ᠭᠡᠭᠡᠨ ᠭᠤᠣᠯ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠠᠴᠠ ᠭᠡᠷ ᠤᠨ ᠭᠠᠳᠠᠨᠠᠬᠢ ᠰᠢᠭᠤᠳ ᠨᠡᠪᠲᠡᠷᠡᠭᠦᠯᠭᠡ ᠶᠢᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠵᠡᠢ
ᠨᠡᠶᠢᠲᠡᠯᠡᠭᠰᠡᠨ ᠴᠠᠭ᠄
2024/12/6
    ᠣᠶᠢᠷ᠎ᠠ ᠶᠢᠨ ᠬᠤᠭᠤᠴᠠᠭᠠᠨ ᠳᠤ ᠪᠥᠬᠦ ᠤᠯᠤᠰ ᠤᠨ ᠡᠯ᠎ᠡ ᠭᠠᠵᠠᠷ ᠤᠨ ᠬᠡᠷ ᠤᠨ ᠭᠠᠳᠠᠨᠠᠬᠢ ᠰᠢᠭᠤᠳ ᠨᠡᠪᠲᠡᠷᠡᠭᠦᠯᠭᠡ ᠶᠢᠨ ᠪᠦᠯᠬᠦᠮ ᠮᠠᠨ ᠤ ᠬᠤᠲᠠ ᠳᠤ ᠢᠷᠡᠵᠦ᠂ ᠬᠡᠷ ᠤᠨ ᠭᠠᠳᠠᠨᠠᠬᠢ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠶᠢᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠠᠬᠢᠭᠤᠯᠬᠤ ᠶᠢᠨ ᠲᠥᠯᠥᠭᠡ᠂ 11 ᠰᠠᠷ᠎ᠠ ᠶᠢᠨ 21 ᠤ ᠡᠳᠦᠷ᠂ ᠭᠡᠭᠡᠨ ᠭᠤᠤᠯ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠨᠡᠪᠲᠡᠷᠡᠭᠦᠯᠭᠡ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠣᠶ ᠰᠢᠭᠤᠶ ᠶᠢᠨ ᠠᠵᠤ ᠦᠢᠯᠡᠳᠪᠦᠷᠢ ᠶᠢᠨ ᠬᠡᠷᠡᠭ ᠡᠷᠬᠢᠯᠡᠬᠦ ᠭᠠᠵᠠᠷ᠂ ᠭᠠᠯ ᠤᠨᠲᠠᠷᠠᠭᠠᠬᠤ ᠶᠡᠭᠡ ᠠᠩᠭᠢ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠬᠡᠷ ᠤᠨ ᠭᠠᠳᠠᠨᠠᠬᠢ ᠰᠢᠭᠤᠳ ᠨᠡᠪᠲᠡᠷᠡᠭᠦᠯᠭᠡ ᠲᠥᠪᠯᠡᠷᠡᠭᠰᠡᠨ ᠭᠠᠵᠠᠷ ᠲᠤ ᠬᠦᠷᠴᠦ ᠠᠶᠤᠯᠭᠦᠶ ᠦᠢᠯᠡᠳᠪᠦᠷᠢᠯᠡᠯ ᠤᠨ ᠲᠤᠰᠬᠠᠶ ᠪᠠᠶᠢᠴᠠᠭᠠᠯᠲᠠ ᠶᠢ ᠥᠷᠨᠢᠭᠦᠯᠪᠡ᠃    ᠲᠣᠰ ᠤᠳᠠᠭᠠᠨ ᠤ ᠪᠠᠶᠢᠴᠠᠭᠠᠯᠲᠠ ᠶᠢ ᠪᠠᠶᠢᠴᠠᠭᠠᠬᠤ + ᠪᠣᠯᠪᠠᠰᠤᠷᠠᠭᠤᠯᠬᠤ ᠠᠷᠭ᠎ᠠ ᠮᠠᠶ᠋ᠢᠭ ᠢᠶᠠᠷ ᠥᠷᠨᠢᠭᠦᠯᠵᠦ᠂ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠬᠡᠷ ᠤᠨ ᠭᠠᠳᠠᠨ᠎ᠠ ᠬᠡᠭᠡᠷ᠎ᠡ ᠪᠠᠭᠤᠳᠠᠯᠯᠠᠵᠤ ᠰᠢᠭᠤᠳ ᠨᠡᠪᠲᠡᠷᠡᠭᠦᠯᠬᠦ ᠲᠠᠯᠠᠪᠤᠷ ᠲᠤ ᠬᠦᠷᠴᠦ᠂ ᠬᠤᠯᠪᠣᠭᠳᠠᠯ ᠪᠥᠬᠦᠶ ᠠᠵᠢᠯ ᠲᠥᠷᠥᠯ ᠤᠨ ᠰᠠᠯᠠᠭ᠎ᠠ ᠮᠥᠴᠢᠷ ᠠᠴᠠ ᠭᠠᠯ ᠤᠨᠲᠠᠷᠠᠭᠠᠬᠤ᠂ ᠴᠠᠬᠢᠯᠭᠠᠨ ᠬᠡᠷᠡᠭᠯᠡᠬᠦ᠂ ᠰᠢᠲᠠᠮᠠᠬᠠᠶ ᠬᠡᠶ ᠵᠡᠷᠭᠡ ᠲᠠᠯ᠎ᠠ ᠶᠢᠨ ᠬᠡᠮ ᠰᠣᠭᠤᠭ ᠤᠨ ᠠᠰᠠᠭᠤᠳᠠᠯ ᠳᠤ ᠪᠥᠬᠦ ᠲᠠᠯ᠎ᠠ ᠶᠢᠨ ᠨᠠᠷᠢᠨ ᠨᠢᠮᠪᠠᠶ ᠪᠠᠶᠢᠴᠠᠭᠠᠯᠲᠠ ᠪᠠ ᠵᠢᠭᠠᠨ ᠰᠤᠷᠭᠠᠯᠲᠠ ᠬᠢᠵᠦ᠂ ᠰᠢᠭᠤᠳ ᠨᠡᠪᠲᠡᠷᠡᠭᠦᠯᠦᠭᠴᠢ ᠳᠤ ᠭᠠᠯ᠂ ᠴᠠᠬᠢᠯᠭᠠᠨ ᠪᠠ ᠬᠡᠶ ᠬᠡᠷᠡᠭᠯᠡᠬᠦ ᠠᠮᠤᠷ ᠲᠦᠪᠰᠢᠨ ᠢ ᠠᠩᠬᠠᠷᠬᠤ ᠶᠢ ᠰᠠᠨᠠᠭᠤᠯᠵᠤ᠂ ᠬᠦᠢᠲᠡᠨ ᠠᠴᠠ ᠰᠡᠷᠭᠡᠶᠢᠯᠡᠬᠦ ᠪᠠ ᠳᠤᠯᠠᠭᠠᠯᠠᠬᠤ ᠠᠴᠠ ᠪᠣᠯᠵᠣ ᠭᠠᠯ ᠤᠨ ᠠᠶᠤᠯ᠂ ᠴᠠᠬᠢᠯᠭᠠᠨ ᠤ ᠠᠳᠡᠯ ᠪᠠ ᠨᠡᠭᠦᠷᠡᠰᠦᠨ ᠬᠡᠶ ᠳᠤ ᠬᠤᠤᠷᠳᠠᠭᠳᠠᠬᠤ ᠶᠢ ᠰᠡᠷᠭᠡᠶᠢᠯᠡᠬᠦ ᠬᠡᠷᠡᠭᠲᠡᠶ︔ ᠰᠢᠭᠤᠳ ᠨᠡᠪᠲᠡᠷᠡᠭᠦᠯᠦᠭᠴᠢ ᠵᠢᠴᠢ ᠲᠡᠷᠭᠡ ᠬᠥᠰᠬᠡ ᠶᠢ ᠮᠥᠰᠥᠨ ᠳᠡᠭᠡᠷ᠎ᠡ ᠠᠯᠬᠤᠵᠤ ᠪᠣᠯᠬᠤ ᠥᠬᠡᠶ᠂ ᠮᠥᠰᠥᠨ ᠳᠡᠭᠡᠷ᠎ᠡ ᠬᠠᠭᠠᠷᠠᠵᠤ ᠠᠶᠤᠯ ᠲᠦᠭᠰᠢᠭᠦᠷᠢ ᠤᠴᠠᠷᠠᠭᠤᠯᠬᠤ ᠠᠴᠠ ᠰᠡᠷᠭᠡᠶᠢᠯᠡᠬᠦ ᠶᠢᠨ ᠬᠠᠮᠲᠤ ᠰᠢᠭᠤᠳ ᠨᠡᠪᠲᠡᠷᠡᠭᠦᠯᠦᠭᠴᠢ ᠶᠢ ᠭᠤᠤᠯ ᠤᠨ ᠵᠠᠮ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠶᠢ ᠠᠩᠬᠠᠷᠴᠤ᠂ ︽ᠬᠥᠮᠦᠨ ᠶᠠᠪᠤᠪᠠᠯ ᠬᠤᠭ ᠨᠣᠪᠰᠢ ᠶᠢ ᠴᠡᠪᠡᠷᠯᠡᠬᠦ︾ ᠬᠡᠷᠡᠭᠲᠡᠶ ᠭᠡᠵᠦ ᠱᠠᠭᠠᠷᠳᠠᠪᠠ᠃    ᠪᠠᠶᠢᠴᠠᠭᠠᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠬᠠᠷᠢᠶ᠎ᠠ ᠭᠠᠵᠠᠷ ᠵᠢᠴᠢ ᠡᠯ᠎ᠡ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠬᠥᠳᠡᠯᠦᠩᠭᠦᠢ ᠬᠠᠮᠢᠶᠠᠷᠤᠯᠲᠠ ᠶᠢ ᠴᠢᠩᠭᠠᠳᠬᠠᠵᠤ᠂ ᠭᠡᠷ ᠤᠨ ᠭᠠᠳᠠᠨᠠᠬᠢ ᠰᠢᠭᠤᠳ ᠨᠡᠪᠲᠡᠷᠡᠭᠦᠯᠭᠡ ᠶᠢᠨ ᠲᠥᠪᠯᠡᠷᠡᠭᠰᠡᠨ ᠭᠠᠵᠠᠷ ᠲᠤ ᠲᠣᠭᠲᠠᠮᠠᠯ ᠬᠤᠭᠤᠴᠠᠭ᠎ᠠ ᠲᠠᠢ ᠪᠠᠷ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠬᠤᠷᠢᠭᠯᠠᠵᠤ᠂ ᠮᠠᠨ ᠤ ᠬᠤᠲᠠ ᠶᠢᠨ ᠡᠪᠦᠯ ᠤᠨ ᠤᠯᠠᠷᠢᠯ ᠤᠨ ᠵᠤᠭᠠᠴᠠᠯ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃
ᠢᠷᠡᠯᠲᠡ᠄ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠤᠷᠳᠤᠨ