ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ᠠᠴᠠ ᠣᠶᠢᠯᠠᠭᠠᠭᠰᠠᠨ ᠢᠶᠠᠷ᠂ ᠲᠦᠷᠦᠭᠦᠬᠡᠨ ᠶᠠᠪᠤᠭᠳᠠᠭᠰᠠᠨ 2023 ᠣᠨ ᠤ | ᠬᠠᠲᠤᠨ ᠭᠤᠣᠯ ᠳᠠᠭᠠᠤ ᠶᠢᠨ ᠶᠢᠰᠦᠨ ᠮᠤᠵᠢ ︵ᠣᠷᠣᠨ︶ ᠶᠢᠨ ᠰᠢ ᠵᠦᠴᠦᠭᠡ ᠶᠢᠨ ᠮᠡᠷᠭᠡᠵᠢᠯ ᠤᠨ ᠪᠤᠰᠤ ᠲᠣᠭᠯᠠᠭᠴᠢᠳ ᠤᠨ ᠦᠵᠡᠭᠦᠯᠭᠡ ᠶᠢᠨ ᠲᠤᠬᠯᠠᠯᠳᠠ ᠳᠤ | ᠮᠠᠨ ᠤ ᠣᠷᠣᠨ ᠤ ᠡᠯ ᠷᠧᠨ ᠲᠠᠢ ᠵᠦᠴᠦᠭᠡ ︽ᠮᠠᠯᠠᠭᠠᠢ ᠵᠢᠭᠡᠯᠡᠭᠰᠡᠨ ᠨᠢ︾ ᠨᠢ ᠪᠦᠭᠦ ᠲᠠᠯᠠᠪᠠᠶ ᠶᠢᠨ ᠬᠠᠮᠤᠭ ᠤᠨ ᠥᠨᠳᠥᠷ ᠬᠤᠪᠢ ᠪᠠᠷ ᠠᠯᠲᠠᠨ ᠱᠠᠩᠨᠠᠯ ᠪᠠ ᠰᠢ | ᠳᠠᠭᠤᠷᠢᠯᠢᠭ ᠤᠨ ᠰᠢᠯᠢᠳᠡᠭ ᠬᠠᠪᠰᠤᠷᠤᠨ ᠵᠢᠯᠣᠭᠤᠳᠤᠭᠴᠢ ᠶᠢᠨ ᠱᠠᠩᠨᠠᠯ ᠢ ᠭᠦᠷᠳᠡᠪᠡ᠃ | ᠲᠤᠰ ᠤᠳᠠᠭ᠎ᠠ ᠶᠢᠨ ᠤᠷᠤᠯᠳᠤᠭᠠᠨ ᠳᠤ 50 ᠭᠠᠷᠤᠢ ᠮᠡᠷᠭᠡᠵᠢᠯ ᠤᠨ ᠪᠤᠰᠤ ᠲᠣᠭᠯᠠᠭᠴᠢᠳ ᠣᠯᠠᠨ ᠲᠦᠷᠦᠯ ᠤᠨ ᠰᠢ ᠵᠦᠴᠦᠭᠡ ᠶᠢ ᠳᠠᠭᠤᠯᠠᠨ ᠲᠣᠭᠯᠠᠵᠤ᠂ | ᠰᠢ ᠵᠦᠴᠦᠭᠡ ᠶᠢᠨ ᠤᠷᠠᠯᠢᠭ ᠤᠨ ᠭᠤᠸ᠎ᠠ ᠰᠠᠶᠢᠬᠠᠨ ᠢ ᠮᠡᠳᠡᠷᠡᠭᠦᠯᠪᠡ᠃ ᠲᠤᠰᠬᠠᠢ ᠮᠡᠷᠭᠡᠵᠢᠯᠲᠡᠨ ᠤ ᠰᠢᠯᠭᠠᠷᠠᠭᠤᠯᠬᠤ ᠺᠣᠮᠢᠰ ᠤᠨ ᠵᠦᠴᠦᠭᠡ ᠶᠢᠨ ᠪᠦᠲᠦᠭᠡᠯ ᠢ | ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠮᠠᠨ ᠤ ᠣᠷᠣᠨ ᠤ ︽ᠮᠠᠯᠠᠭᠠᠢ ᠵᠢᠭᠡᠯᠡᠭᠰᠡᠨ ᠨᠢ︾ ᠭᠡᠬᠦ ᠡᠯ ᠷᠧᠨ ᠲᠠᠢ ᠵᠦᠴᠦᠭᠡ ᠶᠢ ᠳᠡᠭᠡᠳᠦ ᠬᠡᠮᠵᠢᠶ᠎ᠡ ᠪᠠᠷ ᠦᠨᠡᠯᠡᠭᠰᠡᠨ | ᠪᠥᠭᠡᠳ ᠰᠢᠯᠢᠳᠡᠭ ᠲᠤᠬᠯᠠᠯᠳᠠ ᠶᠢᠨ ᠲᠥᠯᠥᠭᠡᠯᠡᠭᠴᠢ ᠶᠢᠨ ᠬᠤᠪᠢ ᠪᠠᠷ ᠲᠤᠬᠠᠢ ᠶᠢᠨ ᠭᠠᠵᠠᠷ ᠤᠨ ᠰᠢ ᠵᠦᠴᠦᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ | ᠂ ᠰᠢ ᠵᠦᠴᠦᠭᠡ ᠶᠢ ᠦᠵᠡᠮᠵᠢ ᠶᠢᠨ ᠣᠷᠣᠨ ᠳᠤ ᠣᠷᠣᠭᠤᠯᠬᠤ ᠪᠠ ᠰᠢ ᠵᠦᠴᠦᠭᠡ ᠶᠢ ᠠᠭᠤᠳᠠᠮ ᠲᠠᠯᠠᠪᠠᠶ ᠳᠤ ᠳᠠᠭᠤᠯᠠᠬᠤ ᠵᠡᠷᠭᠡ ᠨᠡᠶᠢᠲᠡ ᠶᠢᠨ ᠠᠰᠠᠷᠠᠮᠵᠢ ᠶᠢᠨ | ᠲᠣᠬᠯᠠᠯᠲᠠ ᠳᠤ ᠣᠷᠣᠯᠴᠠᠭᠤᠯᠵᠤ᠂ ᠦᠵᠡᠭᠴᠢᠳ ᠤᠨ ᠪᠠᠭ᠋ᠠᠷᠬᠠᠯ ᠰᠠᠶᠢᠰᠢᠶᠠᠯ ᠢ ᠣᠯᠵᠠᠢ᠃ ᠲᠣᠰ ᠤᠳᠠᠭ᠎ᠠ ᠶᠢᠨ ᠠᠵᠢᠯᠯᠠᠭ᠎ᠠ ᠨᠢ ᠬᠠᠲᠤᠨ ᠭᠤᠣᠯ ᠳᠠᠭᠠᠤ ᠶᠢᠨ | ᠶᠢᠰᠦᠨ ᠮᠤᠵᠢ ︵ᠣᠷᠣᠨ︶ ᠶᠢᠨ ᠤᠯᠠᠮᠵᠢᠯᠠᠯᠲᠤ ᠰᠢ ᠵᠦᠴᠦᠭᠡ ᠶᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ᠂ ᠰᠢᠨ᠎ᠡ ᠶᠢ ᠡᠭᠦᠳᠬᠦ ᠪᠠ ᠬᠥᠭᠵᠢᠭᠦᠯᠬᠦ | ᠲᠠᠯ᠎ᠠ ᠪᠠᠷ ᠬᠢ ᠰᠢᠯᠢᠳᠡᠭ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠳᠤᠮᠳᠠᠳᠤ ᠶᠢᠨ ᠰᠢ ᠵᠦᠴᠦᠭᠡ ᠶᠢᠨ ᠰᠣᠶᠣᠯ ᠢ ᠤᠯᠠᠮᠵᠢᠯᠠᠨ ᠳᠡᠯᠭᠡᠷᠡᠭᠦᠯᠬᠦ ᠶᠢ ᠬᠦᠴᠦᠲᠡᠢ | ᠠᠬᠢᠭᠤᠯᠤᠨ᠂ ᠣᠷᠣᠨ ᠪᠦᠰᠡ ᠶᠢᠨ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠬᠠᠲᠤᠨ ᠭᠤᠣᠯ ᠤᠨ ᠰᠣᠶᠣᠯ ᠤᠨ ᠴᠠᠭ ᠦᠶ᠎ᠡ ᠶᠢᠨ ᠦᠨ᠎ᠡ | ᠥᠷᠲᠡᠭ ᠢ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠬᠠᠲᠤᠨ ᠭᠤᠣᠯ ᠤᠨ ᠮᠠᠭᠲᠠᠭᠠᠯ ᠳᠠᠭᠤᠤ ᠶᠢ ᠬᠠᠩᠭᠢᠨᠠᠭᠤᠯᠤᠭᠰᠠᠨ ᠪᠠᠶᠢᠨ᠎ᠠ᠃ |