︽ᠲᠠᠪᠤᠨ ᠲᠠᠩᠰᠤᠬ︾ ᠪᠠᠭᠠᠴᠤᠳ ᠤᠨ ᠨᠠᠶᠢᠷᠠᠯ ᠳᠠᠭᠤᠤ ᠶᠢᠨ ᠪᠦᠯᠭᠦᠮ ᠪᠦᠭᠦ ᠤᠯᠤᠰ ᠤᠨ ᠲᠤᠬᠯᠠᠯᠳᠠ ᠳᠤ ᠣᠷᠣᠯᠴᠠᠪᠠ
ᠨᠡᠶᠢᠲᠡᠯᠡᠭᠰᠡᠨ ᠴᠠᠭ᠄
2024/12/5
    ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠠᠴᠠ ᠣᠶᠢᠯᠠᠭᠠᠭᠰᠠᠨ ᠢᠶᠠᠷ᠂ ᠲᠦᠷᠦᠭᠦᠬᠡᠨ ᠶᠠᠪᠤᠭᠳᠠᠭᠰᠠᠨ ︽ᠬᠡᠦᠬᠡᠳ ᠤᠨ ᠳᠠᠭᠤᠤ ᠠᠶᠠᠯᠭᠤ  ᠳᠠᠬᠢ ᠳᠤᠮᠳᠠᠳᠤ ᠤᠯᠤᠰ︾ ᠪᠦᠭᠦ ᠤᠯᠤᠰ ᠤᠨ ᠪᠠᠭᠠᠴᠤᠳ ᠬᠡᠦᠬᠡᠳ ᠤᠨ ᠨᠠᠶᠢᠷᠠᠯ ᠳᠠᠭᠤᠤ ᠶᠢᠨ ᠲᠤᠬᠯᠠᠯᠲᠠ ᠶᠢᠨ ᠠᠵᠢᠯᠯᠠᠭ᠎ᠠ ᠳᠤ ᠮᠠᠨ ᠤ ᠣᠷᠣᠨ ᠤ ᠬᠥᠯᠥᠨ ᠪᠤᠶᠢᠷ ᠬᠤᠳᠠ ᠶᠢᠨ ︽ᠲᠠᠪᠤᠨ ᠲᠠᠩᠰᠤᠬ︾ ᠪᠠᠭᠠᠴᠤᠳ ᠤᠨ ᠨᠠᠶᠢᠷᠠᠯ ᠳᠠᠭᠤᠤ ᠶᠢᠨ ᠪᠦᠯᠭᠦᠮ ᠤᠷᠤᠯᠴᠠᠵᠤ ᠮᠠᠰᠢ ᠰᠠᠶᠢᠨ ᠲᠤᠰᠬᠠᠯ ᠭᠠᠷᠭᠠᠭᠰᠠᠨ ᠪᠠᠶᠢᠨ᠎ᠠ᠃     ︽ᠲᠠᠪᠤᠨ ᠲᠠᠩᠰᠤᠬ︾ ᠪᠠᠭᠠᠴᠤᠳ ᠤᠨ ᠨᠠᠶᠢᠷᠠᠯ ᠳᠠᠭᠤᠤ ᠶᠢᠨ ᠪᠦᠯᠭᠦᠮ ᠤᠨ ᠬᠢᠨ ᠮᠣᠩᠭᠤᠯ ᠬᠢᠲᠠᠳ ᠬᠤᠣᠰ ᠭᠡᠯᠡ ᠪᠠᠷ ︽ᠨᠡᠯᠦᠭᠡᠷ ᠠᠭᠤᠳᠠᠮ ᠴᠡᠯᠡᠭᠡᠷ ᠲᠠᠯ᠎ᠠ︾ ᠪᠣᠯᠣᠨ ︽ᠥᠨᠳᠥᠷ ᠰᠦᠷᠯᠢᠭ ᠬᠢᠩᠭᠠᠨ ᠳᠠᠪᠠᠭ᠎ᠠ︾ ᠭᠡᠬᠦ ᠬᠤᠶᠠᠷ ᠠᠶ᠎ᠠ ᠳᠠᠭᠤᠤ ᠳᠠᠭᠠᠨ ᠮᠣᠷᠢᠨ ᠬᠤᠭᠤᠷ ᠤᠨ ᠬᠥᠭᠵᠢᠮ᠂ ᠪᠥᠵᠢᠭ ᠬᠠᠪᠰᠤᠷᠭᠠᠵᠤ᠂ ᠲᠠᠯ᠎ᠠ ᠨᠤᠲᠤᠭ ᠤᠨ ᠥᠷᠭᠡᠨ ᠠᠭᠤᠳᠠᠮ ᠪᠠ ᠶᠡᠭᠡ ᠬᠢᠩᠭᠠᠨ ᠳᠠᠪᠠᠭ᠎ᠠ ᠶᠢᠨ ᠰᠦᠷᠯᠢᠭ ᠰᠠᠶᠢᠬᠠᠨ ᠵᠢᠴᠢ ᠬᠥᠯᠥᠨ ᠪᠤᠶᠢᠷ ᠤᠨ ᠦᠨᠳᠦᠰᠦᠲᠡᠨ ᠨᠦᠭᠦᠳ ᠤᠨ ᠵᠠᠩ ᠦᠢᠯᠡ ᠶᠢ ᠪᠦᠭᠦ ᠲᠠᠯ᠎ᠠ ᠪᠠᠷ ᠳᠡᠯᠭᠡᠨ ᠦᠵᠡᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠥᠩᠭᠡ ᠦᠵᠡᠮᠵᠢ᠂ ᠵᠣᠯ ᠵᠢᠷᠭᠠᠯ᠂ ᠠᠮᠤᠷ ᠲᠠᠶᠢᠪᠤᠩ ᠢ ᠪᠦᠭᠦ ᠤᠯᠤᠰ ᠤᠨ ᠲᠠᠶᠢᠰᠠᠨ᠎ᠠ ᠢᠯᠡᠷᠡᠭᠦᠯᠪᠡ᠃     ᠣᠶᠢᠯᠠᠭᠠᠭᠰᠠᠨ ᠢᠶᠠᠷ᠂ ︽ᠲᠠᠪᠤᠨ ᠲᠠᠩᠰᠤᠬ︾ ᠪᠠᠭᠠᠴᠤᠳ ᠤᠨ ᠨᠠᠶᠢᠷᠠᠯ ᠳᠠᠭᠤᠤ ᠶᠢᠨ ᠪᠦᠯᠭᠦᠮ 2006 ᠣᠨ ᠳᠤ ᠪᠠᠶᠢᠭᠤᠯᠤᠭᠳᠠᠵᠤ᠂ 18 ᠵᠢᠯ ᠤᠨ ᠲᠤᠷᠰᠢ᠂ ᠪᠦᠭᠦ ᠤᠯᠤᠰ ᠤᠨ ᠴᠠᠭᠠᠨ ᠰᠠᠷ᠎ᠠ ᠶᠢᠨ ᠦᠳᠡᠰᠢᠯᠡᠭᠡ ᠳᠤ ᠬᠤᠶᠠᠷᠲᠠ ᠤᠷᠢᠭᠳᠠᠵᠤ᠂ ᠣᠷᠣᠰ᠂ ᠠᠮᠧᠷᠢᠺᠠ᠂ ᠮᠣᠩᠭᠤᠯ ᠤᠯᠤᠰ ᠭᠦᠷᠳᠡᠯ᠎ᠡ ᠲᠣᠭᠯᠠᠵᠤ᠂ ᠣᠳᠣᠬᠠᠨ ᠪᠤᠯᠲᠠᠯ᠎ᠠ ᠨᠢᠭᠡᠨᠲᠡ 200 ᠭᠠᠷᠤᠢ ᠲᠣᠮᠣ ᠳᠤᠮᠳᠠ ᠭᠡᠯᠪᠡᠷᠢ ᠶᠢᠨ ᠲᠣᠬᠯᠠᠯᠲᠠ ᠳᠤ ᠣᠷᠣᠯᠴᠠᠬᠰᠠᠨ ᠪᠠᠶᠢᠨ᠎ᠠ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ