ᠳᠠᠭᠤᠯᠠᠯᠳᠤ ᠵᠦᠴᠦᠭᠡ ︽ᠠᠷᠠᠳ ᠤᠨ ᠵᠢᠱᠢᠶᠡᠴᠢ ᠳᠦᠭᠦ᠋ᠢᠮ᠎ᠠ︾ ᠶᠢ ᠪᠡᠭᠡᠵᠢᠩ ᠳᠤ ᠠᠩᠬ᠎ᠠ ᠲᠣᠭᠯᠠᠪᠠ
ᠨᠡᠶᠢᠲᠡᠯᠡᠭᠰᠡᠨ ᠴᠠᠭ᠄
2024/12/5
   ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠠᠭᠠᠨᠮᠥ᠋ᠴᠢᠷ ᠤᠨ ᠵᠣᠬᠢᠶᠠᠨ ᠪᠦᠲᠦᠭᠡᠭᠰᠡᠨ ᠳᠠᠭᠤᠯᠠᠯᠳᠤ ᠵᠦᠴᠦᠭᠡ ︽ᠠᠷᠠᠳ ᠤᠨ ᠵᠢᠱᠢᠶᠡᠴᠢ ᠳᠦᠭᠦ᠋ᠢᠮ᠎ᠠ︾  ᠶᠢ ᠲᠦᠷᠦᠭᠦᠬᠡᠨ ᠪᠡᠭᠡᠵᠢᠩ ᠤᠨ ᠦᠨᠳᠦᠰᠦᠲᠡᠨ ᠤ ᠰᠣᠶᠣᠯ ᠤᠨ ᠣᠷᠳᠣᠨ ᠳᠤ ᠲᠣᠭᠯᠠᠵᠤ᠂ ᠳᠠᠭᠤᠯᠠᠯᠳᠤ ᠵᠦᠴᠦᠭᠡ ᠶᠢᠨ ᠭᠡᠯᠪᠡᠷᠢ ᠪᠠᠷ ︽ᠭᠤᠷᠪᠠᠨ ᠮᠢᠩᠭᠠᠨ ᠥᠨᠥᠴᠢᠨ ᠬᠡᠦᠬᠡᠳ ᠢ ᠦᠷᠡᠴᠢᠯᠡᠨ ᠲᠡᠵᠢᠭᠡᠭᠰᠡᠨ︾ ᠳᠠᠭᠤᠷᠢᠰᠬᠠᠯᠲᠠᠢ ᠰᠠᠶᠢᠬᠠᠨ ᠲᠡᠦᠬᠡ ᠶᠢ ᠠᠮᠢᠳᠤᠯᠢᠭ ᠢᠶᠠᠷ ᠰᠡᠷᠭᠦᠭᠡᠨ᠂ ᠨᠡᠶᠢᠰᠯᠡᠯ ᠤᠨ ᠦᠵᠡᠭᠴᠢᠳ ᠲᠤ ᠬᠦᠷᠭᠡᠭᠰᠡᠨ ᠪᠠᠶᠢᠨ᠎ᠠ᠃     ᠵᠦᠴᠦᠭᠡ ᠨᠢ ᠲᠣᠩᠭᠤᠷᠤᠤ ᠲᠣᠭᠠᠴᠢᠯᠲᠠ ᠶᠢᠨ ᠭᠡᠯᠪᠡᠷᠢ ᠪᠠᠷ ᠳᠦᠭᠦ᠋ᠢᠮ᠎ᠠ ᠶᠢᠨ ᠤᠯᠤᠰ ᠤᠨ ᠬᠡᠦᠬᠡᠳ ᠢ ᠥᠰᠬᠡᠨ ᠬᠥᠮᠥᠵᠢᠭᠦᠯᠦᠭᠰᠡᠨ ᠠᠭᠤᠤ ᠶᠡᠭᠡ ᠡᠬᠡ ᠶᠢᠨ ᠬᠠᠶᠢᠷ᠎ᠠ ᠶᠢ ᠪᠦᠭᠦ ᠦᠵᠡᠭᠳᠡᠯ ᠢᠶᠠᠷ ᠨᠢ ᠵᠢᠷᠤᠭᠯᠠᠪᠠ᠃ ︽ᠲᠣᠭᠯᠠᠭᠴᠢᠳ ᠤᠨ ᠣᠷᠭᠢᠯᠤᠮ᠎ᠠ ᠰᠡᠳᠬᠢᠯᠭᠡ ᠲᠠᠢ ᠲᠤᠬᠯᠠᠯᠳᠠ᠂ ᠨᠠᠷᠢᠯᠢᠭ ᠰᠠᠶᠢᠬᠠᠨ ᠦᠵᠡᠮᠵᠢ ᠪᠠᠶᠢᠳᠠᠯ ᠪᠣᠯᠣᠨ ᠵᠦᠴᠦᠭᠡ ᠶᠢᠨ ᠦᠢᠯᠡ ᠶᠠᠪᠤᠳᠠᠯ ᠨᠢ ᠲᠡᠷᠡ ᠬᠦ ᠪᠡᠷᠬᠡ ᠬᠠᠲᠠᠭᠤᠵᠢᠯᠲᠠᠢ ᠴᠠᠭ ᠦᠶ᠎ᠡ ᠶᠢ ᠢᠯᠡᠷᠡᠭᠦᠯᠵᠦ᠂ ᠳᠦᠭᠦ᠋ᠢᠮ᠎ᠠ ᠡᠵᠢ ᠨᠠᠮ ᠤᠨ ᠢᠶᠠᠨ ᠲᠥᠯᠥᠭᠡ ᠠᠯᠢᠪᠠ ᠪᠠᠨ ᠵᠣᠷᠢᠭᠤᠯᠤᠨ᠂ ᠬᠠᠷᠠᠮ ᠦᠭᠡᠢ ᠵᠢᠳᠬᠦᠭᠰᠡᠨ ᠡᠬᠡ ᠣᠷᠣᠨᠴᠢ ᠬᠠᠶᠢᠷ᠎ᠠ ᠰᠡᠳᠬᠢᠯᠭᠡ ᠨᠢ ᠨᠠᠮ᠎ᠠ ᠶᠢ ᠮᠠᠰᠢ ᠶᠡᠭᠡ ᠲᠤᠬᠳᠤᠯᠤᠭᠤᠯᠤᠬᠰᠠᠨ ᠠ᠋︾ ᠭᠡᠵᠦ ᠨᠡᠶᠢᠰᠯᠡᠯ ᠤᠨ ᠦᠵᠡᠭᠴᠢ ᠶᠠᠩ ᠬᠤᠩ ᠶᠠᠨ ᠬᠡᠯᠡᠪᠡ᠃ ᠲᠣᠬᠯᠠᠯᠲᠠ ᠳᠠᠭᠤᠰᠤᠭᠰᠠᠨ ᠤ ᠳᠠᠷᠠᠭ᠎ᠠ ᠠᠬᠤᠢ ᠲᠠᠯᠠᠪᠠᠢ ᠶᠢᠨ ᠦᠵᠡᠭᠴᠢᠳ ᠠᠮᠠ ᠠᠮᠠᠨ ᠳᠠᠭᠠᠨ ᠮᠠᠭᠲᠠᠨ ᠰᠠᠶᠢᠰᠢᠶᠠᠵᠤ᠂ ᠠᠯᠠᠭ᠎ᠠ ᠲᠡᠰᠢᠯᠲᠡ ᠶᠢᠨ ᠳᠠᠭᠤᠨ ᠤᠳᠠᠲᠠᠯ᠎ᠠ ᠦᠷᠭᠦᠯᠵᠢᠯᠡᠯ᠎ᠡ᠃ ︽ᠵᠣᠬᠢᠶᠠᠨ ᠪᠦᠲᠦᠭᠡᠬᠦ ᠶᠠᠪᠤᠴᠠ ᠳᠤ ᠪᠢᠳᠡ ᠳᠦᠭᠦ᠋ᠢᠮ᠎ᠠ ᠡᠵᠢ ᠲᠠᠢ ᠣᠯᠠᠨᠲᠠ ᠠᠭᠤᠯᠵᠠᠪᠠ᠃ ᠮᠠᠲ᠋ᠧᠷᠢᠶᠠᠯ ᠴᠤᠭᠯᠠᠭᠤᠯᠬᠤ ᠳᠤᠮᠳᠠ ᠲᠡᠭᠦᠨ ᠤ ᠬᠡᠩᠰᠢᠨ ᠳᠠᠭᠤᠯᠠᠭᠰᠠᠨ ᠨᠢᠭᠡ ᠪᠠᠳᠠᠭ ᠳᠠᠭᠤᠤ ᠪᠠᠷ ᠭᠤᠣᠯ ᠰᠢᠵᠢᠮ ᠪᠣᠯᠭᠠᠨ᠂ ᠳᠠᠭᠤᠤ ᠬᠥᠭᠵᠢᠮ ᠪᠠ ᠪᠥᠵᠢᠭ ᠢ ᠤᠶᠠᠯᠳᠤᠭᠤᠯᠬᠤ ᠠᠷᠭ᠎ᠠ ᠭᠡᠯᠪᠡᠷᠢ ᠪᠠᠷ ᠦᠨᠳᠦᠰᠦᠲᠡᠨ ᠤ ᠪᠦᠯᠬᠦᠮᠳᠡᠯ ᠤᠨ ᠥᠯᠢᠭᠡᠷ ᠢ ᠶᠠᠷᠢᠵᠤ᠂ ᠦᠵᠡᠭᠴᠢᠳ ᠲᠤ ᠰᠢᠨ᠎ᠡ ᠰᠡᠪᠡᠭᠦᠨ ᠲᠥᠷᠥᠭᠳᠡᠯ ᠥᠭᠴᠡᠢ︾ ᠭᠡᠵᠦ ᠵᠦᠴᠦᠭᠡ ᠶᠢᠨ ᠶᠡᠷᠦᠩᠬᠡᠢ ᠤᠳᠤᠷᠢᠳᠤᠭᠠᠴᠢ ᠴᠧᠨ ᠦ᠋ ᠬᠤᠸᠠ ᠬᠡᠯᠡᠵᠡᠢ᠃     ᠲᠤᠰ ᠵᠦᠴᠦᠭᠡ ᠪᠣᠯ ᠳᠤᠮᠳᠠᠳᠤ ᠤᠯᠤᠰ · ᠥᠪᠥᠷ ᠮᠣᠩᠭᠤᠯ ᠤᠨ ᠬᠤᠷᠢᠳᠤᠭᠠᠷ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠰᠢᠯᠢᠳᠡᠭ ᠲᠣᠬᠯᠠᠯᠲᠠ ᠶᠢᠨ ᠵᠦᠴᠦᠭᠡ ᠪᠠᠶᠢᠵᠤ᠂ 2024 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠶᠢᠰᠠᠨ ᠤ ᠰᠣᠳᠣᠨ ᠪᠦᠲᠦᠭᠡᠯ ᠤᠨ ᠢᠨᠵᠧᠨᠧᠷᠢᠩ ᠳᠤ ᠰᠣᠩᠭᠤᠭᠳᠠᠵᠠᠢ᠃ ᠲᠣᠰ ᠵᠦᠴᠦᠭᠡ ᠶᠢ ᠪᠡᠭᠡᠵᠢᠩ ᠳᠤ ᠠᠩᠬ᠎ᠠ ᠤᠳᠠᠭ᠎ᠠ ᠲᠣᠭᠯᠠᠭᠰᠠᠨ ᠨᠢ ᠤᠯᠠᠭᠠᠨᠮᠥ᠋ᠴᠢᠷ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠤᠮᠳᠠᠳᠤ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠥᠪᠥᠷ ᠮᠣᠩᠭᠤᠯ  ᠤᠨ ᠤᠮᠠᠷᠠᠲᠤ ᠬᠢᠯᠢ ᠶᠢᠨ ᠰᠣᠶᠣᠯ ᠤᠨ ᠲᠥᠷᠥᠯ ᠲᠡᠮᠳᠡᠭ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠭᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ