ᠡᠭᠢᠯᠡᠯᠳᠡ ᠶᠢᠨ ᠶᠣᠰᠣᠯᠠᠯ ᠳᠠᠬᠢ ︽ᠦᠱᠦ ᠶᠢᠨ ᠰᠦᠭ ᠰᠦᠨᠡᠰᠦ︾ ᠲᠤᠰᠬᠠᠢ ᠲᠠᠯᠠᠪᠠᠢ ᠲᠤᠬᠯᠠᠯᠳᠠ ᠦᠵᠡᠭᠴᠢᠳ ᠤᠨ ᠬᠠᠯᠠᠭᠤᠨ ᠬᠦᠷᠢᠶᠡᠯᠡᠯ ᠢ ᠣᠯᠵᠠᠢ | ᠲᠤᠮᠳᠠᠳᠤ ᠮᠣᠩᠭᠤᠯ ᠬᠤᠶᠠᠷ ᠤᠯᠤᠰ ᠤᠨ ᠰᠣᠶᠣᠯ ᠤᠨ ᠬᠠᠷᠢᠯᠴᠠᠭ᠎ᠠ ᠶᠢ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠤᠯᠠᠮᠵᠢᠯᠠᠯᠲᠤ ᠨᠥᠬᠦᠷᠯᠡᠯ ᠢ | ᠵᠤᠵᠠᠭᠠᠳᠬᠠᠬᠤ ᠶᠢᠨ ᠲᠥᠯᠥᠭᠡ᠂ ᠲᠤᠮᠳᠠᠳᠤ ᠮᠣᠩᠭᠤᠯ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠶᠢᠨ ᠲᠠᠰᠢᠷᠠᠮ ᠢᠶᠠᠷ᠂ ᠮᠣᠩᠭᠤᠯ ᠤᠯᠤᠰ ᠲᠤ | ᠰᠠᠭᠤᠭ᠎ᠠ ᠲᠤᠮᠳᠠᠳᠤ ᠤᠯᠤᠰ ᠤᠨ ᠡᠯᠴᠢᠨ ᠰᠠᠶᠢᠳ ᠤᠨ ᠶᠠᠮᠤᠨ᠂ ᠮᠣᠩᠭᠤᠯ ᠤᠯᠤᠰ ᠤᠨ ᠰᠣᠶᠣᠯ ᠲᠠᠮᠢᠷ ᠠᠶᠠᠯᠠᠯ ᠵᠢᠭᠤᠯᠴᠢᠯᠠᠯ ᠵᠠᠯᠠᠭᠤᠴᠤᠳ ᠤᠨ ᠶᠠᠮᠤᠨ᠂ | ᠲᠤᠮᠳᠠᠳᠤ ᠤᠯᠤᠰ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠠᠴᠠ | ᠬᠠᠮᠲᠤᠷᠠᠨ ᠭᠤᠣᠯᠯᠠᠨ ᠡᠷᠭᠢᠯᠡᠵᠦ᠂ ᠤᠯᠠᠭᠠᠨᠪᠠᠭᠠᠲᠤᠷ ᠲᠠᠬᠢ ᠳᠤᠮᠳᠠᠳᠤ ᠶᠢᠨ ᠰᠣᠶᠣᠯ ᠤᠨ ᠲᠥᠪ᠂ ᠾᠧᠨᠠᠨ ᠮᠤᠵᠢ ᠶᠢᠨ ᠱᠤᠤ ᠯᠢᠨ ᠦᠱᠦ ᠶᠢᠨ ᠣᠷᠳᠣᠨ ᠵᠡᠷᠭᠡ | ᠠᠴᠠ ᠳᠠᠭᠠᠭᠠᠴᠢᠯᠠᠨ ᠡᠷᠭᠢᠯᠡᠭᠰᠡᠨ ︽ᠲᠤᠮᠳᠠᠳᠤ ᠤᠯᠤᠰ ᠢ ᠲᠠᠨᠢᠨ ᠮᠡᠳᠡᠷᠡᠬᠦᠢ︾ · ᠥᠪᠥᠷ ᠮᠣᠩᠭᠤᠯ ᠤᠨ ᠰᠣᠶᠣᠯ ᠤᠨ ᠭᠠᠷᠠᠭ ᠤᠨ ᠠᠵᠢᠯᠯᠠᠭ᠎ᠠ ᠶᠢᠨ | ᠡᠭᠢᠯᠡᠯᠳᠡ ᠶᠢᠨ ᠶᠣᠰᠣᠯᠠᠯ ᠵᠢᠴᠢ ︽ᠦᠱᠦ ᠶᠢᠨ ᠰᠦᠭ ᠰᠦᠨᠡᠰᠦ︾ ᠲᠤᠰᠬᠠᠢ ᠲᠠᠯᠠᠪᠠᠢ ᠲᠤᠬᠯᠠᠯᠳᠠ 11 ᠰᠠᠷ᠎ᠠ ᠶᠢᠨ 4 ᠤ ᠣᠷᠣᠢ ᠤᠯᠠᠭᠠᠨᠪᠠᠭᠠᠲᠤᠷ ᠤᠨ ᠲᠥᠪ | ᠴᠡᠩᠭᠡᠯ ᠤᠨ ᠣᠷᠳᠣᠨ ᠳᠤ ᠨᠢᠵᠢᠭᠢᠷ ᠰᠠᠶᠢᠬᠠᠨ ᠶᠠᠪᠤᠭᠳᠠᠪᠠ᠃ | ᠡᠭᠢᠯᠡᠯᠳᠡ ᠶᠢᠨ ᠶᠣᠰᠣᠯᠠᠯ ᠳᠡᠭᠡᠷ᠎ᠡ᠂ ᠮᠣᠩᠭᠤᠯ ᠤᠯᠤᠰ ᠲᠤ ᠰᠠᠭᠤᠭ᠎ᠠ ᠲᠤᠮᠳᠠᠳᠤ ᠤᠯᠤᠰ ᠤᠨ ᠡᠯᠴᠢᠨ ᠰᠠᠶᠢᠳ ᠤᠨ ᠶᠠᠮᠤᠨ ᠤ ᠡᠭᠦᠷᠭᠡ ᠶᠢ ᠲᠦᠷ ᠣᠷᠣᠯᠠᠨ | ᠭᠦᠢᠴᠡᠳᠭᠡᠭᠴᠢ᠂ ᠡᠯᠴᠢᠨ ᠤ ᠵᠡᠷᠭᠡᠯᠡᠯ ᠲᠠᠢ ᠵᠥᠪᠯᠡᠭᠴᠢ ᠵᠠᠩ ᠮᠦ ᠰᠢᠩ᠂ ᠮᠣᠩᠭᠤᠯ ᠤᠯᠤᠰ ᠤᠨ ᠰᠣᠶᠣᠯ ᠲᠠᠮᠢᠷ ᠠᠶᠠᠯᠠᠯ ᠵᠢᠭᠤᠯᠴᠢᠯᠠᠯ ᠵᠠᠯᠠᠭᠤᠴᠤᠳ ᠤᠨ | ᠶᠠᠮᠤᠨ ᠤ ᠲᠦᠷᠦ ᠶᠢᠨ ᠨᠠᠷᠢᠨ ᠪᠢᠴᠢᠭ ᠤᠨ ᠳᠠᠷᠤᠭ᠎ᠠ ᠳᠠᠸᠠᠵᠢᠷᠭᠠᠯ ᠨᠠᠷ ᠡᠭᠢᠯᠡᠯᠳᠡ ᠶᠢᠨ ᠶᠣᠰᠣᠯᠠᠯ ᠳᠤ ᠤᠷᠤᠯᠴᠠᠵᠦ᠂ ᠲᠤᠮᠳᠠᠳᠤ ᠮᠣᠩᠭᠤᠯ ᠬᠤᠶᠠᠷ ᠤᠯᠤᠰ ᠤᠨ | ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠰᠣᠶᠣᠯ ᠤᠨ ᠪᠦᠯᠭᠦᠮ᠂ ᠶᠡᠭᠡ ᠳᠡᠭᠡᠳᠦ ᠰᠤᠷᠭᠠᠭᠤᠯᠢ᠂ ᠵᠠᠭᠤᠴᠢᠯᠠᠭᠤᠷ᠂ ᠠᠵᠤ ᠠᠬᠤᠶᠢᠯᠠᠯ ᠪᠠ | ᠨᠡᠶᠢᠭᠡᠮ ᠤᠨ ᠡᠯ᠎ᠡ ᠡᠲᠡᠭᠡᠳ ᠤᠨ ᠬᠢᠨ ᠤ ᠲᠥᠯᠥᠭᠡᠯᠡᠭᠴᠢ ᠵᠢᠴᠢ ᠲᠤᠮᠳᠠᠳᠤ ᠶᠢᠨ ᠬᠥᠮᠥᠨ ᠲᠤᠮᠳᠠᠳᠤ ᠶᠢᠨ ᠬᠠᠷᠢᠶᠠᠲᠤ ᠶᠢᠨ ᠲᠥᠯᠥᠭᠡᠯᠡᠭᠴᠢ 1200 ᠭᠠᠷᠤᠢ | ᠬᠥᠮᠥᠨ ᠡᠭᠢᠯᠡᠯᠳᠡ ᠶᠢᠨ ᠶᠣᠰᠣᠯᠠᠯ ᠳᠤ ᠣᠷᠣᠯᠴᠠᠵᠠᠢ᠃ ᠡᠭᠢᠯᠡᠯᠳᠡ ᠶᠢᠨ ᠶᠣᠰᠣᠯᠠᠯ ᠤᠨ ᠴᠢᠬᠤᠯᠠ ᠠᠭᠤᠯᠭ᠎ᠠ ᠪᠤᠯᠬᠤ ᠱᠤᠤ ᠯᠢᠨ ᠦᠱᠦ ᠶᠢᠨ ᠲᠤᠰᠬᠠᠢ ᠲᠠᠯᠠᠪᠠᠢ | ᠲᠤᠬᠯᠠᠯᠳᠠ ︽ᠦᠱᠦ ᠶᠢᠨ ᠰᠦᠭ ᠰᠦᠨᠡᠰᠦ︾ ᠨᠢ ᠦᠵᠡᠭᠴᠢᠳ ᠤᠨ ᠬᠠᠯᠠᠭᠤᠨ ᠬᠦᠷᠢᠶᠡᠯᠡᠯ ᠢ ᠣᠯᠪᠠ᠃ ᠾᠧᠨᠠᠨ ᠮᠤᠵᠢ ᠶᠢᠨ ᠱᠤᠤ ᠯᠢᠨ ᠦᠱᠦ ᠶᠢᠨ | ᠣᠷᠳᠣᠨ ᠤ 34 ᠬᠤᠸᠠᠷᠠᠭ ᠲᠣᠭᠯᠠᠭᠴᠢ ᠲᠠᠶᠢᠰᠠᠨ ᠳᠤ ᠭᠠᠷᠬᠤ ᠲᠠᠢ ᠵᠡᠷᠭᠡ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ ᠤᠶᠠᠨ ᠬᠠᠳᠠᠨ ᠢ | ᠬᠤᠣᠰᠯᠠᠭᠤᠯᠤᠭᠰᠠᠨ ᠲᠤᠮᠳᠠᠳᠤ ᠶᠢᠨ ᠡᠷᠳᠡᠮ᠂ ᠰᠦᠷ ᠵᠢᠪᠬᠤᠭ᠎ᠠ ᠶᠢ ᠭᠠᠶᠢᠬᠠᠭᠤᠯᠤᠭᠰᠠᠨ ᠲᠠᠶᠢᠰᠠᠨ ᠤ ᠲᠤᠬᠯᠠᠯᠳᠠ ᠨᠢ ᠲᠤᠮᠳᠠᠳᠤ ᠶᠢᠨ ᠤᠯᠠᠮᠵᠢᠯᠠᠯᠲᠤ ᠦᠱᠦ ᠶᠢᠨ | ᠲᠠᠲᠠᠬᠤ ᠬᠦᠴᠦᠨ ᠢ ᠭᠦᠢᠴᠡᠳ ᠢᠯᠡᠷᠡᠭᠦᠯᠵᠦ᠂ ᠦᠵᠡᠭᠴᠢᠳ ᠲᠠᠰᠤᠷᠠᠯᠳᠠ ᠦᠭᠡᠢ ᠠᠯᠠᠭ᠎ᠠ ᠲᠠᠰᠢᠵᠦ᠂ ᠲᠤᠬᠠᠢ ᠶᠢᠨ ᠲᠠᠯᠠᠪᠠᠢ ᠭᠦᠷ ᠬᠥᠭᠵᠢᠶᠡᠨ ᠢᠶᠠᠷ ᠪᠢᠯᠬᠠᠪᠠ᠃ | | ︽ᠲᠤᠮᠳᠠᠳᠤ ᠤᠯᠤᠰ ᠢ ᠲᠠᠨᠢᠨ ᠮᠡᠳᠡᠷᠡᠬᠦᠢ︾ · ᠥᠪᠥᠷ ᠮᠣᠩᠭᠤᠯ ᠤᠨ ᠰᠣᠶᠣᠯ ᠤᠨ ᠭᠠᠷᠠᠭ ᠤᠨ ᠠᠵᠢᠯᠯᠠᠭ᠎ᠠ ᠨᠢ 11 ᠰᠠᠷ᠎ᠠ ᠶᠢᠨ 4 ᠠᠴᠠ 7 ᠤ ᠡᠳᠦᠷ | ᠪᠤᠯᠳᠠᠯ᠎ᠠ ᠮᠣᠩᠭᠤᠯ ᠤᠯᠤᠰ ᠤᠨ ᠤᠯᠠᠭᠠᠨᠪᠠᠭᠠᠲᠤᠷ ᠬᠤᠳᠠ ᠳᠤ ᠶᠠᠪᠤᠭᠳᠠᠨ᠎ᠠ᠃ ᠰᠣᠶᠣᠯ ᠤᠨ ᠭᠠᠷᠠᠭ ᠤᠨ ᠠᠵᠢᠯᠯᠠᠭ᠎ᠠ ᠶᠢᠨ ᠲᠣᠬᠢᠷᠠᠭᠤᠯᠤᠯᠲᠠ ᠪᠠᠷ᠂ ᠭᠤᠣᠯᠯᠠᠨ | ᠡᠷᠭᠢᠯᠡᠭᠰᠡᠨ ᠨᠢᠭᠡᠴᠢ ᠠᠴᠠ ᠰᠣᠶᠣᠯ ᠤᠨ ᠭᠠᠷᠠᠭ ᠤᠨ ᠬᠤᠭᠤᠴᠠᠭᠠᠨ ᠳᠤ ᠮᠣᠩᠭᠤᠯ ᠡᠮᠨᠡᠯᠭᠡ ᠶᠢᠨ ᠠᠯᠪᠠᠨ ᠵᠢᠷᠤᠮ ᠤᠨ ᠡᠮᠴᠢᠯᠡᠭᠡ ᠬᠢᠬᠦ᠂ ᠨᠣᠮ ᠪᠢᠴᠢᠭ ᠤᠨ | ᠰᠣᠯᠢᠯᠴᠠᠭ᠎ᠠ ᠥᠷᠨᠢᠭᠦᠯᠬᠦ᠂ ᠺᠢᠨᠣ᠋ ᠳᠡᠯᠭᠡᠨ ᠦᠵᠡᠭᠦᠯᠭᠦ᠂ ᠲᠧᠯᠸᠢᠰ ᠵᠦᠴᠦᠭᠡ ᠨᠡᠪᠲᠡᠷᠡᠭᠦᠯᠬᠦ᠂ ᠰᠢᠯᠢᠳᠡᠭ ᠸᠢᠳᠢᠤ᠋ ᠪᠦᠲᠦᠭᠡᠯ ᠢ ᠳᠡᠯᠭᠡᠨ ᠦᠵᠡᠭᠦᠯᠭᠦ ᠵᠡᠷᠭᠡ | ᠠᠵᠢᠯᠯᠠᠭ᠎ᠠ ᠥᠷᠨᠢᠭᠦᠯᠬᠦ ᠪᠣᠯᠣᠨ᠎ᠠ᠃ ᠤᠯᠠᠨ ᠵᠢᠯ ᠳᠠᠷᠠᠭᠠᠯᠠᠨ ᠶᠠᠪᠤᠭᠳᠠᠭᠰᠠᠨ ︽ᠲᠤᠮᠳᠠᠳᠤ ᠤᠯᠤᠰ ᠢ ᠲᠠᠨᠢᠨ ᠮᠡᠳᠡᠷᠡᠬᠦᠢ · ᠥᠪᠥᠷ ᠮᠣᠩᠭᠤᠯ ᠤᠨ ᠰᠣᠶᠣᠯ ᠤᠨ | ᠭᠠᠷᠠᠭ ᠤᠨ ᠠᠵᠢᠯᠯᠠᠭ᠎ᠠ ᠨᠢ ᠲᠤᠮᠳᠠᠳᠤ ᠮᠣᠩᠭᠤᠯ ᠤᠨ ᠨᠦᠭᠦᠷᠰᠡᠭ ᠬᠠᠷᠢᠯᠴᠠᠭᠠᠨ ᠤ ᠤᠭ ᠰᠠᠨᠠᠭ᠎ᠠ ᠲᠡᠦᠬᠡᠲᠦ ᠬᠠᠷᠢᠭᠤᠴᠠᠯᠭ᠎ᠠ ᠶᠢ ᠭᠦᠢᠴᠡᠳ ᠬᠠᠷᠠᠭᠤᠯᠵᠤ᠂ | ᠮᠣᠩᠭᠤᠯ ᠤᠯᠤᠰ ᠲᠤ ᠲᠤᠮᠳᠠᠳᠤ ᠤᠯᠤᠰ ᠢ ᠨᠡᠩ ᠢᠯᠡᠭᠦᠦ ᠲᠠᠨᠢᠭᠤᠯᠤᠨ ᠮᠡᠳᠡᠷᠡᠭᠦᠯᠵᠦ᠂ ᠥᠪᠥᠷ ᠮᠣᠩᠭᠤᠯ ᠢ ᠤᠯᠠᠮ ᠨᠢᠭᠡ ᠠᠯᠬᠤᠮ ᠣᠶᠢᠯᠠᠭᠠᠭᠤᠯᠵᠤ᠂ ᠬᠤᠶᠠᠷ | ᠤᠯᠤᠰ ᠤᠨ ᠨᠦᠭᠦᠷᠰᠡᠭ ᠬᠠᠷᠢᠯᠴᠠᠭ᠎ᠠ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠠᠢ᠃ |