᠳ ᠲᠦᠮᠡᠨ ᠳᠤ ᠪᠤᠶᠠᠨ ᠦᠢᠯᠡᠳᠬᠦ  ᠬᠤᠪᠢ ᠨᠡᠮᠡᠷᠢ ᠦᠵᠡᠭᠦᠯᠦᠭᠴᠢ ᠪᠤᠯᠵᠤ᠂ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠤᠯᠠᠨ ᠲᠦᠮᠡᠨ ᠤ ᠠᠵᠢᠯ ᠢ ᠬᠢᠬᠦ ᠴᠢᠳᠠᠪᠤᠷᠢ ᠪᠠᠨ ᠳᠡᠭᠡᠭᠰᠢᠯᠡᠭᠦᠯᠵᠦ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠢᠢᠳᠪᠦᠷᠢᠯᠡᠬᠦ ᠬᠡᠷᠡᠭᠲᠡᠢ᠃ ᠭᠤᠷᠪᠠ ᠳᠤ᠂ ᠰᠢᠷᠭᠠᠭᠤ ᠰᠤᠷᠤᠯᠴᠠᠬᠤ ᠶᠢ ᠪᠠᠷᠢᠮᠲᠠᠯᠠᠨ᠎ᠠ᠃ ᠨᠠᠰᠤᠨ ᠲᠤᠷᠰᠢᠳᠠ ᠰᠤᠷᠤᠯᠴᠠᠬᠤ ᠣᠶᠢᠯᠠᠭᠠᠭᠳᠠᠬᠤᠨ ᠢ ᠪᠤᠢ ᠪᠣᠯᠭᠠᠵᠤ᠂ ᠲᠦᠷᠦ ᠶᠢᠨ ᠪᠤᠳᠤᠯᠭ᠎ᠠ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠦᠷᠭᠦᠯᠵᠢᠯᠡᠨ ᠭᠦᠨᠵᠡᠭᠡᠢ ᠣᠶᠢᠯᠠᠭᠠᠬᠤ ᠬᠡᠷᠡᠭᠲᠡᠢ᠃ ᠰᠣᠷᠣᠭᠰᠠᠨ ᠵᠦᠢᠯ ᠢᠶᠠᠨ ᠪᠣᠳᠠᠲᠠᠢ ᠠᠵᠢᠯ ᠤᠨ ᠳᠤᠮᠳᠠ ᠪᠠᠨ ᠭᠦᠢᠴᠡᠳ ᠬᠡᠷᠡᠭᠯᠡᠵᠦ᠂ ᠰᠤᠷᠤᠯᠴᠠᠯᠭ᠎ᠠ ᠪᠠᠷ ᠠᠵᠢᠯ ᠤᠨ ᠥᠷᠨᠢᠯᠲᠡ ᠶᠢ ᠠᠬᠢᠭᠤᠯᠵᠤ᠂ ᠮᠡᠳᠡᠬᠦ ᠢᠲᠡᠭᠡᠬᠦ ᠬᠢᠬᠦ ᠶᠢ ᠨᠢᠭᠡᠳᠭᠡᠵᠦ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠵᠡᠷᠭᠡᠪᠡᠷ ᠠᠳᠬᠤᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠲᠦᠷᠪᠡ ᠳᠤ᠂ ᠠᠵᠢᠯ ᠤᠨ ᠪᠠᠶᠢᠷᠢ ᠪᠠᠨ ᠬᠠᠶᠢᠷᠠᠯᠠᠨ ᠦᠢᠯᠡᠰ ᠢᠶᠠᠨ ᠳᠡᠭᠡᠳᠦᠯᠡᠬᠦ ᠬᠡᠷᠡᠭᠲᠡᠢ᠃ ᠠᠵᠢᠯ ᠳᠤ ᠪᠠᠨ ᠬᠠᠶᠢᠷᠠᠲᠠᠢ᠃ ᠠᠯᠢ ᠲᠦᠷᠭᠡᠨ ᠢᠶᠠᠷ ᠰᠢᠨ᠎ᠡ ᠠᠵᠢᠯ ᠤᠨ ᠣᠷᠴᠢᠨ ᠲᠣᠭᠤᠷᠢᠨ ᠳᠤ ᠵᠤᠬᠢᠴᠠᠵᠦ᠂ ᠠᠵᠢᠯ ᠤᠨ ᠳᠦᠷᠢ ᠳᠤ ᠣᠷᠣᠵᠤ᠂ ᠵᠠᠯᠠᠭᠤᠴᠤᠳ ᠤᠨ ᠴᠤᠭ ᠵᠢᠪᠬᠤᠭ᠎ᠠ ᠪᠠ ᠠᠮᠢᠵᠢᠷᠠᠯ ᠤᠨ ᠬᠦᠴᠦᠨ ᠢ ᠭᠦᠢᠴᠡᠳ ᠢᠯᠡᠷᠡᠭᠦᠯᠵᠦ᠂ ᠠᠵᠢᠯ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠵᠦ᠂ ᠠᠵᠢᠯ ᠤᠨ ᠡᠭᠦᠷᠭᠡ ᠪᠠᠨ ᠥᠨᠳᠥᠷ ᠪᠦᠲᠦᠮᠵᠢᠲᠡᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠲᠠᠪᠤ ᠳᠤ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠶᠢ ᠪᠠᠲᠤ ᠰᠠᠬᠢᠬᠤ ᠬᠡᠷᠡᠭᠲᠡᠢ᠃ ᠪᠢᠰᠢᠷᠡᠨ ᠵᠢᠷᠦᠬᠡᠰᠢᠶᠡᠬᠦ ᠶᠢ ᠮᠡᠳᠡᠵᠦ᠂ ᠬᠤᠷᠢᠭ᠎ᠠ ᠱᠤᠭᠤᠮ ᠢ ᠰᠠᠬᠢᠨ᠎ᠠ᠃ ᠴᠠᠭ ᠢᠮᠠᠭᠲᠠ ᠥᠪᠡᠷ ᠢ ᠪᠠᠨ ᠰᠡᠷᠡᠮᠵᠢᠯᠡᠭᠦᠯᠵᠦ᠂ ᠠᠷᠢᠭᠤᠨ ᠴᠢᠬᠡᠴᠢ ᠪᠠᠷ ᠠᠯᠪᠠᠨ ᠳᠤ ᠵᠢᠳᠬᠦᠵᠦ᠂ ᠬᠥᠮᠦᠨ ᠤ ᠠᠮᠢᠳᠤᠷᠠᠯ ᠭᠡᠬᠦ ᠡᠨᠡ ᠬᠦ ᠴᠢᠬᠤᠯᠠ ︽ᠠᠩᠬᠠᠨ ᠤ ᠲᠣᠪᠴᠢ︾ ᠶᠢ ᠰᠠᠶᠢᠲᠤᠷ ᠡᠵᠡᠮᠳᠡᠵᠦ᠂ ᠠᠵᠢᠯ ᠮᠡᠷᠭᠡᠵᠢᠯ ᠤᠨ ᠠᠮᠢᠳᠤᠷᠠᠯ ᠳᠤᠮᠳᠠ ᠯᠠᠪᠳᠠᠭᠤᠨ ᠢᠶᠠᠷ ᠬᠤᠯᠠ ᠠᠶᠠᠯᠠᠨ᠎ᠠ᠃    ᠲᠣᠰ ᠤᠳᠠᠭᠠᠨ ᠤ ᠪᠣᠯᠪᠠᠰᠤᠷᠠᠯ ᠪᠣᠯ ᠮᠠᠨ ᠤ ᠬᠤᠲᠠ ᠶᠢᠨ ᠠᠩᠬ᠎ᠠ ᠤᠳᠠᠭ᠎ᠠ ᠡᠷᠭᠢᠯᠡᠭᠰᠡᠨ ᠠᠵᠢᠯ ᠦᠢᠯᠡᠰ ᠤᠨ ᠨᠢᠭᠡᠴᠢ ᠶᠢᠨ ᠰᠢᠨ᠎ᠡ ᠪᠠᠷ ᠤᠷᠢᠵᠤ ᠬᠡᠷᠡᠭᠯᠡᠭᠰᠡᠨ ᠠᠵᠢᠯᠲᠠᠨ ᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠪᠣᠯᠤᠨ᠎ᠠ᠃ ᠪᠣᠯᠪᠠᠰᠤᠷᠠᠯ ᠨᠢ ᠭᠤᠤᠯᠳᠠᠭᠤ ᠲᠥᠪᠯᠡᠷᠡᠭᠦᠯᠦᠨ ᠬᠢᠴᠢᠶᠡᠯᠯᠡᠬᠦ᠂ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠬᠤ᠂ ᠲᠤᠬᠠᠶ ᠶᠢᠨ ᠲᠠᠯᠠᠪᠤᠷ ᠲᠤ ᠵᠢᠭᠠᠨ ᠰᠤᠷᠭᠠᠬᠤ ᠵᠡᠷᠭᠡ  ᠤᠶᠠᠯᠳᠤᠭᠤᠯᠤᠭᠰᠠᠨ ᠠᠷᠭ᠎ᠠ ᠮᠠᠶ᠋ᠢᠭ ᠢ ᠠᠪᠴᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ  ᠵᠢᠷᠤᠮᠲᠦ ᠦᠵᠡᠯ ᠰᠠᠨᠠᠭ᠎ᠠ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠨᠢᠭᠤᠴᠠ ᠶᠢ ᠬᠠᠮᠠᠭᠠᠯᠠᠬᠤ ᠬᠥᠮᠦᠵᠢᠯ᠂ ᠶᠣᠰᠣ ᠰᠤᠷᠲᠠᠬᠤᠨ ᠤ ᠦᠨᠡᠨᠴᠢ ᠢᠲᠡᠭᠡᠮᠵᠢ ᠶᠢᠨ ᠬᠥᠮᠦᠵᠢᠯ᠂ ᠠᠶᠤᠯᠭᠦᠶ ᠦᠢᠯᠡᠳᠪᠦᠷᠢᠯᠡᠯ ᠵᠡᠷᠭᠡ ᠲᠠᠯ᠎ᠠ ᠶᠢᠨ ᠠᠭᠤᠯᠭ᠎ᠠ ᠳᠤ ᠭᠤᠣᠯᠳᠠᠯᠭ᠎ᠠ ᠲᠠᠢ ᠪᠣᠯᠪᠠᠰᠤᠷᠠᠯ ᠥᠷᠨᠢᠭᠦᠯᠦᠨ᠎ᠡ᠃    ᠲᠣᠰ ᠤᠳᠠᠭᠠᠨ ᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ 1 ᠭᠠᠷᠠᠭ ᠶᠠᠪᠤᠭᠳᠠᠵᠤ᠂ ᠨᠡᠶᠢᠲᠡ 140 ᠬᠥᠮᠦᠨ ᠤᠷᠤᠯᠴᠠᠵᠠᠢ᠃
ᠢᠷᠡᠯᠲᠡ᠄ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠤᠷᠳᠤᠨ