— — 2024 ᠣᠨ ᠤ 1 ᠰᠠᠷ᠎ᠠ ᠶᠢᠨ 25 ᠤ ᠡᠳᠦᠷ ᠭᠡᠭᠡᠨ ᠭᠤᠣᠯ ᠬᠤᠳᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ | ᠭᠤᠷᠪᠠᠳᠤᠭᠠᠷ ᠤᠳᠠᠭᠠᠨ ᠤ ᠬᠤᠷᠠᠯ ᠳᠡᠭᠡᠷ᠎ᠡ | ᠭᠡᠭᠡᠨ ᠭᠤᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠰᠦᠨ ᠱᠠᠩ ᠭᠦᠸᠧ | ᠲᠥᠯᠥᠭᠡᠯᠡᠭᠴᠢᠳ ᠡ᠄ | ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ | ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠨᠠᠷ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2023 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠳᠤ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠤᠨ ᠬᠤᠲᠠ ᠶᠢᠨ ᠨᠠᠮ ᠤᠨ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠲᠠ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠦᠮᠲᠦ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠬᠦᠴᠦᠨ ᠢᠶᠠᠨ ᠲᠥᠪᠯᠡᠷᠡᠭᠦᠯᠦᠨ ︽ᠬᠤᠶᠠᠷ ᠶᠡᠭᠡ ᠶᠠᠪᠤᠳᠠᠯ︾ ᠢ | ᠰᠠᠶᠢᠲᠤᠷ ᠬᠢᠵᠦ᠂ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ ᠭᠦᠨᠵᠡᠭᠡᠢ ᠪᠣᠳᠠᠲᠠᠶᠢᠵᠢᠭᠤᠯᠵᠤ᠂ ᠴᠢᠷᠮᠠᠶᠢᠨ ᠲᠡᠮᠡᠴᠡᠵᠦ᠂ ᠬᠦᠴᠢᠷ ᠢ ᠲᠤᠭᠤᠯᠤᠨ | ᠪᠡᠷᠬᠡ ᠶᠢ ᠳᠠᠪᠠᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠵᠦ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ | ︵ᠨᠢᠭᠡ︶ ᠪᠥᠬᠦ ᠬᠦᠴᠦᠨ ᠢᠶᠠᠷ ᠢᠶᠠᠨ ᠲᠥᠷᠥᠯ ᠵᠦᠢᠯ ᠢ ᠠᠳᠬᠤᠵᠤ᠂ ᠬᠥᠭᠵᠢᠯᠲᠡ ᠶᠢ ᠠᠬᠢᠭᠤᠯᠤᠨ᠂ ᠠᠵᠤ ᠠᠬᠤᠶ ᠶᠢᠨ ᠡᠷᠭᠢᠯᠲᠡ ᠢ ᠲᠣᠭᠲᠠᠭᠤᠨ | ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠪᠠ᠃ ᠪᠠᠯᠠ ᠣᠷᠣᠭᠤᠯᠤᠯᠲᠠ ᠶᠢᠨ ᠳᠠᠶᠢᠴᠢᠯᠠᠯᠲᠠ ᠬᠦᠴᠦᠲᠡᠶ ᠪᠠᠶᠢᠵᠤ᠂ 33 ᠭᠤᠤᠯᠳᠠᠯᠭ᠎ᠠ ᠲᠠᠢ ᠲᠥᠷᠥᠯ ᠵᠦᠢᠯ ᠢ | ᠬᠡᠷᠡᠭᠵᠢᠭᠦᠯᠦᠨ᠂ 5.89 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ | ᠢᠯᠡᠳᠲᠡ ᠦᠷ᠎ᠡ ᠪᠦᠲᠦᠮᠵᠢ ᠣᠯᠵᠤ᠂ ᠬᠤᠲᠠ ᠶᠢᠨ ᠭᠠᠳᠠᠨᠠᠬᠢ ᠪᠠᠯᠠ ᠮᠥᠩᠭᠦ ᠶᠢ 4.02 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ 190% | ᠨᠡᠮᠡᠭᠳᠡᠨ᠂ ᠲᠡᠤᠬᠡ ᠶᠢᠨ ᠬᠠᠮᠤᠭ ᠤᠨ ᠰᠠᠶᠢᠨ ᠬᠢᠷᠢ ᠲᠦᠪᠰᠢᠨ ᠢ ᠡᠭᠦᠳᠪᠡ᠃ ᠵᠢᠱᠢᠯᠲᠡ ᠪᠠᠷ᠂ ᠪᠥᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ | ᠥᠷᠲᠡᠭ ᠢ 41 ᠳ᠋ᠦᠩᠰᠢᠭᠤᠷ ᠲᠥᠭᠦᠷᠢᠭ ᠪᠡᠶᠡᠯᠡᠭᠦᠯᠵᠦ᠂ 6% ᠪᠠᠷ ᠨᠡᠮᠡᠭᠳᠡᠭᠦᠯᠦᠨ᠎ᠡ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ | ᠪᠠᠯᠠ ᠣᠷᠣᠭᠤᠯᠤᠯᠲᠠ ᠶᠢ 7.35 ᠳ᠋ᠦᠩᠰᠢᠭᠤᠷ ᠲᠥᠭᠦᠷᠢᠭ ᠪᠡᠶᠡᠯᠡᠭᠦᠯᠵᠦ᠂ 28.9% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠬᠥᠯᠥᠨ ᠪᠤᠶᠢᠷ | ᠬᠤᠲᠠ ᠶᠢᠨ ᠡᠮᠦᠨ᠎ᠡ ᠡᠩᠨᠡᠭᠡᠨ ᠳᠤ ᠣᠷᠣᠪᠠ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 12.97 ᠳ᠋ᠦᠩᠰᠢᠭᠤᠷ | ᠲᠥᠭᠦᠷᠢᠭ ᠲᠤ ᠬᠦᠷᠴᠦ᠂ 3.3% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 8634 ᠲᠦᠮᠡᠨ ᠲᠥᠭᠦᠷᠢᠭ ᠪᠡᠶᠡᠯᠡᠭᠦᠯᠵᠦ᠂ | 14.6% ᠪᠠᠷ ᠨᠡᠮᠡᠭᠳᠡᠪᠡ︔ ᠬᠤᠳᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ | 34297 ᠲᠥᠭᠦᠷᠢᠭ ᠲᠤ ᠬᠦᠷᠴᠦ᠂ 6% ᠪᠠᠷ ᠨᠡᠮᠡᠭᠳᠡᠪᠡ︔ ᠪᠣᠬᠢᠷᠲᠤᠯ ᠥᠬᠡᠶ ᠭᠦᠢᠴᠡᠳᠭᠡᠯ ᠲᠤᠭ᠎ᠠ ᠶᠢ ᠪᠥᠬᠦ ᠲᠠᠯ᠎ᠠ ᠪᠠᠷ ᠪᠡᠶᠡᠯᠡᠭᠦᠯᠪᠡ᠃ ᠡᠯ᠎ᠡ ᠵᠦᠢᠯ ᠤᠨ | ᠭᠦᠢᠴᠡᠳᠬᠡᠬᠦ ᠲᠤᠭ᠎ᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠰᠠᠶᠢᠨ ᠪᠠᠶᠢᠵᠤ᠂ ᠪᠦᠬᠦᠯᠢ ᠴᠣᠭᠴᠠ ᠶᠢᠨ ᠬᠥᠭᠵᠢᠯᠲᠡ ᠰᠠᠶᠢᠨ ᠪᠠᠶᠢᠳᠠᠯ ᠢᠶᠠᠨ ᠪᠠᠲᠤᠯᠠᠪᠠ᠃ | | ︵ᠬᠤᠶᠠᠷ︶ ᠪᠥᠬᠦ ᠬᠦᠴᠦᠨ ᠢᠶᠠᠷ ᠢᠶᠠᠨ ᠪᠣᠬᠢᠷᠲᠤᠯ ᠢ ᠰᠡᠷᠭᠡᠶᠢᠯᠡᠨ᠂ ᠬᠠᠮᠠᠭᠠᠯᠠᠯᠲᠠ ᠶᠢ ᠴᠢᠬᠤᠯᠠᠴᠢᠯᠠᠵᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ | ᠯᠠᠪᠳᠠᠭᠤᠨ ᠢᠶᠠᠷ ᠠᠬᠢᠭᠤᠯᠪᠠ᠃ ︽ᠭᠡᠭᠡᠨ ᠭᠤᠤᠯ ᠬᠤᠲᠠ ᠶᠢᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠪᠠᠶᠢᠴᠠᠭᠠᠯᠲᠠ ᠬᠢᠭᠡᠳ ᠦᠨᠡᠯᠡᠨ ᠵᠢᠱᠢᠬᠦ | ᠲᠥᠷᠥᠯ ᠵᠦᠢᠯ︾ ᠢ ᠨᠠᠶᠢᠷᠠᠭᠤᠯᠤᠨ ᠵᠣᠬᠢᠶᠠᠬᠤ ᠶᠢ ᠪᠡᠶᠡᠯᠡᠭᠦᠯᠵᠦ᠂ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠯᠲᠡ ᠬᠤᠲᠠ ᠶᠢᠨ | ᠤᠷᠢᠳᠴᠢᠯᠠᠨ ᠳᠠᠬᠢᠨ ᠬᠢᠨᠠᠬᠤ ᠪᠠᠷ ᠳᠡᠮᠵᠢᠨ᠂ ᠰᠢᠶᠠᠨ ᠤ ᠬᠡᠪᠴᠢᠶᠡᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠢᠨᠠᠨ ᠰᠢᠯᠭᠠᠯᠲᠠ ᠳᠤ ᠥᠪᠡᠷᠲᠡᠭᠡᠨ ᠵᠠᠰᠠᠬᠤ | ᠣᠷᠣᠨ ᠤ ᠳᠥᠷᠪᠡᠳᠦᠭᠡᠷ ᠲᠤ ᠵᠢᠭᠰᠠᠭᠠᠵᠤ᠂ ᠠᠮᠢ ᠠᠬᠤᠶ ᠶᠢᠨ ᠰᠢᠯᠵᠢᠭᠦᠯᠦᠨ ᠥᠭᠬᠦ ᠪᠠᠯᠠ ᠮᠥᠩᠭᠦ ᠶᠢ 1.5 ᠳ᠋ᠦᠩᠰᠢᠭᠤᠷ ᠲᠥᠭᠦᠷᠢᠭ ᠤᠯᠬᠤ ᠪᠠᠷ ᠴᠢᠷᠮᠠᠶᠢᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢ ᠡᠷᠡᠰ ᠰᠠᠶᠢᠲᠤᠷ ᠬᠢᠵᠦ᠂ ᠪᠢᠯᠢᠶᠠ ᠶᠢᠨ ᠠᠭᠤᠷᠬᠠᠶ ᠶᠢᠨ ᠦᠢᠯᠡᠰ ᠤᠨ ᠣᠷᠴᠢᠨ | ᠠᠬᠤᠶ ᠶᠢᠨ ᠭᠡᠨᠡᠳᠲᠡ ᠶᠢᠨ ᠬᠡᠷᠡᠭ ᠢ ᠲᠣᠬᠢᠲᠠᠶ ᠰᠢᠢᠳᠪᠦᠷᠢᠯᠡᠵᠦ᠂ ᠣᠷᠴᠢᠨ ᠲᠤᠭᠤᠷᠢᠨ ᠳᠤ ᠦᠵᠡᠭᠦᠯᠬᠦ ᠨᠦᠯᠦᠭᠡ ᠢ ᠬᠠᠮᠤᠭ ᠤᠨ ᠳᠣᠣᠷ᠎ᠠ ᠬᠡᠮᠵᠢᠶᠡᠨ ᠳᠤ | ᠬᠦᠷᠲᠡᠯ᠎ᠡ ᠪᠠᠭᠤᠷᠠᠭᠤᠯᠪᠠ᠃ ︽ᠭᠤᠤᠯ ᠤᠨ ᠳᠠᠷᠤᠭ᠎ᠠ ᠶᠢᠨ ᠲᠦᠷᠢᠮ︾ ᠢ ᠭᠦᠨᠵᠡᠭᠡᠶ ᠨᠠᠶᠢᠳᠠᠪᠤᠷᠢᠵᠢᠭᠤᠯᠵᠤ᠂ 720 ᠭᠠᠷᠤᠶ ᠬᠥᠮᠦᠨ ᠤᠳᠠᠭ᠎ᠠ ᠭᠤᠤᠯ ᠴᠠᠭᠳᠠᠵᠤ | ᠂ 30 ᠭᠠᠷᠤᠶ ᠲᠣᠨ ᠭᠤᠤᠯ ᠤᠨ ᠵᠠᠮ ᠤᠨ ᠬᠤᠭ ᠨᠣᠪᠰᠢ ᠶᠢ ᠴᠡᠪᠡᠷᠯᠡᠵᠦ᠂ ᠡᠤ ᠹᠧᠩ ᠱᠠᠨ ᠠᠭᠤᠯᠠ ᠶᠢᠨ ᠦᠶᠡᠷ ᠢ ᠬᠠᠰᠢᠬᠤ ᠭᠤᠤ ᠶᠢᠨ ᠪᠠᠷᠢᠯᠭ᠎ᠠ ᠶᠢᠨ ᠭᠤᠤᠯ | ᠴᠣᠭᠴᠠ ᠶᠢ ᠳᠠᠭᠤᠰᠬᠠᠵᠤ᠂ ᠮᠠᠨᠬᠥ᠋ᠢ ᠪᠠᠯᠭᠠᠰᠤᠨ ᠤ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ | ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠪᠡ᠃ ︽ᠣᠶ ᠰᠢᠭᠤᠶ ᠶᠢᠨ ᠳᠠᠷᠤᠭ᠎ᠠ ᠶᠢᠨ ᠲᠦᠷᠢᠮ︾ ᠢ ᠪᠥᠬᠦ ᠲᠠᠯ᠎ᠠ ᠪᠠᠷ ᠠᠬᠢᠭᠤᠯᠵᠤ᠂ 5.3 ᠲᠦᠮᠡᠨ ᠰᠠᠭᠤᠷᠢ | ᠠᠯᠪᠠᠨ ᠵᠢᠷᠤᠮ ᠤᠨ ᠮᠣᠳᠣ ᠳᠠᠷᠢᠬᠤ ᠶᠢ ᠪᠡᠶᠡᠯᠡᠭᠦᠯᠵᠦ᠂ ︽ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠬᠤᠲᠠ︾ ᠶᠢ ᠡᠭᠦᠳᠦᠨ ᠪᠠᠶᠢᠭᠤᠯᠬᠤ ᠠᠩᠬᠠᠨ ᠤ | ᠬᠢᠨᠠᠯᠲᠠ ᠶᠢ ᠪᠠᠲᠤᠯᠠᠪᠠ᠃ ᠬᠠᠨ ᠮᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠨᠢ ︽ᠳᠡᠯᠡᠬᠡᠶ ᠶᠢᠨ ᠬᠠᠮᠤᠭ ᠤᠨ ᠰᠠᠶᠢᠨ ᠪᠠᠶᠢᠭᠠᠯᠢ ᠶᠢᠨ ᠬᠠᠮᠠᠭᠠᠯᠠᠯᠲᠠ ᠶᠢᠨ | ᠭᠠᠵᠠᠷ︾ ᠭᠡᠬᠦ ᠢᠷᠠᠭᠤ ᠠᠯᠳᠠᠷ ᠢ ᠤᠯᠪᠠ᠃ | ︵ᠭᠤᠷᠪᠠ︶ ᠪᠥᠬᠦ ᠬᠦᠴᠦᠨ ᠢᠶᠠᠷ ᠢᠶᠠᠨ ᠪᠦᠲᠦᠴᠡ ᠶᠢ ᠰᠢᠯᠢᠳᠡᠭᠵᠢᠭᠦᠯᠵᠦ᠂ ᠬᠡᠯᠬᠢᠶ᠎ᠡ ᠶᠢ ᠤᠷᠲᠤᠳᠬᠠᠨ᠂ ᠠᠵᠤ ᠦᠢᠯᠡᠰ ᠤᠨ ᠬᠥᠭᠵᠢᠯᠲᠡ ᠶᠢᠨ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠨ᠎ᠡ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠷᠢᠮᠵᠢᠶ᠎ᠠ ᠪᠠ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ᠬᠥᠯᠥᠨ ᠪᠤᠶᠢᠷ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠤᠨ ᠲᠣᠭᠤᠷᠢᠨ | ᠦᠵᠡᠬᠦ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠬᠤᠷᠴᠠ ᠤᠯᠠᠭᠠᠨ ᠴᠡᠴᠡᠭ ᠤᠨ ᠲᠠᠯᠠᠢ ᠳᠤ ᠴᠡᠴᠡᠭ ᠰᠣᠨᠢᠷᠬᠠᠬᠤ ᠠᠵᠢᠯᠯᠠᠭ᠎ᠠ ᠶᠢ ᠥᠷᠨᠢᠭᠦᠯᠵᠦ᠂ | ᠣᠷᠣᠨ ᠨᠤᠲᠤᠭ ᠬᠢᠭᠡᠳ ᠠᠵᠤ ᠠᠬᠤᠶᠢᠯᠠᠯ ᠭᠠᠷ ᠬᠤᠯᠪᠣᠯᠴᠠᠨ ᠬᠠᠪᠤᠷ ᠤᠨ ᠤᠯᠠᠷᠢᠯ ᠤᠨ ᠵᠢᠭᠤᠯᠴᠢᠯᠠᠯ ᠤᠨ ᠪᠦᠲᠦᠭᠡᠭᠳᠡᠬᠦᠨ ᠢ ᠬᠠᠮᠲᠤ ᠪᠠᠷ ᠪᠤᠢ ᠪᠣᠯᠭᠠᠬᠤ ᠶᠢ | ᠠᠩᠬ᠎ᠠ ᠤᠳᠠᠭ᠎ᠠ ᠪᠡᠶᠡᠯᠡᠭᠦᠯᠪᠡ᠃ 1 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠣᠷᠣᠭᠤᠯᠵᠤ᠂ ᠤᠯᠭᠤᠶᠠ ᠶᠢᠨ ᠦᠵᠡᠮᠵᠢ ᠶᠢᠨ ᠣᠷᠣᠨ ᠳᠤ ᠳᠠᠬᠢᠨ ᠲᠠᠰ | ᠳᠡᠪᠰᠢᠭᠦᠯᠵᠦ᠂ ᠵᠢᠭᠤᠯᠴᠢᠯᠠᠭᠴᠢᠳ ᠤᠨ ᠦᠢᠯᠡᠴᠢᠯᠡᠭᠡᠨ ᠤ ᠲᠥᠪ᠂ ᠴᠠ ᠪᠤᠭᠤ ᠶᠢᠨ ᠰᠣᠶᠣᠯ ᠤᠨ ᠮᠦᠽᠧᠶ᠂ ᠤᠯᠭᠤᠶᠠ ᠶᠢᠨ ᠪᠠᠭᠤᠳᠠᠯ᠂ ᠪᠠᠷᠠᠭᠤᠨ ᠦᠵᠦᠭ ᠤᠨ | ᠪᠠᠭᠤᠴᠠ᠂ ᠱᠣᠮᠣᠺᠤᠳ᠋ ᠴᠤᠭᠯᠠᠭ᠎ᠠ ᠮᠠᠶᠢᠮᠠᠶ ᠵᠡᠷᠭᠡ ᠶᠢ ᠠᠰᠢᠭᠯᠠᠯᠲᠠ ᠳᠤ ᠣᠷᠣᠭᠤᠯᠵᠤ᠂ ᠦᠵᠡᠮᠵᠢ ᠶᠢᠨ ᠣᠷᠣᠨ ᠤ ᠳᠦᠷᠰᠦ ᠪᠠᠶᠢᠳᠠᠯ ᠴᠣ᠋ ᠰᠢᠨ᠎ᠡ ᠪᠣᠯᠵᠣ᠂ | ᠡᠵᠡᠩᠨᠡᠯᠲᠡ ᠶᠢᠨ ᠣᠷᠣᠯᠭ᠎ᠠ 1500 ᠲᠦᠮᠡᠨ ᠲᠥᠭᠦᠷᠢᠭ ᠢ ᠳᠠᠪᠠᠵᠤ᠂ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠮᠥᠰᠥ ᠴᠠᠰᠤᠨ ᠤ ᠪᠠᠷᠢᠯᠭ᠎ᠠ᠂ ᠬᠦᠢᠲᠡᠨ | ᠲᠦᠢᠯ ᠲᠣᠰᠬᠤᠨ ᠤ ᠨᠢᠭᠡᠳᠦᠭᠡᠷ ᠬᠤᠭᠤᠴᠠᠭ᠎ᠠ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠬᠦᠢᠲᠡᠨ ᠲᠦᠢᠯ ᠲᠣᠰᠬᠤᠨ ᠤ ᠮᠥᠰᠥ ᠴᠠᠰᠤᠨ ᠤ ᠤᠯᠠᠷᠢᠯ᠂ | ᠪᠦᠬᠦ ᠤᠯᠤᠰ ᠤᠨ ᠡᠪᠦᠯ ᠤᠨ ᠤᠯᠠᠷᠢᠯ ᠤᠨ ︽ᠲᠣᠰᠬᠤᠨ ᠤ ᠤᠷᠤᠢ︾ ᠶᠢᠨ ᠵᠢᠱᠢᠶ᠎ᠡ ᠦᠵᠡᠭᠦᠯᠦᠯᠭᠡ ᠶᠢᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠡᠪᠦᠯ ᠤᠨ | ᠤᠯᠠᠷᠢᠯ ᠤᠨ ᠵᠤᠭᠠᠴᠠᠯ ᠤᠨ ᠬᠥᠭᠵᠢᠯᠲᠡ ᠶᠢᠨ ᠬᠠᠨᠳᠤᠰᠢ ᠦᠷᠨᠢᠨ ᠬᠥᠭᠵᠢᠪᠡ᠃ ᠶᠡᠭᠡ ᠰᠠᠮᠠ ᠤᠯᠤᠰ ᠤᠨ ᠤᠢ ᠰᠢᠭᠤᠢ ᠶᠢᠨ ᠴᠡᠴᠡᠷᠯᠢᠭ ᠢ 3A ᠳᠡᠰ ᠤᠨ | ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠳᠡᠪᠰᠢᠭᠦᠯᠵᠦ᠂ ᠮᠠᠨᠬᠥ᠋ᠢ ᠥᠪᠡᠷᠲᠡᠭᠡᠨ ᠵᠠᠰᠠᠬᠤ ᠣᠷᠣᠨ ᠤ ᠳᠡᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ | ᠠᠮᠵᠢᠯᠲᠠ ᠲᠠᠢ ᠪᠠᠶᠢᠭᠤᠯᠪᠠ᠃ ᠣᠯᠭᠤᠶᠠ ᠦᠵᠡᠮᠵᠢ ᠶᠢᠨ ᠣᠷᠣᠨ ᠨᠢ ︽ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠯᠪᠠᠰᠤᠨ ᠵᠢᠭᠤᠯᠴᠢᠯᠠᠯ ᠤᠨ ᠵᠢᠱᠢᠶ᠎ᠡ | ᠦᠵᠡᠭᠦᠯᠬᠦ ᠨᠢᠭᠡᠴᠢ︾ ᠪᠠᠷ ᠦᠨᠡᠯᠡᠭᠳᠡᠵᠦ᠂ ᠠᠩᠬᠠᠨ ᠤ ᠪᠦᠯᠦᠭ ᠤᠨ ︽ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ | ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ︾ ᠲᠤ ᠰᠣᠩᠭᠤᠭᠳᠠᠪᠠ᠃ ᠮᠠᠨ ᠤ ᠬᠤᠲᠠ ︽ᠠᠮᠢ ᠠᠬᠤᠶ ᠶᠢᠨ ᠵᠢᠭᠤᠯᠴᠢᠯᠠᠯ ᠤᠨ ᠷᠢᠳᠢ ᠰᠢᠳᠢ ᠲᠠᠢ | ᠨᠠᠷᠠᠲᠤ ᠰᠢᠶᠠᠨ︾ ᠢᠶᠠᠷ ᠦᠨᠡᠯᠡᠭᠳᠡᠪᠡ᠃ ᠳᠤᠮᠳᠠᠳᠤ ᠤᠯᠤᠰ ᠤᠨ ᠭᠠᠵᠠᠷ ᠵᠦᠶ ᠶᠢᠨ ᠪᠠᠷᠢᠮᠲᠠᠲᠤ ᠺᠢᠨᠣ᠋᠂ ᠵᠢᠶᠠᠩᠰᠦ ᠶᠢᠨ ᠣᠳᠣᠨ ᠲᠧᠯᠸᠢᠰ ᠤᠨ ︽ᠢᠷᠡᠬᠦ ᠦᠭᠡᠶ | ᠪᠣᠯ ᠪᠣᠯᠬᠤ ᠦᠭᠡᠶ︾ ᠭᠡᠬᠦ ᠫᠡᠷᠤᠭ᠍ᠷᠠᠮ ᠬᠡᠭᠡᠨ ᠭᠤᠣᠯ ᠳᠤ ᠰᠡᠭᠦᠳᠡᠷᠯᠡᠭᠰᠡᠨ ᠢᠶᠠᠷ᠂ ︽ᠳᠤᠮᠳᠠᠳᠤ ᠤᠯᠤᠰ ᠤᠨ ᠬᠦᠢᠲᠡᠨ ᠤ ᠲᠦᠢᠯ︾᠂ ︽ᠣᠯᠭᠤᠶᠠ︾ ᠭᠡᠬᠦ | ᠨᠡᠷᠡᠲᠦ ᠲᠡᠮᠳᠡᠭ ᠤᠨ ᠠᠯᠳᠠᠷᠰᠢᠯ ᠲᠠᠰᠤᠷᠠᠯᠲᠠ ᠦᠭᠡᠶ ᠳᠡᠭᠡᠭᠰᠢᠯᠡᠵᠦ ᠪᠠᠶᠢᠨ᠎ᠠ᠃ ᠪᠦᠬᠦ ᠵᠢᠯ ᠳᠤ 221 ᠲᠦᠮᠡᠨ ᠬᠥᠮᠦᠨ ᠤᠳᠠᠭ᠎ᠠ ᠶᠢᠨ ᠵᠤᠭᠠᠴᠠᠭᠰᠠᠳ ᠢ | ᠬᠦᠯᠢᠶᠡᠨ ᠠᠪᠴᠤ᠂ ᠵᠤᠭᠠᠴᠠᠯ ᠤᠨ ᠣᠷᠣᠯᠭ᠎ᠠ 33 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 119% ᠪᠠ | 171% ᠨᠡᠮᠡᠭᠳᠡᠪᠡ᠃ ᠲᠠᠷᠢᠶᠠᠯᠠᠩ ᠮᠠᠯ ᠠᠵᠤ ᠠᠬᠤᠶ ᠶᠢᠨ ᠨᠡᠮᠡᠭᠳᠡᠯ ᠤᠨ ᠬᠡᠮᠵᠢᠶ᠎ᠡ ᠪᠠ ᠶᠠᠰᠤ ᠴᠢᠨᠠᠷ ᠢ ᠨᠡᠮᠡᠭᠳᠡᠭᠦᠯᠦᠨ᠂ ᠠᠮᠤ ᠪᠤᠳᠠᠭ᠎ᠠ ᠳᠠᠷᠢᠬᠤ ᠡᠭᠦᠷᠭᠡ ᠶᠢ | ᠪᠡᠶᠡᠯᠡᠭᠦᠯᠦᠨ᠂ 230 ᠲᠦᠮᠡᠨ ᠤᠭᠤᠲᠠ ᠬᠠᠷ᠎ᠠ ᠳᠡᠯᠳᠡᠦ᠂ 15.2 ᠲᠦᠮᠡᠨ ᠤᠭᠤᠲᠠ ᠪᠢᠯᠢᠭᠲᠦ ᠳᠡᠯᠳᠡᠦ᠂ 108 ᠮᠥ ᠬᠥᠬᠡ ᠬᠦᠵᠡᠯᠵᠡᠭᠡᠨ᠎ᠡ᠂ 2000 | ᠭᠠᠷᠤᠶ ᠮᠥ ᠴᠠᠨ᠎ᠠ ᠳᠠᠷᠢᠪᠠ᠃ ᠬᠦᠬᠡ ᠢᠨᠳᠢᠭᠤ ᠵᠢᠮᠢᠰ ᠢ ᠳᠡᠯᠭᠡᠷᠡᠭᠦᠯᠬᠦ ᠵᠢᠱᠢᠶ᠎ᠡ ᠦᠵᠡᠭᠦᠯᠬᠦ ᠲᠦᠷᠦᠯ ᠵᠦᠢᠯ ᠲᠠᠷᠢᠶᠠᠨ ᠭᠠᠵᠠᠷ ᠤᠨ ᠬᠠᠮᠢᠶᠠᠷᠤᠯᠲᠠ ᠶᠢᠨ | ᠱᠠᠲᠤᠨ ᠳᠤ ᠣᠷᠣᠪᠠ᠃ ᠮᠠᠯ ᠠᠵᠤ ᠠᠬᠤᠶ ᠶᠢᠨ ᠵᠢᠯ ᠤᠨ ᠮᠠᠯ ᠤᠨ ᠲᠤᠭ᠎ᠠ 1.62 ᠲᠦᠮᠡ ᠳᠤ ᠬᠦᠷᠴᠦ᠂ ᠮᠢᠬᠠᠨ ᠤ ᠭᠠᠷᠤᠯᠲᠠ 680 ᠲᠣᠨ ᠳᠤ ᠬᠦᠷᠴᠦ᠂ | 27% ᠪᠠᠷ ᠨᠡᠮᠡᠭᠳᠡᠪᠡ᠃ ᠣᠯᠭᠤᠶᠠ ᠶᠢᠨ ᠴᠠ ᠪᠤᠭᠤ ᠶᠢᠨ ᠡᠭᠦᠯᠳᠡᠷ ᠬᠠᠮᠠᠭᠠᠯᠠᠬᠤ ᠠᠵᠢᠯ ᠡᠮᠬᠢ ᠵᠢᠷᠤᠮ ᠲᠠᠢ ᠶᠠᠪᠤᠭᠳᠠᠵᠤ᠂ ᠴᠠ ᠪᠤᠭᠤ ᠶᠢᠨ ᠲᠤᠭ᠎ᠠ 1400 | ᠭᠠᠷᠤᠶ ᠳᠤ ᠬᠦᠷᠴᠡᠶ᠃ ᠠᠮᠢ ᠠᠬᠤᠶ ᠶᠢᠨ ᠠᠵᠤ ᠦᠢᠯᠡᠰ ᠴᠠᠭ ᠤᠨ ᠪᠠᠶᠢᠳᠠᠯ ᠢ ᠠᠮᠵᠢᠨ ᠬᠥᠭᠵᠢᠵᠦ᠂ ᠤᠨᠴᠠᠯᠢᠬᠳᠤ ᠳᠠᠪᠠᠭᠤᠯᠢᠭ ᠠᠵᠤ ᠦᠢᠯᠡᠰ ᠬᠥᠭᠵᠢᠨ | ᠪᠤᠵᠠᠭᠠᠶᠢᠷᠠᠵᠤ᠂ ᠬᠤᠩ ᠶᠤᠸᠠᠨ ᠺᠣᠮᠫᠠᠨᠢ ᠶᠢ ᠬᠥᠯᠥᠨ ᠪᠤᠶᠢᠷ ᠬᠤᠲᠠ ᠶᠢᠨ ᠴᠢᠨᠠᠷ ᠰᠠᠶᠢᠲᠠᠶ ᠳᠤᠮᠳᠠ ᠵᠢᠵᠢᠭ ᠠᠵᠤ ᠠᠬᠤᠶᠢᠯᠠᠯ ᠤᠨ ᠱᠠᠲᠤᠴᠢᠯᠠᠨ ᠪᠤᠶᠢᠵᠢᠭᠤᠯᠬᠤ | ᠬᠥᠮᠥᠷᠭᠡ ᠳᠤ ᠣᠷᠣᠭᠤᠯᠪᠠ᠃ ᠯᠢᠨ ᠬᠠᠶ ᠶᠤᠸᠠᠨ ᠺᠣᠮᠫᠠᠨᠢ ᠥᠪᠡᠷᠲᠡᠭᠡᠨ ᠵᠠᠰᠠᠬᠤ ᠣᠷᠣᠨ ᠤ ᠠᠩᠬᠠᠨ ᠤ ᠪᠦᠯᠦᠭ ︽ᠥᠪᠥᠷ ᠮᠣᠩᠭᠤᠯ ᠤᠨ ᠠᠮᠲᠠ︾ | ᠦᠢᠯᠡᠳᠪᠦᠷᠢᠯᠡᠯ ᠤᠨ ᠠᠵᠤ ᠠᠬᠤᠶᠢᠯᠠᠯ ᠤᠨ ᠨᠤᠲᠠᠯᠠᠯᠲᠠ ᠶᠢ ᠣᠯᠵᠤ᠂ ᠬᠥᠬᠡ ᠬᠦᠵᠡᠯᠵᠡᠭᠡᠨ᠎ᠡ ᠵᠢᠮᠢᠰ ᠤᠨ ᠬᠠᠲᠠᠭᠠᠮᠠᠯ ᠢ ︽ᠳ᠋ᠦᠩ ᠹᠠᠩ ᠵᠧᠨ ᠰᠢᠥᠸᠠᠨ︾ | ᠰᠢᠭᠤᠳ ᠨᠡᠪᠲᠡᠷᠡᠭᠦᠯᠭᠡ ᠶᠢᠨ ᠲᠠᠰᠤᠭ ᠲᠤ ᠣᠷᠣᠭᠤᠯᠵᠤ᠂ ᠦᠢᠯᠡᠳᠭᠦᠨ ᠤ ᠪᠣᠷᠣᠯᠠᠭᠤᠯᠭ᠎ᠠ ᠬᠥᠭᠵᠢᠶᠡᠨᠲᠡᠶ ᠪᠣᠯᠪᠠ᠃ ᠪᠢᠯᠢᠭᠲᠦ ᠳᠡᠯᠳᠡᠦ ᠶᠢᠨ ᠤᠤᠭᠤᠬᠤ ᠰᠢᠩᠭᠡᠨ | ᠂ ᠪᠢᠯᠢᠭᠲᠦ ᠳᠡᠯᠳᠡᠦ ᠶᠢᠨ ᠨᠤᠨᠲᠠᠭ᠂ ᠪᠢᠯᠢᠭᠲᠦ ᠳᠡᠯᠳᠡᠦ ᠶᠢᠨ ᠢᠯᠲᠠᠰᠤ ᠵᠡᠷᠭᠡ ᠰᠢᠷᠢᠰ ᠦᠢᠯᠡᠳᠬᠦᠨ ᠢ ᠰᠤᠳᠤᠯᠤᠨ ᠦᠢᠯᠡᠳᠪᠦᠷᠢᠯᠡᠵᠦ᠂ ᠪᠢᠯᠢᠭᠲᠦ ᠳᠡᠯᠳᠡᠦ ᠶᠢ | ᠨᠠᠷᠢᠯᠢᠭ ᠪᠣᠯᠪᠠᠰᠤᠷᠠᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠪᠠ᠃ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠡᠷᠴᠢᠮᠵᠢᠭᠦᠯᠦᠨ ᠲᠥᠪᠯᠡᠷᠡᠨ ᠬᠥᠭᠵᠢᠵᠦ | ᠂ ᠬᠦᠢᠳᠡᠨ ᠡᠬᠢ ᠪᠠᠶᠠᠯᠢᠭ ᠤᠨ ᠰᠤᠳᠤᠯᠭᠠᠨ ᠤ ᠬᠦᠷᠢᠶᠡᠯᠡᠩ ᠨᠢ ︽ᠬᠥᠯᠥᠨ ᠪᠤᠶᠢᠷ ᠬᠤᠳᠠ ᠶᠢᠨ ᠲᠡᠰ ᠤᠨ ᠬᠦᠢᠳᠡᠨ ᠡᠬᠢ ᠪᠠᠶᠠᠯᠢᠭ ᠤᠨ ᠮᠡᠷᠭᠡᠵᠢᠯ ᠤᠨ ᠰᠢᠨ᠎ᠡ ᠶᠢ | ᠡᠭᠦᠳᠬᠦ ᠲᠥᠪ︾ ᠢᠶᠠᠷ ᠦᠨᠡᠯᠡᠭᠳᠡᠪᠡ᠃ ᠲᠦᠩ ᠵᠢᠶ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠣᠩᠭᠤᠴᠠ ᠰᠠᠯ ᠤᠨ ᠵᠢᠷᠤᠭ ᠲᠥᠯᠥᠪᠯᠡᠭᠡᠨ ᠤ | ᠬᠦᠷᠢᠶᠡᠯᠡᠩ ᠲᠠᠢ ᠬᠠᠮᠲᠤᠷᠠᠨ᠂ ᠲᠣᠨᠣᠭᠯᠠᠯ ᠤᠨ ᠳᠣᠤᠷ᠎ᠠ ᠳᠤᠯᠠᠭᠠᠨ ᠢ ᠳᠠᠭᠠᠭᠠᠬᠤ ᠬᠡᠮᠵᠢᠯᠲᠡ ᠶᠢ ᠥᠷᠨᠢᠭᠦᠯᠦᠨ᠎ᠡ᠃ ᠰᠢᠨ᠎ᠡ ᠨᠢᠭᠡ ᠦᠶ᠎ᠡ ᠶᠢᠨ ᠴᠠᠭ ᠠᠭᠤᠷ ᠤᠨ | ᠷᠠᠳᠠᠷ ᠤᠨ ᠪᠥᠲᠥᠭᠡᠨ ᠪᠠᠶᠢᠭᠤᠯᠤᠯᠲᠠ ᠤᠷᠤᠭᠰᠢᠲᠠᠶ ᠶᠠᠪᠤᠭᠳᠠᠵᠤ᠂ ᠣᠯᠭᠤᠶᠠ ᠨᠢᠰᠬᠡᠯ ᠤᠨ ᠪᠠᠭᠤᠳᠠᠯ ᠢ ᠲᠠᠰ ᠳᠡᠪᠰᠢᠭᠦᠯᠦᠨ ᠥᠭᠡᠷᠡᠴᠢᠯᠡᠵᠦ᠂ ᠰᠢ ᠠᠨ ᠤ | ᠲᠤᠷᠰᠢᠨ ᠨᠢᠰᠬᠦ ᠬᠦᠷᠢᠶᠡᠯᠡᠩ ᠤᠨ ᠬᠢᠨ ᠣᠯᠠᠨ ᠬᠡᠯᠪᠡᠷᠢ ᠶᠢᠨ ᠨᠢᠰᠦᠭᠦᠷ ᠤᠨ ᠲᠦᠢᠯ ᠤᠨ ᠬᠦᠢᠳᠡᠨ ᠪᠠᠶᠢᠳᠠᠯ ᠢ ᠰᠢᠯᠭᠠᠬᠤ ᠠᠵᠢᠯ ᠢ ᠥᠷᠨᠢᠭᠦᠯᠵᠦ᠂ ᠥᠨᠳᠥᠷ | ᠬᠦᠢᠳᠡᠨ ᠪᠠᠶᠢᠳᠠᠯ ᠢ ᠰᠢᠯᠭᠠᠬᠤ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠪᠡ᠃ ᠳᠤᠮᠳᠠᠳᠤ ᠤᠯᠤᠰ ᠤᠨ ᠬᠦᠢᠳᠡᠨ | ᠲᠦᠢᠯ ᠤᠨ ᠮᠠᠷᠠᠰᠤᠨ ᠤᠷᠤᠯᠳᠤᠭᠠᠨ ᠢ ᠠᠮᠵᠢᠯᠲᠠ ᠲᠠᠢ ᠡᠷᠬᠢᠯᠡᠵᠦ᠂ ︽ᠮᠥᠰᠥ ᠴᠠᠰᠤ + ᠪᠡᠶ᠎ᠡ ᠶᠢᠨ ᠲᠠᠮᠢᠷ ᠤᠨ ᠬᠥᠳᠡᠯᠭᠡᠭᠡᠨ︾ ᠨᠢ ᠮᠥᠰᠥ ᠴᠠᠰᠤᠨ ᠤ ᠠᠵᠤ | ᠠᠬᠤᠶ ᠶᠢᠨ ᠬᠥᠭᠵᠢᠯᠲᠡ ᠶᠢᠨ ᠰᠢᠨ᠎ᠡ ᠬᠥᠳᠡᠯᠭᠡᠭᠦᠷ ᠪᠣᠯᠪᠠ᠃ ᠤᠯᠠᠮᠵᠢᠯᠠᠯᠲᠤ ᠠᠵᠤ ᠦᠢᠯᠡᠰ ᠤᠨ ᠰᠢᠨ᠎ᠡ ᠶᠢ ᠡᠭᠦᠳᠦᠨ ᠰᠢᠯᠢᠳᠡᠭ ᠢ ᠡᠭᠦᠳᠬᠦ ᠬᠥᠭᠵᠢᠯᠲᠡ ᠶᠢ | ᠪᠡᠶᠡᠯᠡᠭᠦᠯᠵᠦ᠂ ᠱᠠᠨᠵᠢᠨ ᠠᠭᠤᠷᠬᠠᠶ ᠶᠢᠨ ᠦᠢᠯᠡᠰ ᠤᠨ ᠰᠣᠩᠭᠤᠬᠤ ᠦᠢᠯᠡᠳᠪᠦᠷᠢ ᠶᠢᠨ ᠠᠦ᠋ᠲ᠋ᠣᠴᠢᠯᠠᠭᠰᠠᠨ ᠥᠭᠡᠷᠡᠴᠢᠯᠡᠯᠲᠡ ᠶᠢ ᠪᠡᠶᠡᠯᠡᠭᠦᠯᠵᠦ᠂ ᠮᠢᠨ ᠠᠨ | ᠮᠣᠳᠣᠨ ᠦᠢᠯᠡᠰ ᠤᠨ ᠦᠢᠯᠡᠳᠪᠦᠷᠢᠯᠡᠯ ᠤᠨ ᠱᠤᠭᠤᠮ ᠤᠨ ᠮᠡᠷᠭᠡᠵᠢᠯ ᠤᠨ ᠲᠠᠰ ᠳᠡᠪᠰᠢᠭᠦᠯᠬᠦ ᠥᠭᠡᠷᠡᠴᠢᠯᠡᠯᠲᠡ ᠶᠢ ᠪᠡᠶᠡᠯᠡᠭᠦᠯᠵᠦ᠂ ᠭᠧᠨ ᠯᠢᠨ ᠮᠣᠳᠣᠨ ᠦᠢᠯᠡᠰ ᠪᠠ | ᠭᠤᠸᠠᠩ ᠮᠢᠩ ᠢᠯᠴᠢ ᠶᠢᠨ ᠴᠠᠬᠢᠯᠭᠠᠨ ᠤ ᠺᠣᠮᠫᠠᠨᠢ ᠶᠢᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ | ᠠᠬᠤᠶᠢᠯᠠᠯ ᠳᠤ ᠰᠣᠩᠭᠤᠭᠳᠠᠨ ᠣᠷᠣᠵᠤ᠂ ᠥᠩᠭᠡᠲᠦ ᠲᠡᠮᠦᠷᠯᠢᠭ ᠲᠡᠭᠦᠵᠦ ᠰᠣᠩᠭᠤᠬᠤ ᠦᠢᠯᠡᠰ ᠪᠠ ᠮᠣᠳᠣᠨ ᠮᠠᠲ᠋ᠧᠷᠢᠶᠠᠯ ᠡᠳ᠋ᠰᠢᠭᠦᠯᠬᠦ ᠦᠢᠯᠡᠰ ᠤᠨ | ᠦᠢᠯᠡᠳᠭᠦᠨ ᠤ ᠥᠷᠲᠡᠭ ᠢ 4.02 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠭᠠᠳᠠᠭᠠᠳᠤ ᠠᠷᠠᠯᠵᠢᠶ᠎ᠠ ᠶᠢᠨ ᠤᠷᠤᠭᠤᠯᠤᠯᠲᠠ ᠭᠠᠷᠭᠠᠯᠲᠠ ᠶᠢᠨ ᠶᠡᠷᠦᠩᠬᠡᠶ | ᠬᠡᠮᠵᠢᠶ᠎ᠡ ᠶᠢ 3904 ᠲᠦᠮᠡᠨ ᠲᠥᠭᠦᠷᠢᠭ ᠪᠡᠶᠡᠯᠡᠭᠦᠯᠵᠦ᠂ 19.75% ᠪᠠᠷ ᠨᠡᠮᠡᠭᠳᠡᠪᠡ᠃ | ︵ᠲᠦᠷᠪᠡ︶ ᠪᠦᠬᠦ ᠬᠦᠴᠦᠨ ᠢᠶᠠᠷ ᠢᠶᠠᠨ ᠠᠮᠢᠳᠤᠯᠢᠭ ᠬᠦᠴᠦᠨ ᠢ ᠬᠥᠭᠵᠢᠭᠡᠵᠦ᠂ ᠬᠥᠳᠡᠯᠭᠡᠬᠦ ᠬᠦᠴᠦᠨ ᠢ ᠨᠡᠮᠡᠷᠢᠯᠡᠵᠦ᠂ ᠥᠭᠡᠷᠡᠴᠢᠯᠡᠯᠲᠡ ᠨᠡᠭᠡᠭᠡᠯᠳᠡ ᠶᠢ | ᠭᠦᠨᠵᠡᠭᠡᠶᠢᠷᠡᠭᠦᠯᠦᠨ ᠠᠬᠢᠭᠤᠯᠪᠠ᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠭᠠᠶᠢᠯᠢ ᠶᠢᠨ | ᠰᠦᠢᠳᠭᠡᠯ ᠢ 3097 ᠲᠦᠮᠡᠨ ᠲᠥᠭᠦᠷᠢᠭ ᠬᠠᠰᠤᠵᠤ ᠭᠡᠯᠳᠦᠷᠢᠭᠦᠯᠵᠦ᠂ ᠭᠠᠶᠢᠯᠢ ᠶᠢᠨ ᠪᠤᠴᠠᠭᠠᠯᠲᠠ ᠶᠢ 517 ᠲᠦᠮᠡᠨ ᠲᠥᠭᠦᠷᠢᠭ ᠦᠯᠡᠳᠡᠭᠡᠪᠡ᠃ ᠲᠠᠪᠤᠳᠤᠭᠠᠷ | ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠯᠠᠪᠳᠠᠭᠤᠨ ᠪᠠᠲᠤᠲᠠᠶ ᠦᠷᠨᠢᠭᠦᠯᠵᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠦᠬᠦᠨ ᠢ ᠶᠡᠷᠥᠩᠬᠡᠶᠢᠯᠡᠭᠰᠡᠨ ᠴᠣᠩᠬᠤ ᠪᠠᠷ | ᠭᠦᠢᠴᠡᠳᠭᠡᠬᠦ ᠶᠢ ᠪᠡᠶᠡᠯᠡᠭᠦᠯᠵᠦ᠂ ᠪᠥᠬᠦ ᠶᠠᠪᠤᠴᠠ ᠳᠤ ᠰᠦᠯᠵᠢᠶᠡᠨ ᠳᠡᠭᠡᠷ᠎ᠡ ᠭᠦᠢᠴᠡᠳᠭᠡᠬᠦ ᠬᠠᠷᠢᠴᠠᠯ ᠢ 23.6% ᠳᠡᠭᠡᠭᠰᠢᠯᠡᠭᠦᠯᠵᠦ᠂ 98.55% ᠬᠥᠷᠪᠡ᠃ | ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ︽12345︾ ᠦᠢᠯᠡᠴᠢᠯᠡᠭᠡᠨ ᠤ ᠬᠠᠯᠠᠮᠰᠢᠯ ᠤᠲᠠᠰᠤ ᠶᠢ 2307 ᠬᠤᠪᠢ | ᠭᠥᠯᠢᠶᠡᠨ ᠠᠪᠴᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 99.18% ᠳᠤ ᠬᠥᠷᠪᠡ᠃ ᠪᠡᠯᠡ ᠣᠷᠣᠭᠤᠯᠤᠯᠲᠠ ᠶᠢ ᠠᠬᠢᠭᠤᠯᠬᠤ ᠲᠥᠪ ᠢ ᠪᠠᠶᠢᠭᠤᠯᠵᠤ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠤᠨ ᠲᠠᠨᠢᠯᠴᠠᠭᠤᠯᠬᠤ ᠠᠵᠢᠯᠯᠠᠭ᠎ᠠ ᠶᠢ 39 ᠤᠳᠠᠭ᠎ᠠ ᠡᠷᠬᠢᠯᠡᠵᠦ᠂ 24 ᠬᠤᠳᠠᠯᠳᠤᠭᠠᠴᠢᠨ ᠤᠷᠢᠵᠤ ᠪᠡᠯᠡ ᠣᠷᠣᠭᠤᠯᠤᠨ | ᠠᠪᠴᠢᠷᠠᠬᠤ ᠲᠦᠷᠦᠯ ᠵᠦᠢᠯ ᠲᠠᠢ ᠭᠡᠷ᠎ᠡ ᠲᠣᠭᠲᠠᠵᠤ᠂ ᠨᠢᠭᠡ ᠪᠦᠯᠦᠭ ᠬᠤᠳᠠᠯᠳᠤᠭᠠᠴᠢᠨ ᠤᠷᠢᠬᠤ ᠲᠦᠷᠦᠯ ᠵᠦᠢᠯ ᠢ ᠡᠬᠢᠯᠡᠨ ᠪᠠᠶᠢᠭᠤᠯᠵᠤ᠂ ᠭᠡᠭᠡᠨ ᠭᠤᠣᠯ ᠤᠨ | ᠠᠵᠤ ᠠᠬᠤᠢ ᠶᠢᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ | ︵ᠲᠠᠪᠤ︶ ᠪᠥᠬᠦ ᠬᠦᠴᠦᠨ ᠢᠶᠠᠷ ᠢᠶᠠᠨ ᠰᠠᠭᠤᠷᠢ ᠶᠢ ᠪᠠᠬᠢᠵᠢᠭᠦᠯᠵᠦ᠂ ᠣᠷᠣᠨ ᠵᠠᠶ ᠶᠢ ᠥᠷᠭᠡᠳᠬᠡᠵᠦ᠂ ᠬᠤᠲᠠ ᠬᠥᠳᠡᠭᠡ ᠶᠢᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ᠎ᠡ᠃ ᠦᠯᠢᠺᠦᠮᠠ ᠠᠴᠠ ᠰᠢᠶᠠ ᠶᠠᠩ ᠭᠧ ᠴᠢ ᠬᠦᠷᠬᠦ᠂ ᠧᠯᠪᠦᠷ ᠠᠴᠠ ᠮᠦᠯᠦᠢ ᠬᠦᠷᠬᠦ ᠵᠠᠰᠠᠮᠠᠯ ᠵᠠᠮ ᠤᠨ ᠪᠠᠷᠢᠯᠭ᠎ᠠ ᠶᠢᠨ ᠠᠵᠢᠯ ᠢ ᠡᠬᠢᠯᠡᠭᠦᠯᠵᠦ᠂ | ᠭᠡᠭᠡᠨ ᠭᠤᠤᠯ ᠮᠠᠨᠬᠥ᠋ᠢ ᠶᠢᠨ ᠵᠠᠰᠠᠮᠠᠯ ᠵᠠᠮ ᠤᠨ ᠠᠯᠦ᠋ᠩᠱᠠᠨ ᠠᠭᠤᠯᠠ ᠶᠢᠨ ᠬᠡᠰᠡᠭ ᠤᠨ ᠠᠭᠤᠯᠠ ᠶᠢᠨ ᠭᠤᠯᠭᠤᠭ᠎ᠠ ᠪᠠᠯ ᠢ ᠰᠢᠢᠳᠪᠦᠷᠢᠯᠡᠬᠦ ᠶᠢ ᠪᠡᠶᠡᠯᠡᠭᠦᠯᠵᠦ᠂ 32 | ᠰᠠᠭᠤᠷᠢ ᠨᠤᠷᠠᠬᠤ ᠠᠶᠤᠯᠲᠠᠢ ᠬᠥᠭᠦᠷᠭᠡ ᠶᠢ ᠥᠭᠡᠷᠡᠴᠢᠯᠡᠪᠡ᠃ 1.2 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠣᠷᠣᠭᠤᠯᠵᠤ᠂ ᠬᠤᠲᠠ ᠶᠢᠨ ᠶᠠᠪᠤᠳᠠᠯ ᠤᠨ 15 | ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠢ ᠬᠡᠷᠡᠭᠵᠢᠭᠦᠯᠦᠨ᠂ ᠰᠢᠨ ᠺᠠᠶ ᠵᠡᠭᠡᠯᠢ᠂ ᠵᠤᠯᠵᠠᠭ᠎ᠠ ᠮᠣᠳᠣᠨ ᠤ ᠬᠦᠷᠢᠶᠡᠯᠡᠩ ᠤᠨ ᠬᠤᠶᠢᠲᠤ ᠵᠠᠮ ᠤᠨ ᠪᠥᠲᠥᠭᠡᠨ | ᠪᠠᠶᠢᠭᠤᠯᠤᠯᠲᠠ ᠶᠢ ᠪᠡᠶᠡᠯᠡᠭᠦᠯᠵᠦ᠂ ᠯᠢᠨ ᠵᠢᠶᠠᠨ ᠵᠠᠮ ᠵᠡᠷᠭᠡ 3 ᠵᠤᠷᠪᠤᠰ ᠵᠠᠮ ᠤᠨ ᠪᠠᠷᠤᠭᠰᠢᠨ ᠵᠠᠮ ᠤᠨ ᠨᠢᠭᠤᠷ ᠢ 11460 ᠲᠡᠭᠰᠢ ᠳᠥᠷᠪᠡᠯᠵᠢᠨ ᠮᠧᠲᠷ | ᠳᠡᠪᠢᠰᠴᠦ᠂ ᠬᠤᠲᠠ ᠶᠢᠨ ᠵᠠᠮ ᠤᠨ ᠡᠪᠳᠡᠷᠡᠵᠦ ᠰᠦᠢᠳᠦᠭᠰᠡᠨ ᠵᠠᠮ ᠤᠨ ᠨᠢᠭᠤᠷ ᠢ 2700 ᠲᠡᠭᠰᠢ ᠳᠥᠷᠪᠡᠯᠵᠢᠨ ᠮᠧᠲᠷ ᠰᠡᠯᠪᠢᠨ ᠵᠠᠰᠠᠪᠠ︔ 7 ᠬᠠᠭᠤᠴᠢᠨ | ᠰᠠᠭᠤᠭᠠᠯᠢ ᠠᠷᠠᠳ ᠤᠨ ᠲᠣᠭᠤᠷᠢᠭ᠂ 14 ᠰᠠᠭᠤᠷᠢ ᠣᠷᠣᠨ ᠰᠠᠭᠤᠴᠠ ᠶᠢᠨ ᠠᠰᠠᠷ ᠢ ᠥᠭᠡᠷᠡᠴᠢᠯᠡᠨ ᠪᠠᠶᠢᠭᠤᠯᠵᠤ᠂ 502 ᠡᠷᠦᠬᠡ ᠳᠤ ᠠᠰᠢᠭ ᠬᠦᠷᠲᠡᠭᠡᠪᠡ︔ | ᠢᠯᠴᠢ ᠬᠠᠩᠭᠠᠬᠤ᠂ ᠤᠰᠤ ᠬᠠᠩᠭᠠᠬᠤ᠂ ᠤᠰᠤ ᠵᠠᠯᠠᠬᠤ ᠵᠡᠷᠭᠡ 18 ᠺᠢᠯᠣᠮᠧᠲᠷ ᠬᠠᠭᠤᠴᠢᠨ ᠬᠤᠭᠤᠯᠠᠶ ᠶᠢᠨ ᠲᠣᠤᠷ ᠢ ᠦᠭᠡᠷᠡᠴᠢᠯᠡᠪᠡ︔ ᠶᠢᠨ ᠾᠧ᠂ ᠮᠠᠨᠬᠥ᠋ᠢ | ᠶᠢᠨ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠦᠢᠯᠡᠳᠪᠦᠷᠢ ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠡᠢ᠃ ᠣᠷᠴᠢᠨ ᠲᠣᠭᠤᠷᠢᠨ ᠢ | ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠶᠡᠬᠡᠪᠡᠷ ᠥᠷᠨᠢᠭᠦᠯᠵᠦ᠂ 8.5 ᠲᠦᠮᠡᠨ ᠰᠠᠭᠤᠷᠢ ᠦᠵᠡᠮᠵᠢ ᠶᠢᠨ ᠴᠡᠴᠡᠭ ᠳᠠᠷᠢᠵᠤ᠂ 2559 ᠲᠡᠷᠭᠡᠨ ᠵᠣᠭᠰᠣᠭᠠᠯ ᠢ | ᠵᠠᠭᠠᠭᠯᠠᠨ ᠲᠣᠭᠲᠠᠭᠠᠵᠤ᠂ ᠬᠤᠲᠠ ᠶᠢᠨ ᠲᠣᠭᠤᠷᠢᠭ ᠤᠨ ᠭᠤᠤᠯ ᠪᠣᠯᠬᠤ ᠵᠡᠭᠡᠯᠢ ᠭᠤᠳᠤᠮᠵᠢ ᠶᠢᠨ ᠵᠡᠭᠡᠯᠢ ᠳᠠᠭᠠᠤ ᠶᠢᠨ ᠠᠰᠠᠷ ᠢ ᠭᠡᠷᠡᠯᠲᠦᠭᠦᠯᠬᠦ᠂ ᠵᠠᠮ ᠤᠨ ᠳ᠋ᠧᠩ ᠢ | ᠴᠢᠮᠡᠭᠯᠡᠬᠦ ᠶᠢ ᠪᠡᠶᠡᠯᠡᠭᠦᠯᠵᠦ᠂ ᠰᠥᠨᠢ ᠶᠢᠨ ᠦᠵᠡᠮᠵᠢ ᠶᠢ ᠭᠤᠶᠣᠯᠠᠵᠤ᠂ ᠵᠢᠭᠤᠯᠴᠢᠯᠠᠯ ᠤᠨ ᠬᠤᠲᠠ ᠶᠢᠨ ᠳᠦᠷᠢ ᠲᠥᠷᠬᠦ ᠶᠢ ᠳᠡᠭᠡᠭᠰᠢᠯᠡᠭᠦᠯᠪᠡ᠃ | ︵ᠵᠢᠷᠭᠤᠭ᠎ᠠ︶ ᠪᠥᠬᠦ ᠬᠦᠴᠦᠨ ᠢᠶᠠᠷ ᠢᠶᠠᠨ ᠪᠠᠲᠤᠯᠠᠭ᠎ᠠ ᠶᠢ ᠴᠢᠩᠭᠠᠳᠬᠠᠵᠤ᠂ ᠪᠣᠳᠠᠲᠤ ᠶᠠᠪᠤᠳᠠᠯ ᠬᠢᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ | ᠦᠷᠭᠦᠯᠵᠢᠯᠡᠨ ᠨᠡᠮᠡᠭᠳᠡᠭᠦᠯᠪᠡ᠃ ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠷᠤᠯᠭ᠎ᠠ 9.69 ᠳ᠋ᠥᠩᠰᠢᠭᠤᠷ ᠲᠥᠭᠦᠷᠢᠭ ᠲᠤ ᠬᠦᠷᠴᠦ᠂ | ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 62% ᠢ ᠡᠵᠡᠯᠡᠪᠡ᠃ ᠠᠵᠢᠯ ᠣᠯᠭᠤᠯᠲᠠ ᠶᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠵᠤ᠂ ᠬᠤᠳᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.2% ᠤᠨ ᠳᠤᠲᠤᠷ᠎ᠠ ᠬᠢᠵᠠᠭᠠᠷᠯᠠᠪᠠ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ | ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠰᠠᠷ᠎ᠠ ᠪᠦᠷᠢ 808 ᠲᠥᠭᠦᠷᠢᠭ ᠪᠣᠯᠲᠠᠯ᠎ᠠ ᠳᠡᠭᠡᠭᠰᠢᠯᠡᠭᠦᠯᠵᠦ᠂ ᠡᠮ ᠡᠮᠨᠡᠯᠭᠡ ᠶᠢᠨ | ᠳᠠᠭᠠᠳᠬᠠᠯ ᠤᠨ ᠭᠠᠷᠲᠠᠨ ᠭᠦᠢᠴᠡᠳᠭᠡᠬᠦ ᠦᠢᠯᠡᠴᠢᠯᠡᠭᠡ ᠶᠢ ᠰᠢᠶᠠᠩ ᠪᠠᠯᠭᠠᠰᠤ ᠵᠡᠭᠡᠯᠢ ᠭᠤᠳᠤᠮᠵᠢ ᠳᠤ ᠨᠡᠶᠢᠳᠡᠮ ᠬᠠᠮᠥᠷᠪᠠ᠃ ︽15 ᠮᠢᠨᠦ᠋ᠲ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠤᠷᠢᠭ︾ ᠢ ᠪᠠᠶᠢᠭᠤᠯᠵᠤ᠂ ᠶᠢᠨ ᠾᠧ᠂ ᠠᠯᠦ᠋ᠩᠱᠠᠨ᠂ ᠳ᠋ᠧᠯᠪᠦᠷ ᠪᠠᠯᠭᠠᠰᠤᠨ ᠤ ᠨᠠᠰᠤᠵᠢᠯ ᠤᠨ | ᠠᠰᠠᠷᠠᠮᠵᠢ ᠶᠢᠨ ᠦᠶ᠋ᠯᠡᠴᠢᠯᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠪᠡ᠃ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠪᠠᠲᠤᠯᠠᠭ᠎ᠠ ᠶᠢ | ᠲᠠᠰᠤᠷᠠᠯᠲᠠ ᠥᠬᠡᠶ ᠰᠢᠯᠢᠳᠡᠭᠵᠢᠭᠦᠯᠵᠦ᠂ ᠬᠤᠲᠠ ᠶᠢᠨ ᠨᠢᠭᠡᠳᠦᠭᠡᠷ ᠬᠡᠤᠬᠡᠳ ᠤᠨ ᠴᠡᠴᠡᠷᠯᠢᠭ ᠢ ᠠᠰᠢᠭᠯᠠᠯᠲᠠ ᠳᠤ ᠣᠷᠣᠭᠤᠯᠤᠨ᠂ ᠨᠢᠭᠡᠳᠦᠭᠡᠷ ᠳᠤᠮᠳᠠᠳᠤ | ᠰᠤᠷᠭᠠᠭᠤᠯᠢ ︽ᠪᠥᠬᠦ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ︾ ᠪᠠᠷ ᠦᠨᠡᠯᠡᠭᠳᠡᠵᠦ᠂ | ᠠᠯᠦ᠋ᠩᠱᠠᠨ ᠪᠠᠭ᠎ᠠ ᠰᠤᠷᠭᠠᠭᠤᠯᠢ ︽ᠥᠪᠡᠷᠲᠡᠭᠡᠨ ᠵᠠᠰᠠᠬᠤ ᠣᠷᠣᠨ ᠤ ᠲᠠᠰ ᠤᠨ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ ᠶᠢᠨ ᠰᠤᠷᠭᠠᠨ | ᠬᠥᠮᠦᠵᠢᠯ ᠤᠨ ᠲᠤᠷᠰᠢᠯᠲᠠ ᠶᠢᠨ ᠰᠤᠷᠭᠠᠭᠤᠯᠢ︾ ᠪᠠᠷ ᠦᠨᠡᠯᠡᠭᠳᠡᠵᠦ᠂ ᠳ᠋ᠧᠯᠪᠦᠷ ᠪᠠᠭ᠎ᠠ ᠰᠤᠷᠭᠠᠭᠤᠯᠢ ︽ᠥᠪᠡᠷᠲᠡᠭᠡᠨ ᠵᠠᠰᠠᠬᠤ ᠣᠷᠣᠨ ᠤ ᠪᠣᠯᠪᠠᠰᠤᠨ | ᠰᠤᠷᠭᠠᠭᠤᠯᠢ ᠶᠢᠨ ᠬᠦᠷᠢᠶ᠎ᠡ︾ ᠪᠠᠷ ᠦᠨᠡᠯᠡᠭᠳᠡᠪᠡ᠃ ᠡᠷᠡᠭᠦᠯ ᠮᠡᠨᠳᠦ ᠶᠢᠨ ᠭᠡᠭᠡᠨ ᠭᠤᠤᠯ ᠤᠨ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠬᠤᠲᠠ ᠶᠢᠨ | ᠠᠷᠠᠳ ᠤᠨ ᠡᠮᠨᠡᠯᠭᠡ ᠶᠢᠨ ᠬᠤᠷᠢᠶ᠎ᠠ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠬᠦᠨᠳᠦ ᠡᠪᠡᠳᠴᠢᠨ ᠤ ᠠᠨᠠᠭᠠᠬᠤ ᠤᠬᠠᠭᠠᠨ ᠤ ᠰᠠᠯᠠᠭ᠎ᠠ ᠶᠢᠨ ᠪᠥᠲᠥᠭᠡᠨ | ᠪᠠᠶᠢᠭᠤᠯᠤᠯᠲᠠ ᠶᠢ ᠪᠡᠶᠡᠯᠡᠭᠦᠯᠵᠦ᠂ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ 29 ᠡᠯᠰᠡᠪᠡ᠃ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠬᠢᠷᠢ ᠲᠦᠪᠰᠢᠨ ᠲᠠᠰᠤᠷᠠᠯᠲᠠ ᠦᠭᠡᠶ ᠳᠡᠭᠡᠭᠰᠢᠯᠡᠵᠦ᠂ ᠤᠯᠠᠭᠠᠨᠮᠥ᠋ᠴᠢᠷ ᠤᠨ ᠠᠷᠠᠳ ᠲᠤ ᠠᠰᠢᠭ ᠬᠦᠷᠲᠡᠭᠡᠬᠦ ᠲᠣᠭᠯᠠᠯᠲᠠ 90 ᠭᠠᠷᠤᠢ ᠤᠳᠠᠭ᠎ᠠ | ᠶᠠᠪᠤᠭᠳᠠᠵᠤ᠂ ᠳᠠᠭᠤᠤ ᠪᠥᠵᠢᠭᠲᠦ ᠵᠦᠴᠦᠭᠡ ︽ᠤᠯᠭᠤᠶᠠ ᠶᠢᠨ ᠬᠤᠷᠢᠮ︾ ᠢ ᠪᠠᠶᠢᠩᠭᠤᠵᠢᠭᠤᠯᠤᠨ ᠲᠣᠭᠯᠠᠵᠤ᠂ ︽ᠤᠢ ᠰᠢᠭᠤᠢ ᠳᠠᠬᠢ ᠰᠢᠯᠭᠠᠨ ᠪᠠᠶᠢᠴᠠᠭᠠᠬᠤ | ᠬᠥᠭᠵᠢᠮ︾ ᠨᠢ ᠪᠦᠬᠦ ᠤᠯᠤᠰ ᠤᠨ ᠠᠭᠤᠳᠠᠮ ᠲᠠᠯᠠᠪᠠᠢ ᠶᠢᠨ ᠪᠥᠵᠢᠭ ᠤᠨ ᠵᠣᠬᠢᠶᠠᠨ ᠪᠦᠲᠦᠭᠡᠯᠲᠡ ᠶᠢᠨ ᠰᠢᠯᠢᠳᠡᠭ ᠱᠠᠩᠨᠠᠯ ᠢ ᠬᠦᠷᠳᠡᠵᠦ᠂ ︽ᠴᠡ ᠪᠤᠭᠤ ᠶᠢᠨ | ᠢᠺᠠᠨ︾ ᠨᠢ ᠥᠪᠡᠷᠲᠡᠭᠡᠨ ᠵᠠᠰᠠᠬᠤ ᠣᠷᠣᠨ ᠤ ᠪᠥᠵᠢᠭ ᠤᠨ ᠤᠷᠤᠯᠳᠤᠭᠠᠨ ᠤ ᠬᠤᠶᠠᠳᠤᠭᠠᠷ ᠳᠡᠰ ᠤᠨ ᠱᠠᠩᠨᠠᠯ ᠢ ᠬᠦᠷᠳᠡᠵᠤ᠂ ᠤᠯᠭᠤᠶᠠ ︽ᠥᠪᠡᠷᠲᠡᠭᠡᠨ ᠵᠠᠰᠠᠬᠤ | ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠤᠨᠴᠠᠯᠢᠭᠳᠤ ᠲᠣᠰᠬᠤᠨ ᠪᠠᠯᠭᠠᠰᠤ︾ ᠪᠠᠷ ᠰᠣᠩᠭᠤᠭᠳᠠᠵᠤ᠂ ᠭᠡᠭᠡᠨ ᠭᠤᠣᠯ ᠬᠤᠳᠠ ᠨᠢ ᠪᠦᠬᠦ | ᠤᠯᠤᠰ ᠤᠨ ᠳᠦᠷᠪᠡᠨ ᠤᠯᠠᠷᠢᠯ ᠤᠨ ︽ᠲᠣᠰᠬᠤᠨ ᠤ ᠤᠷᠤᠢ︾ ᠶᠢᠨ ᠵᠢᠱᠢᠶ᠎ᠡ ᠦᠵᠡᠭᠦᠯᠬᠦ ᠴᠡᠭ ᠢᠶᠠᠷ ᠦᠨᠡᠯᠡᠭᠳᠡᠵᠡᠢ᠃ ᠡᠯ᠎ᠡ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠲᠠᠰᠤᠷᠠᠯᠲᠠ ᠦᠭᠡᠢ ᠭᠦᠨᠵᠡᠭᠡᠶᠢᠷᠡᠵᠦ᠂ ᠣᠯᠭᠤᠶᠠ ᠰᠢᠶᠠᠩ ᠤᠨ ᠠᠮᠢ ᠠᠬᠤᠢ ᠶᠢᠨ ᠨᠡᠭᠦᠳᠡᠯ ᠠᠷᠠᠳ ᠢ ᠨᠡᠭᠦᠯᠭᠡᠭᠰᠡᠨ 20 | ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠶᠢ ᠥᠷᠨᠢᠭᠦᠯᠵᠦ᠂ ᠣᠯᠭᠤᠶᠠ ᠰᠢᠶᠠᠩ ᠢ ︽ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ︾ ᠭᠡᠵᠦ ᠨᠡᠷᠡᠶᠢᠳᠴᠡᠢ᠃ ᠣᠯᠠᠨ ᠲᠦᠮᠡᠨ ᠤ ᠪᠡᠶ᠎ᠡ ᠶᠢᠨ ᠲᠠᠮᠢᠷ ᠥᠷᠨᠢᠭᠦᠨ ᠬᠥᠭᠵᠢᠵᠦ᠂ ᠤᠷᠤᠯᠳᠤᠭᠠᠨ ᠤ | ᠪᠡᠶ᠎ᠡ ᠶᠢᠨ ᠲᠠᠮᠢᠷ ᠤᠨ ᠭᠢᠯᠠᠰ ᠴᠡᠭ ᠣᠯᠠᠨ ᠢᠯᠡᠷᠡᠵᠦ᠂ ᠬᠤᠲᠠ ᠶᠢᠨ ᠠᠵᠢᠯ ᠤᠨ ᠴᠢᠯᠥᠭᠡᠨ ᠤ ᠪᠡᠶ᠎ᠡ ᠶᠢᠨ ᠲᠠᠮᠢᠷ ᠤᠨ ᠰᠤᠷᠭᠠᠭᠤᠯᠢ ︽ᠤᠯᠤᠰ ᠤᠨ ᠪᠡᠶ᠎ᠡ ᠶᠢᠨ | ᠲᠠᠮᠢᠷ ᠤᠨ ᠪᠡᠯᠡᠳᠬᠡᠯ ᠴᠢᠳᠠᠪᠤᠷᠢᠲᠠᠨ ᠤ ᠰᠠᠭᠤᠷᠢᠨ︾ ᠢᠶᠠᠷ ᠦᠨᠡᠯᠡᠭᠳᠡᠪᠡ᠃ ︽ᠬᠦᠢᠲᠡᠨ ᠲᠦᠢᠯ ᠤᠨ ᠥᠷᠲᠡᠭᠡ︾ ᠨᠢ ᠪᠥᠬᠦ ᠤᠯᠤᠰ ᠤᠨ ᠠᠵᠢᠯᠴᠢᠨ ᠤ ᠶᠡᠷᠦᠩᠬᠡᠶ | ᠡᠪᠯᠡᠯ ᠠᠴᠠ ᠬᠡᠷ ᠤᠨ ᠭᠠᠳᠠᠨᠠᠬᠢ ᠬᠥᠳᠡᠯᠮᠦᠷᠢᠴᠢᠳ ᠤᠨ ᠦᠢᠯᠡᠴᠢᠯᠡᠭᠡᠨ ᠤ ᠬᠠᠮᠤᠭ ᠤᠨ ᠭᠤᠶᠣ ᠥᠷᠲᠡᠭᠡ ᠪᠠᠷ ᠦᠨᠡᠯᠡᠭᠳᠡᠪᠡ᠃ ᠡᠯ᠎ᠡ ᠲᠦᠷᠦᠯ ᠤᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠴᠢᠳᠠᠪᠤᠷᠢ ᠲᠠᠰᠤᠷᠠᠯᠳᠠ ᠦᠭᠡᠢ | ᠳᠡᠭᠡᠭᠰᠢᠯᠡᠵᠦ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠰᠠᠶᠢᠵᠢᠷᠠᠵᠤ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ ᠪᠥᠭᠡᠳ ᠲᠣᠭᠲᠠᠭᠤᠨ | ᠪᠣᠯᠪᠠ᠃ | ︵ᠳᠣᠯᠤᠭ᠎ᠠ︶ ᠪᠥᠬᠦ ᠬᠦᠴᠦᠨ ᠢᠶᠠᠷ ᠢᠶᠠᠨ ᠰᠤᠷᠲᠠᠯ ᠢᠶᠠᠨ ᠬᠤᠪᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠲᠣᠰ ᠪᠡᠶ᠎ᠡ ᠶᠢᠨ ᠪᠠᠶᠢᠭᠤᠯᠤᠯᠲᠠ ᠪᠠᠨ | ᠪᠥᠬᠦ ᠲᠠᠯ᠎ᠠ ᠪᠠᠷ ᠴᠢᠩᠭᠠᠳᠬᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠦ ᠦᠵᠡᠯ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ | ᠪᠠᠷᠢᠮᠲᠠᠯᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠡᠯ᠎ᠡ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ 29 ᠬᠤᠪᠢ ᠰᠠᠨᠠᠭᠤᠯᠭ᠎ᠠ᠂ 69 ᠬᠤᠪᠢ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠰᠢᠢᠳᠪᠦᠷᠢᠯᠡᠵᠦ᠂ ᠰᠢᠢᠳᠪᠦᠷᠢᠯᠡᠵᠦ ᠭᠦᠢᠴᠡᠳᠭᠡᠭᠰᠡᠨ ᠨᠤᠷᠮ᠎ᠠ 100% ᠳᠤ ᠬᠦᠷᠪᠡ᠃ ᠲᠥᠪ ᠤᠨᠨᠠᠢᠮᠠᠨ | ᠵᠦᠢᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠢ ᠲᠠᠰᠤᠷᠠᠯᠳᠠ ᠦᠭᠡᠢ ᠪᠠᠭᠠᠰᠬᠠᠵᠤ᠂ ᠪᠢᠴᠢᠭ ᠮᠠᠲ᠋ᠧᠷᠢᠶᠠᠯ ᠤᠨ | ᠬᠤᠷᠠᠯᠳᠤᠭᠠᠨ ᠢ ᠤᠯᠠᠮ ᠨᠢᠭᠡ ᠠᠯᠬᠤᠮ ᠴᠣᠮᠬᠠᠳᠬᠠᠪᠠ᠃ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠵᠦ᠂ ︽ᠭᠤᠷᠪᠠᠨ ᠤᠯᠠᠨ ᠭᠤᠷᠪᠠᠨ | ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ᠪᠣᠳᠠᠲᠠᠶ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠬᠦ᠂ ᠠᠵᠢᠯ ᠬᠢᠵᠦ | ᠠᠳᠠᠯ ᠦᠢᠯᠡᠰ ᠴᠣᠭᠴᠠᠯᠠᠬᠤ ᠠᠭᠤᠷ ᠠᠮᠢᠰᠬᠤᠯ ᠢ ᠨᠡᠩ ᠥᠳᠬᠡᠨ ᠵᠤᠵᠠᠭᠠᠨ ᠪᠣᠯᠭᠠᠪᠠ᠃ | ᠡᠭᠦᠨ ᠤ ᠬᠠᠮᠲᠤ᠂ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠲᠠᠩᠰᠠ ᠡᠪᠬᠡᠮᠡᠯ ᠲᠡᠤᠬᠡ | ᠣᠶᠢᠯᠠᠯᠭ᠎ᠠ᠂ ᠬᠢᠨᠠᠨ ᠪᠤᠳᠤᠬᠤ᠂ ᠠᠷᠠᠳ ᠤᠨ ᠠᠭᠠᠷ ᠤᠨ ᠰᠡᠷᠭᠡᠶᠢᠯᠡᠯᠲᠡ᠂ ᠴᠠᠭ ᠠᠭᠤᠷ᠂ ᠪᠠᠶᠢᠭᠤᠯᠤᠯᠭ᠎ᠠ ᠶᠢᠨ ᠬᠡᠷᠡᠭ ᠶᠠᠪᠤᠳᠠᠯ᠂ ᠤᠯᠠᠭᠠᠨ ᠵᠠᠭᠠᠯᠮᠠᠶᠢᠲᠠᠨ᠂ | ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠡᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ | ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠰᠤᠲᠠᠶᠢᠴᠤᠳ᠂ ᠬᠤᠶᠢᠴᠢ ᠦᠶ᠎ᠡ ᠪᠠᠨ ᠬᠠᠯᠠᠮᠵᠢᠯᠠᠬᠤ ᠵᠡᠷᠭᠡ ᠠᠵᠢᠯ | ᠴᠥᠮ ᠰᠢᠨ᠎ᠡ ᠠᠮᠵᠢᠯᠲᠠ ᠣᠯᠤᠭᠰᠠᠨ ᠪᠠᠶᠢᠨ᠎ᠠ᠃ | ᠲᠥᠯᠥᠭᠡᠯᠡᠭᠴᠢᠳ ᠡ︕ ᠵᠠᠮ ᠬᠤᠯᠠ ᠪᠣᠯᠪᠠᠴᠤ ᠶᠠᠪᠤᠬᠤ ᠵᠠᠮ ᠤᠳᠠᠯ ᠦᠭᠡᠢ ᠬᠦᠷᠴᠦ ᠢᠷᠡᠨ᠎ᠡ︔ ᠤᠴᠢᠷ ᠶᠠᠪᠤᠳᠠᠯ ᠬᠦᠴᠢᠷ ᠪᠣᠯᠪᠠᠴᠤ ᠠᠵᠢᠯ ᠶᠠᠪᠤᠳᠠᠯ | ᠯᠠᠪ ᠪᠦᠲᠦᠨ᠎ᠡ᠃ ᠥᠩᠭᠡᠷᠡᠭᠰᠡᠨ ᠨᠢᠭᠡ ᠵᠢᠯ ᠳᠤ᠂ ᠪᠢᠳᠡ ᠵᠣᠷᠢᠭᠲᠠᠢ ᠪᠠᠷ ᠦᠷᠢᠰᠦᠯᠳᠦᠵᠦ᠂ ᠰᠢᠨ᠎ᠡ ᠶᠢ ᠡᠭᠦᠳᠴᠦ ᠬᠥᠭᠵᠢᠯᠲᠡ ᠶᠢ ᠡᠷᠢᠯᠬᠢᠯᠡᠬᠦ ᠳᠡᠭᠡᠨ ᠴᠢᠳᠠᠮᠠᠭᠠᠢ | ᠪᠠᠶᠢᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠲᠡᠷᠢᠭᠦᠨ ᠵᠡᠷᠭᠡ ᠶᠢᠨ ᠪᠣᠯᠬᠤ ᠪᠠᠷ ᠲᠡᠮᠡᠴᠡᠵᠦ᠂ ᠠᠵᠤ ᠠᠬᠤᠢ ᠶᠢ ᠲᠣᠭᠲᠠᠪᠤᠷᠢᠵᠢᠭᠤᠯᠬᠤ᠂ ᠠᠮᠤᠷ | ᠲᠦᠪᠰᠢᠨ ᠢ ᠬᠠᠮᠠᠭᠠᠯᠠᠭᠰᠠᠨ ᠰᠠᠭᠤᠷᠢᠨ ᠳᠡᠭᠡᠷ᠎ᠡ᠂ ᠨᠢᠭᠡ ᠵᠠᠮ ᠢᠶᠠᠷ ᠳᠠᠷᠤᠯᠲᠠ ᠶᠢ ᠳᠠᠭᠠᠭᠠᠨ ᠤᠷᠤᠭᠰᠢᠯᠠᠵᠤ᠂ ᠨᠢᠭᠡ ᠵᠠᠮ ᠢᠶᠠᠷ ᠪᠦᠯᠬᠦᠮᠳᠡᠨ ᠲᠡᠮᠡᠴᠡᠵᠦ᠂ ᠨᠢᠭᠡ | ᠵᠠᠮ ᠢᠶᠠᠷ ᠤᠷᠤᠭᠰᠢᠯᠠᠨ ᠳᠠᠪᠰᠢᠵᠤ᠂ ᠶᠡᠷᠦ ᠪᠤᠰᠤ ᠶᠢᠨ ᠴᠢᠷᠮᠠᠶᠢᠯᠭ᠎ᠠ ᠭᠠᠷᠭᠠᠵᠤ᠂ ᠵᠢᠱᠢᠭᠰᠡᠨ ᠠᠴᠠ ᠪᠠᠨ ᠰᠠᠶᠢᠨ ᠦᠷ᠎ᠡ ᠪᠦᠲᠦᠮᠵᠢ ᠣᠯᠵᠠᠢ᠃ ᠡᠳᠡᠭᠡᠷ | ᠠᠮᠵᠢᠯᠲᠠ ᠶᠢ ᠣᠯᠤᠭᠰᠠᠨ ᠨᠢ ᠬᠤᠳᠠ ᠶᠢᠨ ᠨᠠᠮ ᠤᠨ ᠬᠤᠷᠢᠶᠠᠨ ᠤ ᠪᠦᠬᠦ ᠲᠠᠯ᠎ᠠ ᠶᠢ ᠶᠡᠷᠦᠩᠬᠡᠶᠢᠯᠡᠨ ᠵᠢᠯᠣᠭᠤᠳᠴᠤ᠂ ᠵᠥᠪ ᠤᠳᠤᠷᠢᠳᠤᠭᠰᠠᠨ ᠤ ᠦᠷ᠎ᠡ ᠳ᠋ᠦᠩ | ᠮᠥᠨ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠬᠦᠴᠦᠲᠡᠶ ᠬᠢᠨᠠᠯᠲᠠ᠂ ᠬᠦᠴᠦᠲᠡᠶ | ᠳᠡᠮᠵᠢᠯᠭᠡ ᠶᠢᠨ ᠦᠷ᠎ᠡ ᠳ᠋ᠦᠩ ᠮᠥᠨ᠂ ᠨᠡᠩ ᠴᠤ ᠪᠦᠬᠦ ᠬᠤᠳᠠ ᠶᠢᠨ ᠥᠷᠭᠡᠨ ᠤᠯᠠᠨ ᠺᠠᠳ᠋ᠷ ᠤᠯᠠᠨ ᠲᠦᠮᠡᠨ ᠤ ᠴᠢᠷᠮᠠᠶᠢᠨ ᠲᠡᠮᠡᠴᠡᠭᠰᠡᠨ ᠤ ᠦᠷ᠎ᠡ ᠳ᠋ᠦᠩ ᠮᠥᠨ᠃ | ᠡ᠊ᠨᠳᠡ ᠪᠢ ᠬᠤᠳᠠ ᠶᠢᠨ ᠵᠠᠰᠠᠭ ᠤᠨ ᠣᠷᠳᠣᠨ ᠢ ᠲᠦᠯᠦᠭᠡᠯᠡᠨ ᠪᠦᠬᠦ ᠬᠤᠳᠠ ᠶᠢᠨ ᠠᠷᠠᠳ ᠲᠦᠮᠡᠨ ᠵᠢᠴᠢ ᠭᠡᠭᠡᠨ ᠭᠤᠤᠯ ᠤᠨ ᠪᠦᠳᠦᠭᠡᠨ ᠪᠠᠶᠢᠭᠤᠯᠤᠯᠲᠠ ᠳᠤ | ᠣᠷᠣᠯᠴᠠᠬᠤ ᠶᠢ ᠳᠡᠮᠵᠢᠭᠰᠡᠨ ᠡᠯ᠎ᠡ ᠡᠲᠡᠭᠡᠳ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ | ᠳᠡᠪᠰᠢᠭᠦᠯᠦᠶ᠎ᠡ︕ | ᠲᠥᠯᠥᠭᠡᠯᠡᠭᠴᠢᠳ ᠡ︕ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠪᠣᠳᠣᠯᠬᠢᠯᠠᠪᠠᠯ ᠰᠠᠢᠢ ᠯᠠᠪᠳᠠᠭᠤᠨ ᠢᠶᠠᠷ ᠠᠯᠤᠰ ᠢ ᠵᠣᠷᠢᠨ | ᠤᠷᠤᠭᠰᠢᠯᠠᠵᠤ ᠴᠢᠳᠠᠨ᠎ᠠ᠃ ᠣᠳᠣᠬᠠᠨ ᠳᠤ ᠭᠡᠭᠡᠨ ᠭᠤᠣᠯ ᠶᠠᠭ ᠴᠢᠨᠠᠷ ᠰᠠᠶᠢᠲᠠᠢ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠵᠠᠩᠭᠢᠯᠠᠭ᠎ᠠ ᠶᠢᠨ ᠬᠤᠭᠤᠴᠠᠭ᠎ᠠ᠂ | ᠪᠣᠭᠤᠮᠲᠠ ᠰᠢᠪᠲᠤᠯᠬᠤ ᠬᠤᠭᠤᠴᠠᠭᠠᠨ ᠳᠤ ᠣᠷᠣᠰᠢᠵᠤ᠂ ᠪᠠᠰᠠ ᠮᠠᠰᠢ ᠤᠯᠠᠨ ᠵᠥᠷᠢᠴᠡᠯ ᠠᠰᠠᠭᠤᠳᠠᠯ ᠲᠤᠯᠭᠠᠷᠠᠵᠤ ᠪᠠᠶᠢᠬᠤ ᠶᠢ ᠪᠢᠳᠡ ᠰᠡᠷᠭᠡᠭ ᠢᠶᠠᠷ ᠲᠠᠨᠢᠵᠤ | ᠤᠯᠪᠠ᠃ ᠡᠭᠦᠨ ᠳᠤ ᠭᠤᠣᠯᠳᠠᠭᠤ᠄ ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠠᠭ᠎ᠠ᠂ ᠶᠡᠷᠦᠩᠬᠡᠶ ᠪᠣᠳᠠᠲᠤ ᠬᠦᠴᠦᠨ ᠪᠠᠭᠤᠷᠠᠶ᠂ ᠬᠥᠭᠵᠢᠯᠲᠡ ᠲᠡᠩᠴᠡᠭᠦᠷᠢ ᠦᠭᠡᠢ᠂ | ᠭᠦᠢᠴᠡᠳ ᠦᠭᠡᠢ ᠪᠠᠶᠢᠬᠤ ᠠᠰᠠᠭᠤᠳᠠᠯ ᠮᠥᠨ ᠯᠡ ᠲᠤᠪᠤᠶᠢᠮ᠎ᠠ ᠪᠠᠶᠢᠨ᠎ᠠ︔ ᠤᠯᠠᠮᠵᠢᠯᠠᠯᠲᠤ ᠠᠵᠤ ᠦᠢᠯᠡᠰ ᠤᠨ ᠨᠡᠮᠡᠭᠳᠡᠯ ᠤᠨ ᠬᠥᠳᠡᠯᠭᠡᠬᠦ ᠬᠦᠴᠦᠨ ᠬᠦᠷᠦᠯᠴᠡᠬᠦ | ᠦᠭᠡᠢ ᠪᠠᠶᠢᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠤᠷᠳᠤ ᠬᠤᠭᠤᠴᠠᠭ᠎ᠠ ᠪᠠᠷ ᠬᠥᠭᠵᠢᠭᠦᠯᠵᠦ᠂ ᠬᠡᠯᠪᠡᠷᠢ ᠪᠠᠨ ᠬᠤᠪᠢᠷᠠᠭᠤᠯᠤᠨ | ᠬᠥᠭᠵᠢᠭᠦᠯᠬᠦ ᠡᠭᠦᠷᠭᠡ ᠬᠦᠨᠳᠦ ᠵᠠᠮ ᠬᠤᠯᠠ ᠪᠠᠶᠢᠭᠰᠠᠭᠠᠷ︔ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠴᠢᠳᠠᠪᠤᠷᠢ ᠨᠢ ᠠᠷᠠᠳ ᠤᠯᠠᠨ ᠤ ᠰᠠᠶᠢᠨ ᠰᠠᠶᠢᠬᠠᠨ | ᠠᠮᠢᠳᠤᠷᠠᠯ ᠤᠨ ᠬᠦᠰᠡᠯ ᠡᠷᠡᠮᠡᠯᠵᠡᠯ ᠢ ᠪᠦᠷᠢᠮᠦᠰᠦᠨ ᠬᠠᠩᠭᠠᠵᠤ ᠳᠡᠶᠢᠯᠬᠦ ᠦᠭᠡᠢ ᠪᠠᠶᠢᠵᠤ᠂ ᠬᠡᠰᠡᠭ ᠤᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶᠡᠨ ᠳᠤ ᠮᠥᠨ ᠬᠦ | ᠪᠠᠭᠤᠷᠠᠢ ᠲᠠᠯ᠎ᠠ ᠣᠷᠣᠰᠢᠵᠤ ᠪᠠᠶᠢᠨ᠎ᠠ︔ ᠵᠠᠰᠠᠭ ᠤᠨ ᠣᠷᠳᠣᠨ ᠤ ᠰᠢᠰᠲ᠋ᠧᠮ ᠤᠨ ︽ᠤᠳᠠᠭᠠᠨ ᠪᠦᠳᠦᠭᠦᠯᠢᠭ ᠬᠡᠶᠢᠰᠪᠦᠷᠢ︾ ᠠᠰᠠᠭᠤᠳᠠᠯ ᠠᠳᠠᠯᠢ ᠪᠤᠰᠤ | ᠬᠡᠮᠵᠢᠶ᠎ᠡ ᠪᠠᠷ ᠣᠷᠣᠰᠢᠵᠤ᠂ ᠵᠠᠷᠢᠮ ᠺᠠᠳ᠋ᠷᠴᠤᠳ ᠤᠨ ᠡᠷᠴᠢ ᠵᠣᠷᠢᠭ ᠬᠦᠷᠦᠯᠴᠡᠬᠦ ᠦᠭᠡᠢ ᠪᠠᠶᠢᠵᠤ᠂ ᠦᠵᠡᠯ ᠰᠠᠨᠠᠭ᠎ᠠ ᠨᠢ ᠬᠡᠪᠰᠢᠮᠡᠯ᠂ ᠬᠠᠭᠤᠴᠢᠨ ᠢᠶᠠᠨ ᠪᠠᠷᠢᠮᠲᠠᠯᠠᠵᠤ | ᠬᠡᠪᠰᠢᠷᠡᠨ ᠵᠣᠭᠰᠣᠩᠭᠤᠶᠢᠷᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ ᠡᠭᠦᠷᠭᠡᠯᠡᠵᠦ᠂ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠬᠦ ᠤᠬᠠᠮᠰᠠᠷ ᠢ | ᠴᠢᠩᠭᠠᠳᠬᠤᠬᠤ ᠴᠢᠬᠤᠯᠠᠲᠠᠶ ᠪᠠᠶᠢᠨ᠎ᠠ᠃ ᠡᠭᠦᠨ ᠳᠤ᠂ ᠪᠢᠳᠡ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ | ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠨᠡᠨᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ | ᠰᠢᠢᠳᠪᠦᠷᠢᠯᠡᠨ᠎ᠡ᠃ |