11 ᠰᠠᠷ᠎ᠠ ᠶᠢᠨ 6 ᠤ ᠣᠷᠣᠢ᠂ ︽ᠲᠡᠭᠷᠢᠯᠢᠭ ᠡᠭᠡᠰᠢᠭ︾ ᠲᠤᠰᠬᠠᠢ ᠲᠠᠯᠠᠪᠠᠢ ᠳᠠᠭᠤᠤ ᠬᠥᠭᠵᠢᠮ ᠤᠨ ᠦᠳᠡᠰᠢᠯᠡᠭᠡ ᠭᠦᠭᠡᠬᠤᠳᠠ ᠳᠠᠬᠢ ᠥᠪᠥᠷ ᠮᠣᠩᠭᠤᠯ | ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠳᠠᠭᠤᠤ ᠬᠥᠭᠵᠢᠮ ᠤᠨ ᠲᠢᠩᠬᠢᠮ ᠳᠤ ᠭᠤᠶᠢᠳᠠ ᠰᠠᠶᠢᠬᠠᠨ ᠶᠠᠪᠤᠭᠳᠠᠵᠤ᠂ ᠦᠵᠡᠭᠴᠢᠳ ᠢᠶᠠᠨ ᠪᠠᠶᠠᠰᠬᠠᠭᠰᠠᠨ ᠢᠶᠠᠷ | ᠪᠠᠷᠠᠬᠤ ᠦᠭᠡᠢ ᠤᠯᠠᠮᠵᠢᠯᠠᠯᠲᠤ ᠳᠠᠭᠤᠤ ᠤᠷᠠᠯᠢᠭ ᠤᠨ ᠤᠯᠠᠮᠵᠢᠯᠠᠯ ᠪᠠ ᠳᠡᠯᠭᠡᠷᠡᠭᠦᠯᠦᠯᠲᠡ ᠶᠢ ᠠᠬᠢᠭᠤᠯᠬᠤ ᠳᠤ ᠬᠦᠴᠦᠨ ᠨᠡᠮᠡᠷᠢᠯᠡᠵᠡᠢ᠃ | ᠲᠤᠰ ᠤᠳᠠᠭᠠᠨ ᠤ ᠳᠠᠭᠤᠤ ᠬᠥᠭᠵᠢᠮ ᠤᠨ ᠦᠳᠡᠰᠢᠯᠡᠭᠡ ᠶᠢ ᠥᠪᠥᠷ ᠮᠣᠩᠭᠤᠯ ᠤᠨ ᠤᠷᠠᠯᠢᠭ ᠤᠨ ᠵᠦᠴᠦᠭᠡ ᠶᠢᠨ ᠬᠦᠷᠢᠶᠡᠯᠡᠩ ᠤᠨ ᠦᠨᠳᠦᠰᠦᠲᠡᠨ ᠤ ᠳᠠᠭᠤᠤ | ᠬᠥᠭᠵᠢᠮ ᠤᠨ ᠪᠦᠯᠭᠦᠮ ᠠᠴᠠ ᠭᠤᠣᠯᠯᠠᠨ ᠲᠣᠭᠯᠠᠵᠤ᠂ ᠤᠷᠲᠤ ᠶᠢᠨ ᠳᠠᠭᠤᠤ᠂ ᠬᠥᠭᠡᠮᠡᠢ᠂ ᠮᠣᠷᠢᠨ ᠬᠤᠭᠤᠷ᠂ ᠦᠨᠳᠦᠰᠦᠲᠡᠨ ᠤ ᠨᠠᠶᠢᠷᠠᠯ ᠬᠥᠭᠵᠢᠮ ᠢ ᠡᠪᠲᠡᠶᠢᠬᠡᠨ | ᠠᠭᠤᠰᠬᠠᠨ ᠲᠣᠭᠯᠠᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠠᠶᠢᠭᠠᠯᠢ ᠠᠬᠤᠢ ᠪᠣᠯᠣᠨ ᠬᠥᠮᠥᠨ ᠠᠷᠠᠳ ᠤᠨ ᠥᠭᠭᠢᠶᠡᠮᠦᠷ ᠴᠠᠶᠢᠯᠭᠠᠨ ᠵᠠᠩ | ᠠᠷᠠᠨᠰᠢᠨ ᠪᠠ ᠠᠭᠤᠳᠠᠮᠴᠢ ᠰᠡᠳᠬᠢᠯ ᠢ ᠬᠠᠷᠠᠭᠤᠯᠵᠠᠢ᠃ ᠤᠷᠲᠤ ᠶᠢᠨ ᠳᠠᠭᠤᠤ ︽ᠡᠷ᠎ᠡ ᠪᠣᠷᠣ ᠬᠠᠷᠴᠠᠭᠠᠢ︾᠂ ︽ᠭᠠᠩᠭᠠᠩ ᠬᠠᠷ᠎ᠠ︾᠂ ᠠᠷᠠᠳ ᠤᠨ ᠳᠠᠭᠤᠤ ︽ | ᠲᠦᠷᠪᠡᠨ ᠠᠭᠤᠯᠠ︾᠂ ᠲᠤᠤᠯᠢ ︽ᠵᠠᠩᠭᠠᠷ︾ ᠨᠢ ᠠᠭᠤᠳᠠᠮ ᠲᠠᠯ᠎ᠠ ᠶᠢᠨ ᠥᠷᠥᠴᠡᠨ ᠳᠠᠬᠢ ᠠᠮᠤᠭᠤᠯᠠᠩ ᠲᠠᠶᠢᠪᠤᠩ ᠠᠮᠢᠳᠤᠷᠠᠯ᠂ ᠥᠨᠢᠷ ᠰᠦᠷᠦᠭ᠂ ᠲᠠᠯ᠎ᠠ | ᠨᠤᠲᠤᠭ ᠤᠨ ᠲᠤᠮᠤᠭ ᠬᠠᠭᠤᠴᠢ᠂ ᠲᠡᠦᠬᠡ ᠰᠣᠶᠣᠯ ᠵᠢᠴᠢ ᠠᠷᠠᠳ ᠲᠦᠮᠡᠨ ᠤ ᠶᠢᠷᠲᠢᠨᠴᠦ ᠶᠢᠨ ᠦᠵᠡᠯᠲᠡ᠂ ᠭᠦᠨ ᠤᠬᠠᠭᠠᠨ ᠤ ᠷᠢᠳᠢ ᠰᠢᠳᠢ ᠶᠢ ᠭᠦᠨᠵᠡᠭᠡᠢ | ᠢᠯᠡᠷᠡᠭᠦᠯᠦᠭᠰᠡᠨ ᠢᠶᠠᠷ ᠦᠳᠡᠰᠢᠯᠡᠭᠡ ᠶᠢᠨ ᠰᠠᠨᠠᠭ᠎ᠠ ᠠᠬᠤᠢ ᠤᠯᠠᠮ ᠪᠠᠶᠠᠯᠢᠭ ᠰᠠᠶᠢᠬᠠᠨ ᠪᠣᠯᠵᠠᠢ᠃ | ᠳᠠᠯᠠᠪᠠᠢ ᠪᠠᠭᠲᠠᠵᠤ ᠶᠠᠳᠠᠲᠠᠯ᠎ᠠ ᠰᠠᠭᠤᠯᠴᠠᠭᠰᠠᠨ ᠦᠵᠡᠭᠴᠢᠳ ᠰᠢᠮᠡᠲᠡᠢ ᠰᠣᠨᠣᠰᠤᠨ ᠪᠠᠭ᠋ᠠᠳᠤᠨ ᠰᠣᠨᠢᠷᠬᠠᠬᠤ᠂ ᠲᠤᠬᠳᠤᠯᠤᠬᠰᠠᠨ ᠰᠡᠳᠬᠢᠯ ᠢᠶᠠᠨ ᠳᠠᠷᠤᠵᠤ | ᠶᠠᠳᠠᠨ ᠪᠠᠶᠢᠨ ᠪᠠᠶᠢᠨ ᠨᠢᠵᠢᠭᠢᠨᠡᠲᠡᠯ᠎ᠡ ᠠᠯᠠᠭ᠎ᠠ ᠲᠠᠰᠢᠵᠠᠭᠠᠨᠠ᠃ ᠦᠳᠡᠰᠢᠯᠡᠭᠡ ᠳᠤ ᠤᠯᠤᠰ ᠤᠨ ᠨᠢᠭᠡᠳᠦᠭᠡᠷ ᠳᠡᠰ ᠤᠨ ᠲᠣᠭᠯᠠᠭᠴᠢ ᠵᠠᠭᠳᠠᠰᠦ᠋ᠷᠦᠩ᠂ ᠮᠣᠷᠢᠨ | ᠬᠤᠭᠤᠷ ᠤᠨ ᠶᠡᠭᠡ ᠪᠠᠭᠰᠢᠲᠠᠨ ᠴᠢ᠊ · ᠪᠤᠯᠠᠭ ᠵᠡᠷᠭᠡ ᠠᠯᠳᠠᠷᠲᠤ ᠤᠷᠠᠯᠢᠭᠴᠢᠳ ᠢ ᠤᠷᠢᠨ ᠣᠷᠣᠯᠴᠠᠭᠤᠯᠵᠤ᠂ ᠵᠠᠭᠳᠠᠰᠦ᠋ᠷᠦᠩ ᠤᠯᠠᠨ ᠱᠠᠪᠢ ᠨᠠᠷ ᠲᠠᠢ ᠪᠠᠨ | ᠤᠷᠲᠤ ᠶᠢᠨ ᠳᠠᠭᠤᠤ ︽ᠨᠠᠷᠠᠨ ᠮᠡᠲᠦ ᠮᠠᠨᠳᠤᠬᠤ︾ ᠶᠢ ᠴᠤᠭᠤᠷᠳᠠᠨ ᠳᠠᠭᠤᠯᠠᠵᠤ᠂ ᠲᠠᠯ᠎ᠠ ᠨᠤᠲᠤᠭ ᠤᠨ ᠰᠦᠷ ᠵᠢᠪᠬᠤᠯᠠᠩ᠂ ᠦᠶ᠎ᠡ ᠦᠶ᠎ᠡ ᠶᠢᠨ ᠤᠷᠲᠦ ᠶᠢᠨ | ᠳᠠᠭᠤᠴᠢᠳ ᠤᠨ ᠥᠪ ᠤᠯᠠᠮᠵᠢᠯᠠᠯ ᠪᠠ ᠤᠷ᠎ᠠ ᠮᠡᠷᠭᠡᠵᠢᠯ ᠢ ᠦᠵᠡᠭᠦᠯᠪᠡ᠃ ᠴᠢ᠊ · ᠪᠤᠯᠠᠭ ᠱᠠᠪᠢ ᠨᠠᠷ ᠲᠠᠢ ᠪᠠᠨ ᠬᠤᠭᠤᠷᠳᠠᠭᠰᠠᠨ ᠰᠣᠩᠭᠤᠳᠠᠭ ᠬᠥᠭᠵᠢᠮ ︽ | ᠲᠦᠮᠡᠨ ᠠᠭᠲᠠ ᠶᠢᠨ ᠲᠦᠪᠡᠷᠭᠡᠨ︾ ᠨᠢ ᠦᠳᠡᠰᠢᠯᠡᠭᠡ ᠶᠢ ᠣᠷᠭᠢᠯᠤᠭᠤᠯᠤᠨ ᠴᠠᠯᠭᠢᠯᠠᠭᠤᠯᠵᠤ᠂ ᠮᠣᠷᠢᠨ ᠬᠤᠭᠤᠷ ᠤᠨ ᠭᠠᠶᠢᠬᠠᠮᠰᠢᠭ ᠪᠣᠯᠣᠨ ᠰᠣᠩᠭᠤᠳᠠᠭ ᠢᠵᠠᠭᠤᠷ | ᠤᠷᠠᠯᠢᠭ ᠤᠨ ᠥᠪᠡᠷᠮᠢᠴᠡ ᠬᠦᠴᠦᠨ ᠢ ᠢᠯᠡᠷᠡᠭᠦᠯᠪᠡ᠃ |