ᠳᠣᠷᠣᠨᠠᠳᠠᠬᠢᠨ ᠥᠷᠥᠨᠡᠳᠠᠬᠢᠨ ᠤ ᠳᠠᠭᠤᠤ ᠬᠥᠭᠵᠢᠮ ᠤᠨ ᠬᠡᠪ ᠨᠠᠮᠪᠠ ᠶᠢ ᠠᠭᠤᠰᠤᠯᠴᠠᠭᠤᠯᠤᠭᠰᠠᠨ ᠳᠠᠭᠤᠤ ᠬᠥᠭᠵᠢᠮ ᠤᠨ ᠦᠪᠡᠳᠡᠭᠰᠢ ᠴᠤᠭᠯᠠᠭᠠᠨ | ᠦᠵᠡᠭᠴᠢᠳ ᠢᠶᠠᠨ ᠪᠠᠶᠠᠰᠬᠠᠯ᠎ᠠ᠃ ᠣᠷᠴᠢᠮᠬᠠᠨ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠨᠠᠶᠢᠷᠠᠯ ᠬᠥᠭᠵᠢᠮ ᠤᠨ ᠪᠦᠯᠭᠦᠮ ᠪᠣᠯᠣᠨ ᠥᠪᠥᠷ | ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠦᠨᠳᠦᠰᠦᠲᠡᠨ ᠤ ᠬᠥᠭᠵᠢᠮ ᠤᠨ ᠪᠦᠯᠭᠦᠮ ᠬᠠᠮᠲᠤᠷᠠᠨ ᠭᠦᠭᠡᠬᠤᠳᠠ ᠳᠤ ︽ᠳᠣᠷᠣᠨᠠᠲᠤ ᠥᠷᠥᠨᠡᠲᠦ ᠶᠢᠨ | ᠴᠤᠭᠯᠠᠭᠠᠨ︾ ᠨᠠᠶᠢᠷᠠᠯ ᠬᠥᠭᠵᠢᠮ ᠤᠨ ᠦᠳᠡᠰᠢᠯᠡᠭᠡ ᠶᠢ ᠡᠷᠭᠢᠯᠡᠨ ᠶᠠᠪᠤᠭᠳᠠᠭᠤᠯᠵᠤ᠂ ᠠᠳᠠᠯᠢ ᠪᠤᠰᠤ ᠭᠠᠵᠠᠷ᠂ ᠠᠳᠠᠯᠢ ᠪᠤᠰᠤ ᠦᠨᠳᠦᠰᠦᠲᠡᠨ ᠤ ᠬᠥᠭᠵᠢᠮ ᠤᠨ | ᠠᠭᠤᠰᠤᠯᠴᠠᠯ ᠪᠠ ᠬᠠᠶᠢᠨ ᠰᠦᠪᠡᠭᠴᠢᠯᠡᠯᠲᠡ ᠶᠢ ᠠᠮᠵᠢᠯᠲᠠ ᠲᠠᠢ ᠲᠤᠷᠰᠢᠵᠠᠢ᠃ | ᠨᠠᠶᠢᠷᠠᠯ ᠬᠥᠭᠵᠢᠮ ᠤᠨ ᠦᠳᠡᠰᠢᠯᠡᠭᠡ ᠶᠢ ᠠᠯᠳᠠᠷᠲᠤ ᠤᠳᠤᠷᠢᠳᠤᠭᠠᠴᠢ ᠪᠢᠶᠠᠨ ᠽᠦ ᠱᠠᠨ᠂ ᠡᠷᠳᠡᠮᠳᠦ ᠬᠠᠮᠲᠤ ᠪᠠᠷ ᠤᠳᠤᠷᠢᠳᠴᠤ᠂ ᠦᠳᠡᠰᠢᠯᠡᠭᠡ ᠶᠢᠨ ᠡᠬᠢᠨ | ᠳᠤ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠨᠠᠶᠢᠷᠠᠯ ᠬᠥᠭᠵᠢᠮ ᠤᠨ ᠪᠦᠯᠭᠦᠮ ︽ᠳᠤᠷᠠᠰᠤᠮᠵᠢ︾ ᠭᠡᠬᠦ ᠪᠦᠲᠦᠭᠡᠯ ᠢ ᠬᠥᠭᠵᠢᠮᠳᠡᠵᠦ᠂ | ᠳᠠᠷᠠᠭ᠎ᠠ ᠨᠢ ᠬᠤᠶᠠᠷ ᠬᠥᠭᠵᠢᠮ ᠤᠨ ᠪᠦᠯᠭᠦᠮ ᠬᠠᠮᠲᠤᠷᠠᠨ ︽ᠠᠯᠤᠰ ᠤᠨ ᠬᠥᠳᠡᠭᠡ︾᠂ ︽ᠮᠣᠩᠭᠤᠯ ᠮᠣᠷᠢ︾᠂ ︽ᠲᠠᠯ᠎ᠠ ᠶᠢᠨ ᠤᠶᠠᠩᠭ᠎ᠠ︾ ᠵᠡᠷᠭᠡ ᠤᠮᠠᠷᠠᠲᠤ | ᠬᠢᠯᠢ ᠶᠢᠨ ᠣᠨᠴᠠᠯᠢᠭ ᠲᠠᠢ ᠠᠶ᠎ᠠ ᠶᠢ ᠬᠥᠭᠵᠢᠮᠳᠡᠵᠦ᠂ ᠦᠵᠡᠭᠴᠢ ᠤᠯᠠᠨ ᠢᠶᠠᠨ ᠰᠡᠳᠬᠢᠯ ᠭᠡᠬᠢᠯᠵᠡᠭᠦᠯᠵᠦ᠂ ᠦᠳᠡᠰᠢᠯᠡᠭᠡ ᠶᠢ ᠤᠯᠠᠮ ᠬᠥᠭᠵᠢᠭᠡᠪᠡ᠃ | ᠦᠳᠡᠰᠢᠯᠡᠭᠡ ᠶᠢᠨ ᠰᠡᠭᠦᠯ ᠤᠨ ᠬᠠᠭᠠᠰ ᠳᠠᠯᠠᠪᠠᠢ ᠳᠤ ︽ᠳᠣᠷᠣᠨ᠎ᠠ ᠦᠷᠦᠨ᠎ᠠ ᠶᠢᠨ ᠨᠠᠶᠢᠷᠠᠯ ᠬᠥᠭᠵᠢᠮ︾ ᠢ ᠬᠠᠮᠲᠤᠷᠠᠨ ᠬᠥᠭᠵᠢᠮᠳᠡᠵᠦ᠂ ᠳᠠᠭᠤᠤ ᠬᠥᠭᠵᠢᠮ ᠤᠨ | ᠭᠠᠶᠢᠬᠠᠮᠰᠢᠭ ᠢ ᠬᠠᠷᠠᠭᠤᠯᠵᠠᠢ᠃ ︽ᠦᠳᠡᠰᠢᠯᠡᠭᠡ ᠶᠡᠭᠡ ᠭᠤᠶᠤ ᠪᠣᠯᠣᠯ᠎ᠠ᠂ ᠥᠪᠥᠷ ᠮᠣᠩᠭᠤᠯ ᠤᠨ ᠣᠨᠴᠠᠯᠢᠭ ᠲᠠᠢ ᠦᠨᠳᠦᠰᠦᠲᠡᠨ ᠤ ᠳᠠᠭᠤᠤ ᠬᠥᠭᠵᠢᠮ ᠪᠣᠯᠣᠨ | ᠥᠷᠥᠨᠡᠳᠠᠬᠢᠨ ᠤ ᠨᠠᠶᠢᠷᠠᠯ ᠬᠥᠭᠵᠢᠮ ᠢ ᠠᠭᠤᠰᠤᠯᠴᠠᠭᠤᠯᠤᠨ ᠬᠥᠭᠵᠢᠮᠳᠡᠭᠰᠡᠨ ᠨᠢ ᠶᠡᠭᠡ ᠡᠪᠲᠡᠢ ᠪᠠᠶᠢᠵᠤ᠂ ᠠᠮᠵᠢᠯᠲᠠ ᠲᠠᠢ ᠲᠤᠷᠰᠢᠴᠠ ᠬᠢᠭᠰᠡᠨ ᠭᠡᠵᠦ ᠪᠤᠳᠤᠵᠦ | ᠪᠠᠶᠢᠨ᠎ᠠ︾ ᠭᠡᠵᠦ ᠦᠵᠡᠭᠴᠢ ᠭᠤᠤ ᠠᠪᠠᠭ᠋ᠠᠢ ᠬᠡᠯᠡᠨ᠎ᠡ᠃ | ᠲᠤᠰ ᠦᠳᠡᠰᠢᠯᠡᠭᠡ ᠳᠤ ᠥᠪᠥᠷ ᠮᠣᠩᠭᠤᠯ ᠤᠨ ᠨᠠᠶᠢᠷᠠᠯ ᠬᠥᠭᠵᠢᠮ ᠤᠨ ᠪᠦᠯᠭᠦᠮ ᠪᠣᠯᠣᠨ ᠦᠨᠳᠦᠰᠦᠲᠡᠨ ᠤ ᠨᠠᠶᠢᠷᠠᠯ ᠬᠥᠭᠵᠢᠮ ᠤᠨ ᠪᠦᠯᠭᠦᠮ ᠠᠩᠬᠠᠳᠠᠭᠴᠢ | ᠤᠳᠠᠭ᠎ᠠ ᠡᠷᠡᠦ ᠬᠤᠭᠤᠷ ᠪᠠ ᠮᠣᠷᠢᠨ ᠬᠤᠭᠤᠷ᠂ ᠲᠠᠲᠠᠭᠤᠷ ᠪᠦᠷᠢᠶ᠎ᠡ ᠪᠠ ᠪᠦᠷᠢᠶ᠎ᠡ᠂ ᠪᠢᠯᠠᠷ ᠪᠠ ᠬᠤᠯᠤᠰᠤᠨ ᠯᠢᠮᠪᠦ ᠵᠡᠷᠭᠡ ᠳᠣᠷᠣᠨᠠᠲᠤ ᠥᠷᠥᠨᠡᠲᠦ ᠶᠢᠨ | ᠬᠥᠭᠵᠢᠮᠳᠡᠭᠦᠷ ᠢ ᠠᠭᠤᠰᠤᠯᠴᠠᠭᠤᠯᠤᠨ ᠬᠥᠭᠵᠢᠮᠳᠡᠵᠦ᠂ ᠨᠢᠭᠡ ᠵᠦᠢᠯ ᠤᠨ ᠴᠣ ᠰᠢᠨ᠎ᠡ ᠮᠥᠷᠲᠡᠭᠡᠨ ᠠᠭᠤᠰᠤᠯᠴᠠᠭᠰᠠᠨ ᠰᠦᠷ ᠳᠠᠯᠠᠶᠢᠴᠠᠲᠠᠢ ᠬᠥᠭᠵᠢᠮ ᠤᠨ ᠲᠠᠪᠴᠠᠩ | ᠢ ᠴᠣᠭᠴᠠᠯᠠᠵᠠᠢ᠃ ︽ᠠᠳᠠᠯᠢ ᠪᠤᠰᠤ ᠬᠡᠪ ᠨᠠᠮᠪᠠ ᠲᠠᠢ ᠬᠤᠶᠠᠷ ᠬᠥᠭᠵᠢᠮ ᠤᠨ ᠪᠦᠯᠭᠦᠮ ᠠᠩᠬ᠎ᠠ ᠤᠳᠠᠭ᠎ᠠ ᠬᠠᠮᠲᠤᠷᠠᠭᠰᠠᠨ ᠳᠠᠭᠤᠤ ᠬᠥᠭᠵᠢᠮ ᠤᠨ | ᠦᠳᠡᠰᠢᠯᠡᠭᠡ ᠪᠠᠷ ᠳᠡᠮᠵᠢᠨ ᠳᠣᠷᠣᠨᠠᠳᠠᠬᠢᠨ ᠥᠷᠥᠨᠡᠳᠠᠬᠢᠨ ᠤ ᠳᠠᠭᠤᠤ ᠬᠥᠭᠵᠢᠮ ᠤᠨ ᠠᠭᠤᠰᠤᠯᠴᠠᠯ ᠪᠠ ᠮᠥᠷᠭᠦᠯᠳᠦᠯ ᠢ ᠬᠠᠷᠠᠭᠤᠯᠪᠠ᠃ ᠡᠨᠡ ᠨᠢ ᠮᠥᠨ ᠴᠦ ᠨᠢᠭᠡ | ᠵᠦᠢᠯ ᠤᠨ ᠰᠣᠶᠣᠯ ᠤᠨ ᠲᠠᠯ᠎ᠠ ᠪᠠᠷ ᠬᠢ ᠬᠠᠶᠢᠨ ᠰᠦᠪᠡᠭᠴᠢᠯᠡᠯᠲᠡ ᠪᠠ ᠰᠢᠨ᠎ᠡ ᠡᠭᠦᠳᠦᠯᠲᠡ ᠪᠣᠯᠣᠨ᠎ᠠ︾ ᠭᠡᠵᠦ ᠥᠪᠥᠷ ᠮᠣᠩᠭᠤᠯ ᠤᠨ ᠤᠷᠠᠯᠢᠭ ᠵᠦᠴᠦᠭᠡ ᠶᠢᠨ | ᠬᠦᠷᠢᠶᠡᠯᠡᠩ ᠤᠨ ᠤᠷᠠᠯᠢᠭ ᠤᠨ ᠶᠡᠷᠦᠩᠬᠡᠢ ᠬᠢᠨᠠᠭᠴᠢ ᠡᠷᠳᠡᠮᠳᠦ ᠬᠡᠯᠡᠵᠦ ᠪᠠᠶᠢᠯ᠎ᠠ᠃ |