ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ | 2024 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠵᠢᠯ ᠮᠥᠨ᠂ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠮᠥᠨ᠃ | ᠬᠡᠳᠦᠢ ᠬᠦᠨᠳᠦ ᠡᠭᠦᠷᠭᠡ ᠶᠢ ᠡᠭᠦᠷᠭᠡᠯᠡᠬᠦ ᠲᠤᠳᠤᠮ᠂ ᠲᠡᠳᠦᠢ ᠪᠦᠯᠬᠦᠮᠳᠡᠨ ᠲᠡᠮᠡᠴᠡᠬᠦ ᠬᠡᠷᠡᠭᠲᠡᠢ︔ ᠠᠵᠠ ᠲᠣᠬᠢᠶᠠᠯ ᠬᠡᠳᠦᠶ ᠣᠯᠳᠠᠬᠤᠶ᠎ᠠ ᠪᠡᠷᠬᠡ ᠪᠣᠯᠬᠤ ᠲᠤᠲᠤᠮ | ᠲᠡᠳᠦᠶ ᠰᠠᠨᠠᠭᠠᠴᠢᠯᠠᠭ᠎ᠠ ᠠᠴᠠ ᠪᠠᠨ ᠠᠵᠢᠯᠯᠠᠬᠤ ᠬᠡᠷᠡᠭᠲᠡᠶ︔ ᠬᠦᠴᠢᠷ ᠪᠡᠷᠬᠡᠰᠢᠶᠡᠯ ᠲᠠᠰᠤᠷᠠᠬᠤ ᠤᠢᠭᠡᠢ ᠪᠣᠯᠬᠤ ᠲᠤᠳᠦᠮ ᠲᠡᠮᠡᠴᠡᠯ ᠤᠨ ᠵᠣᠷᠢᠭ ᠢᠶᠠᠨ ᠤᠯᠠᠮ | ᠪᠠᠳᠠᠷᠠᠭᠤᠯᠬᠤ ᠬᠡᠷᠡᠭᠲᠡᠶ᠃ ᠪᠢᠳᠡ ᠬᠤᠲᠠ ᠶᠢᠨ ᠨᠠᠮ ᠤᠨ ᠬᠤᠷᠢᠶᠠᠨ ᠤ ᠵᠢᠷᠭᠤᠳᠤᠭᠠᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠵᠢᠴᠢ ᠠᠵᠤ ᠠᠬᠤᠶ ᠶᠢᠨ | ᠠᠵᠢᠯ ᠤᠨ ᠬᠤᠷᠠᠯᠳᠤᠭᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠲᠡᠭᠡᠯ ᠵᠣᠷᠢᠭ ᠢᠶᠠᠨ | ᠪᠠᠲᠤᠳᠬᠠᠨ᠂ ᠡᠷᠡᠯᠬᠡᠭᠯᠡᠨ ᠤᠷᠤᠭᠰᠢᠯᠠᠵᠤ᠂ ᠥᠭᠡᠷᠡᠴᠢᠯᠡᠯᠲᠡ ᠬᠥᠭᠵᠢᠯᠲᠡ ᠶᠢᠨ ᠳᠤᠮᠳᠠ ᠲᠡᠷᠢᠭᠦᠨ ᠲᠣᠬᠢᠶᠠᠯ ᠢ ᠵᠠᠪᠳᠤᠨ ᠡᠵᠡᠯᠡᠬᠦ ᠪᠠᠷ ᠴᠢᠷᠮᠠᠶᠢᠵᠤ᠂ ᠣᠷᠣᠨ | ᠪᠦᠰᠡ ᠶᠢᠨ ᠥᠷᠢᠰᠥᠯᠳᠦᠭᠡᠨ ᠤ ᠳᠤᠮᠳᠠ ᠵᠣᠷᠢᠭᠲᠠᠶ ᠪᠠᠷ ᠤᠷᠤᠰᠬᠠᠯ ᠤᠨ ᠡᠮᠦᠨ᠎ᠡ ᠵᠣᠭᠰᠣᠵᠤ᠂ ᠣᠳᠣᠬᠢᠴᠢᠯᠠᠭᠰᠠᠨ ᠵᠣᠯ ᠵᠢᠷᠭᠠᠯᠲᠤ ᠰᠠᠶᠢᠨ ᠰᠠᠶᠢᠬᠠᠨ ᠭᠡᠭᠡᠨ | ᠭᠤᠤᠯ ᠤᠨ ᠪᠥᠲᠥᠭᠡᠨ ᠪᠠᠶᠢᠭᠤᠯᠤᠯᠲᠠ ᠶᠢᠨ ᠰᠢᠯᠢᠳᠡᠭ ᠰᠢᠯᠭᠠᠯᠲᠠ ᠶᠢᠨ ᠬᠠᠭᠤᠳᠠᠰᠤ ᠶᠢ ᠴᠢᠷᠮᠠᠶᠢᠨ ᠲᠤᠰᠢᠶᠠᠬᠤ ᠬᠡᠷᠡᠭᠲᠡᠶ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮᠲᠦ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠰᠢ ᠶᠢᠨ ᠫᠢᠩ ᠶᠡᠷᠦᠩᠬᠡᠶ | ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠣᠭᠲᠠᠭᠤᠨ | ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ | ᠭᠤᠣᠯ ᠱᠤᠭᠤᠮ ᠪᠣᠯᠭᠠᠵᠤ᠂ ︽ᠲᠠᠪᠤᠨ ᠶᠡᠭᠡ ᠡᠭᠦᠷᠭᠡ︾ ᠶᠢ ᠴᠢᠨᠠᠷ ᠰᠠᠶᠢᠲᠠᠶ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ | ᠬᠥᠭᠵᠢᠭᠦᠯᠬᠦ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠶ ᠲᠥᠯᠥᠪᠯᠡᠵᠦ᠂ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ | ︾ ᠶᠢ ᠭᠦᠨᠵᠡᠭᠡᠶ ᠪᠣᠳᠠᠲᠠᠶᠢᠵᠢᠭᠤᠯᠵᠤ᠂ ᠪᠥᠬᠦ ᠬᠦᠴᠦᠨ ᠢᠶᠠᠷ ᠢᠶᠠᠨ ᠲᠥᠷᠥᠯ ᠵᠦᠢᠯ ᠢ ᠠᠳᠬᠤᠬᠤ᠂ ᠠᠵᠤ ᠦᠢᠯᠡᠰ ᠢ ᠬᠥᠭᠵᠢᠭᠦᠯᠬᠦ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠬᠥᠭᠵᠢᠯᠲᠡ ᠶᠢ ᠠᠬᠢᠭᠤᠯᠵᠤ᠂ ᠠᠵᠤ ᠠᠬᠤᠶ ᠨᠡᠶᠢᠭᠡᠮ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ᠂ ᠪᠣᠬᠢᠷᠲᠤᠯ ᠥᠬᠡᠶ | ᠬᠥᠭᠵᠢᠬᠦ᠂ ᠴᠢᠨᠠᠷ ᠰᠠᠶᠢᠲᠠᠶ ᠬᠥᠭᠵᠢᠬᠦ ᠶᠢ ᠲᠦᠷᠭᠡᠳᠬᠡᠨ ᠠᠬᠢᠭᠤᠯᠵᠤ᠂ ᠠᠵᠤ ᠠᠬᠤᠶ ᠶᠢᠨ ᠴᠢᠨᠠᠷ ᠴᠢᠨᠰᠠᠭ᠎ᠠ ᠶᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ | ᠬᠡᠮᠵᠢᠶ᠎ᠡ ᠶᠢ ᠵᠣᠬᠢᠰᠲᠠᠶ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ ᠰᠢᠨ᠎ᠡ ᠴᠠᠭ | ᠦᠶ᠎ᠡ ᠶᠢᠨ ᠭᠡᠭᠡᠨ ᠭᠤᠤᠯ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠴᠢᠷᠮᠠᠶᠢᠨ ᠨᠡᠭᠡᠭᠡᠬᠦ ᠬᠡᠷᠡᠭᠲᠡᠶ᠃ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠳᠡᠭ ᠢ 6. | 5% ᠪᠠᠷ ᠨᠡᠮᠡᠭᠳᠡᠭᠦᠯᠦᠨ᠎ᠡ︔ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 15% ᠪᠠᠷ ᠨᠡᠮᠡᠭᠳᠡᠭᠦᠯᠦᠨ᠎ᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠪᠦᠬᠦ ᠲᠤᠭ᠎ᠠ 5.5% ᠪᠠᠷ ᠨᠡᠮᠡᠭᠳᠡᠨ᠎ᠡ︔ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠨ᠎ᠡ︔ | ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠠᠴᠠ ᠦᠨᠳᠦᠷ︔ ᠪᠠᠲᠤᠯᠠᠭ᠎ᠠ ᠶᠢᠨ ᠴᠢᠨᠠᠷᠲᠠᠶ | ᠠᠷᠠᠳ ᠤᠨ ᠠᠮᠢᠳᠤᠷᠠᠯ ᠤᠨ ᠵᠠᠷᠤᠯᠭ᠎ᠠ ᠲᠣᠭᠲᠠᠭᠤᠨ ᠢᠶᠠᠷ ᠨᠡᠮᠡᠭᠳᠡᠨ᠎ᠡ ︔ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠭᠦᠷᠭᠡ᠂ ᠪᠣᠬᠢᠷᠲᠤᠯ ᠥᠬᠡᠶ | ᠬᠥᠭᠵᠢᠯᠲᠡ ᠶᠢᠨ ᠭᠦᠢᠴᠡᠳᠭᠡᠯ ᠲᠤᠭ᠎ᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠪᠣᠳᠠᠲᠠᠶ ᠠᠵᠢᠯ ᠤᠨ ᠳᠤᠮᠳᠠ ᠪᠠᠨ ᠨᠠᠩ ᠰᠠᠶᠢᠨ ᠬᠢᠷᠢ ᠪᠦᠲᠦᠮᠵᠢ ᠤᠯᠬᠤ ᠪᠠᠷ | ᠴᠢᠷᠮᠠᠶᠢᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠪᠢᠳᠡ ᠳᠣᠣᠷᠠᠬᠢ ᠲᠤᠯᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ | ᠠᠳᠬᠤᠨ᠎ᠠ᠃ | ︵ᠨᠢᠭᠡ︶ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠬᠦᠴᠦ ᠪᠠᠨ ᠲᠥᠪᠯᠡᠷᠡᠭᠦᠯᠵᠦ᠂ ᠪᠣᠬᠢᠷᠲᠤᠯ ᠥᠬᠡᠶ ᠬᠥᠭᠵᠢᠯᠲᠡ ᠶᠢᠨ ᠳᠠᠪᠠᠭᠤᠯᠢᠭ ᠲᠠᠯ᠎ᠠ ᠢ | ᠪᠠᠬᠢᠵᠢᠭᠦᠯᠦᠨ ᠳᠡᠭᠡᠭᠰᠢᠯᠡᠭᠦᠯᠦᠨ᠎ᠡ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠨᠢᠳᠦ ᠪᠠᠨ | ᠬᠠᠮᠠᠭᠠᠯᠠᠬᠤ ᠰᠢᠭ᠋ ᠢᠶᠠᠷ ᠪᠠᠶᠢᠭᠠᠯᠢ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠡᠨᠡᠬᠦ ᠬᠥᠬᠡᠮᠳᠦᠭ ᠨᠣᠭᠤᠭᠠᠨ ᠠᠭᠤᠯᠠ ᠤᠰᠤ ᠪᠠᠨ ᠰᠠᠶᠢᠲᠤᠷ | ᠰᠠᠬᠢᠨ ᠬᠠᠮᠠᠭᠠᠯᠠᠵᠤ᠂ ᠠᠮᠢ ᠠᠬᠤᠢ ᠶᠢᠨ ᠪᠣᠯᠪᠠᠰᠤᠨ ᠤ ᠦᠯᠢᠭᠡᠷ ᠳᠠᠭᠤᠷᠢᠶᠠᠯ ᠢ ᠪᠦᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ᠃ | ᠰᠢᠰᠲ᠋ᠧᠮ ᠤᠨ ᠬᠠᠮᠠᠭᠠᠯᠠᠯᠲᠠ ᠶᠢ ᠲᠦᠯᠬᠢᠨ ᠠᠬᠢᠭᠤᠯᠤᠨ᠎ᠠ᠃ ᠣᠷᠴᠢᠨ ᠠᠬᠤᠶ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠠᠮᠢ ᠠᠬᠤᠶ ᠶᠢᠨ ᠣᠷᠴᠢᠨ ᠨᠥᠬᠦᠴᠡᠯ ᠤᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠠᠮᠢ ᠠᠬᠤᠶ ᠶᠢᠨ ᠣᠷᠴᠢᠨ | ᠨᠥᠬᠦᠴᠡᠯ ᠤᠨ ᠠᠮᠤᠷ ᠲᠦᠪᠰᠢᠨ ᠢ ᠪᠠᠲᠤᠯᠠᠨ᠎ᠠ ᠃ ᠦᠨᠡᠨ ᠬᠦ ᠠᠭᠤᠯᠠ ᠤᠰᠤ ᠤᠢ ᠰᠢᠭᠤᠶ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ ᠡᠯᠡᠰᠦ ᠶᠢ ᠨᠢᠭᠡ | ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠪᠠᠷ ᠵᠠᠰᠠᠬᠤ ᠶᠢ ᠭᠦᠨᠵᠡᠭᠡᠶ ᠲᠦᠯᠬᠢᠨ ᠠᠬᠢᠭᠤᠯᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠬᠠᠮᠤᠭ ᠤᠨ | ᠴᠢᠩᠭ᠎ᠠ ᠤᠯᠠᠭᠠᠨ ᠱᠤᠭᠤᠮ᠂ ᠣᠷᠴᠢᠨ ᠠᠬᠤᠶ ᠶᠢᠨ ᠶᠠᠰᠤ ᠴᠢᠨᠠᠷ ᠤᠨ ᠬᠢᠵᠠᠭᠠᠷ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠱᠤᠭᠤᠮ ᠪᠠ ᠠᠮᠢ | ᠠᠬᠤᠶ ᠶᠢᠨ ᠣᠷᠴᠢᠨ ᠨᠥᠬᠦᠴᠡᠯ ᠤᠨ ᠣᠷᠣᠬᠤ ᠵᠥᠪᠰᠢᠶᠡᠷᠡᠯ ᠤᠨ ᠲᠣᠳᠣᠷᠬᠠᠶ ᠬᠠᠭᠤᠳᠠᠰᠤ ᠶᠢᠨ ᠲᠦᠷᠢᠮ ᠢ ᠬᠡᠷᠡᠭᠵᠢᠭᠦᠯᠦᠨ᠎ᠡ᠃ ᠠᠮᠢ ᠠᠬᠤᠶ ᠶᠢᠨ ᠪᠣᠯᠪᠠᠰᠤᠨ ᠤ | ᠠᠵᠢᠯ ᠤᠨ ᠪᠦᠲᠦᠮᠵᠢ ᠶᠢ ᠬᠢᠨᠠᠨ ᠰᠢᠯᠭᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠤᠯᠤᠰ ᠤᠨ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢᠨ ᠳᠠᠬᠢᠨ ᠬᠢᠨᠠᠬᠤ ᠠᠵᠢᠯ ᠢ ᠰᠠᠶᠢᠲᠤᠷ ᠬᠢᠨ᠎ᠠ᠃ ︽ᠤᠮᠠᠷᠠᠲᠤ ᠶᠢᠨ ᠭᠤᠷᠪᠠᠨ ᠣᠷᠣᠨ︾ ᠤ | ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠯᠤᠰ ᠤᠨ ᠥᠮᠴᠢᠯᠡᠯ ᠤᠨ ᠨᠡᠶᠢᠲᠡ ᠶᠢᠨ | ᠠᠰᠠᠷᠠᠮᠵᠢ ᠶᠢᠨ ᠣᠶ᠂ ᠪᠠᠶᠢᠭᠠᠯᠢ ᠶᠢᠨ ᠣᠶ ᠶᠢᠨ ᠬᠠᠮᠠᠭᠠᠯᠠᠯᠲᠠ ᠶᠢ ᠴᠢᠩᠭᠠᠳᠬᠠᠨ᠂ ︽ᠣᠶ ᠶᠢᠨ ᠳᠠᠷᠤᠭ᠎ᠠ + ᠭᠤᠤᠯ ᠤᠨ ᠳᠠᠷᠤᠭ᠎ᠠ︾ ᠶᠢᠨ ᠬᠤᠯᠪᠣᠭᠠᠯᠠᠨ | ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠶᠡᠭᠡ ᠬᠢᠩᠭᠠᠨ ᠳᠠᠪᠠᠭ᠎ᠠ ᠶᠢᠨ ᠡᠨᠡ ᠬᠦ ᠪᠣᠬᠢᠷᠲᠤᠯ ᠥᠬᠡᠶ ᠣᠶ ᠶᠢᠨ ᠲᠡᠯᠡᠶ ᠶᠢ ᠦᠨᠡᠨᠬᠦ ᠰᠠᠶᠢᠲᠤᠷ ᠬᠠᠮᠠᠭᠠᠯᠠᠨ᠎ᠠ᠃ | ᠡᠬᠢ ᠡᠭᠦᠰᠦᠯ ᠠᠴᠠ ᠨᠢ ᠵᠠᠰᠠᠬᠤ ᠶᠢ ᠲᠤᠪᠤᠶᠢᠯᠭᠠᠪᠠ᠃ ᠣᠶ ᠰᠢᠭᠤᠶ ᠶᠢᠨ ᠡᠬᠢ ᠪᠠᠶᠠᠯᠢᠭ ᠢ ᠬᠠᠮᠠᠭᠠᠯᠠᠬᠤ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠣᠶ | ᠮᠣᠳᠣ ᠶᠢ ᠬᠤᠯᠠᠭᠠᠶᠢᠯᠠᠨ ᠣᠭᠲᠣᠯᠬᠤ᠂ ᠣᠶᠢᠲᠤ ᠭᠠᠵᠠᠷ ᠢ ᠡᠵᠡᠯᠡᠬᠦ᠂ ᠴᠢᠭᠢᠭᠯᠢᠭ ᠭᠠᠵᠠᠷ ᠢ ᠡᠪᠳᠡᠬᠦ᠂ ᠬᠡᠭᠡᠷ᠎ᠡ ᠶᠢᠨ ᠠᠮᠢᠲᠠᠨ ᠢ ᠳᠤᠷ᠎ᠠ ᠪᠠᠷ ᠢᠶᠠᠨ ᠠᠩᠨᠠᠬᠤ ᠵᠡᠷᠭᠡ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠥᠬᠦ | ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠮᠢ ᠠᠬᠤᠶ ᠶᠢᠨ ᠣᠷᠴᠢᠨ ᠲᠣᠭᠤᠷᠢᠨ ᠤ ᠠᠰᠠᠭᠤᠳᠠᠯ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ | ᠵᠠᠰᠠᠨ᠎ᠠ᠃ ᠬᠥᠬᠡᠮᠳᠦᠭ ᠲᠩᠷᠢ᠂ ᠨᠣᠮᠢᠨ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠪᠠᠶᠢᠯᠳᠤᠭᠠᠨ ᠢ ᠭᠦᠨᠵᠡᠭᠡᠶ ᠰᠠᠶᠢᠲᠤᠷ ᠬᠢᠵᠦ᠂ 65 ᠲᠣᠨ ᠠᠭᠤᠷᠰᠢᠭᠤᠯᠬᠤ / | ᠴᠠᠭ ᠠᠴᠠ ᠳᠡᠭᠡᠭᠰᠢᠬᠢ ᠨᠡᠭᠦᠷᠡᠰᠦ ᠰᠢᠲᠠᠭᠠᠬᠤ ᠭᠦᠸᠧᠯᠦ ᠶᠢᠨ ᠬᠡᠳᠤ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠲᠦᠷᠭᠡᠳᠬᠡᠵᠦ᠂ ᠵᠠᠮ᠂ | ᠪᠠᠷᠢᠯᠭ᠎ᠠ ᠶᠢᠨ ᠠᠵᠢᠯ᠂ ᠣᠪᠣᠭᠠᠯᠠᠬᠤ ᠲᠠᠯᠠᠪᠠᠢ ᠵᠡᠷᠭᠡ ᠳᠡᠭᠳᠡᠮᠡᠯ ᠲᠣᠭᠤᠰᠣ ᠶᠢ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠵᠦ᠂ ᠭᠡᠭᠡᠨ ᠭᠤᠣᠯ ᠤᠨ ᠭᠤᠣᠯ ᠤᠨ | ᠵᠠᠮ ᠢ ᠵᠠᠰᠠᠬᠤ ᠢᠨᠵᠧᠨᠧᠷᠢᠩ᠂ ᠬᠤᠯᠢᠫᠥ᠋ ᠭᠤᠣᠯ ᠤᠨ ᠠᠭᠤᠯᠠ ᠶᠢᠨ ᠦᠶᠡᠷ ᠤᠨ ᠭᠤᠤ ᠶᠢ ᠵᠠᠰᠠᠬᠤ ᠢᠨᠵᠧᠨᠧᠷᠢᠩ ᠢ ᠠᠵᠢᠯ ᠡᠬᠢᠯᠡᠭᠦᠯᠦᠨ ᠪᠦᠳᠦᠭᠡᠨ | ᠪᠠᠶᠢᠭᠤᠯᠤᠨ᠎ᠠ᠃ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠵᠦ᠂ ᠪᠣᠬᠢᠷᠲᠤᠭᠳᠠᠭᠰᠠᠨ | ᠠᠭᠤᠷᠬᠠᠶ ᠶᠢᠨ ᠣᠷᠣᠨ ᠤ ᠬᠥᠷᠥᠰᠥ ᠰᠢᠷᠣᠶ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠶᠢ ᠴᠢᠩᠭᠠᠳᠬᠠᠨ᠂ ᠳ᠋ᠡᠷᠪᠤᠭᠠᠨ ᠬᠠᠭᠤᠷᠠᠶ | ᠭᠤᠤᠯ ᠤᠨ ᠵᠠᠮ ᠤᠨ ᠠᠮᠢ ᠠᠬᠤᠶ ᠶᠢ ᠰᠡᠷᠭᠦᠭᠡᠨ ᠵᠠᠰᠠᠬᠤ ᠶᠢ ᠯᠠᠪᠳᠠᠭᠤᠨ ᠢᠶᠠᠷ ᠠᠬᠢᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ | ᠦᠷᠭᠦᠯᠵᠢᠯᠡᠨ ᠰᠠᠶᠢᠵᠢᠷᠠᠭᠤᠯᠤᠨ᠎ᠠ᠃ | ᠥᠷᠲᠡᠭ ᠤᠨ ᠬᠤᠪᠢᠷᠠᠭᠤᠯᠤᠯᠲᠠ ᠶᠢ ᠲᠦᠷᠭᠡᠳᠬᠡᠨ᠎ᠡ᠃ ᠠᠮᠢ ᠠᠬᠤᠶ ᠶᠢᠨ ᠳᠠᠪᠠᠭᠤᠯᠢᠭ ᠲᠤ ᠰᠠᠭᠤᠷᠢᠯᠠᠨ᠂ ᠠᠮᠢ ᠠᠬᠤᠶ ᠶᠢᠨ ᠦᠢᠯᠡᠳᠬᠦᠨ ᠤ ᠦᠷᠳᠡᠭ ᠢ | ᠬᠤᠪᠢᠷᠠᠭᠤᠯᠬᠤ ᠠᠷᠭ᠎ᠠ ᠵᠠᠮ ᠢ ᠰᠦᠪᠡᠭᠴᠢᠯᠡᠵᠦ᠂ ᠠᠮᠢ ᠠᠬᠤᠶ ᠶᠢᠨ ᠡᠳ᠋ ᠪᠠᠶᠠᠯᠢᠭ ᠢ ᠠᠵᠤ ᠠᠬᠤᠶ ᠶᠢᠨ ᠡᠳ᠋ ᠪᠠᠶᠠᠯᠢᠭ ᠪᠣᠯᠭᠠᠨ ᠬᠤᠪᠢᠷᠠᠭᠤᠯᠬᠤ ᠶᠢ ᠲᠦᠯᠬᠢᠨ | ᠠᠬᠢᠭᠤᠯᠤᠨ᠎ᠠ᠃ ᠣᠶ ᠶᠢᠨ ᠬᠤᠷᠮᠣᠶ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠪᠠᠷ ᠨᠡᠭᠡᠭᠡᠨ ᠠᠰᠢᠭᠯᠠᠵᠤ᠂ ᠣᠶ ᠰᠢᠭᠤᠶ ᠶᠢᠨ ᠢᠳᠡᠭᠡᠨ᠂ | ᠤᠨᠴᠠᠯᠢᠬᠳᠤ ᠣᠶ ᠵᠢᠮᠢᠰ᠂ ᠣᠶ ᠡᠪᠡᠰᠦ ᠶᠢᠨ ᠬᠢᠲᠠᠳ ᠡᠮ ᠵᠡᠷᠭᠡ ᠪᠦᠲᠦᠭᠡᠭᠳᠡᠬᠦᠨ ᠢ ᠭᠦᠨᠵᠡᠭᠡᠶ ᠡᠳ᠋ᠰᠢᠭᠦᠯᠬᠦ ᠶᠢ ᠶᠡᠬᠡᠪᠡᠷ ᠠᠬᠢᠭᠤᠯᠤᠨ᠎ᠠ᠃ ᠵᠧᠩ ᠲᠠᠢ ᠠᠨ | ᠡᠨᠧᠷᠭᠢ ᠶᠢᠨ ᠲᠣᠭᠠᠴᠢᠯᠠᠭᠰᠠᠨ ᠺᠣᠮᠫᠠᠨᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠠᠷᠬᠠᠮᠠᠯ ᠬᠡᠯᠪᠡᠷᠢ ᠶᠢᠨ ᠬᠡᠷᠡᠯ ᠴᠡᠨᠡᠭ ᠤᠨ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠣᠶ ᠶᠢᠨ ᠬᠤᠷᠮᠣᠶ ᠶᠢᠨ ᠦᠯᠡᠳᠡᠭᠳᠡᠯ ᠪᠣᠳᠠᠰ ᠢ ᠠᠰᠢᠭᠯᠠᠨ᠂ ᠠᠮᠢᠳᠤ ᠪᠣᠳᠠᠰ ᠤᠨ ᠮᠠᠰ ᠤᠨ ᠮᠥᠬᠦᠯᠢᠭ ᠢ | ᠡᠳ᠋ᠰᠢᠭᠦᠯᠬᠦ ᠲᠥᠷᠥᠯ ᠵᠦᠢᠯ ᠢ ᠬᠡᠷᠡᠭᠵᠢᠭᠦᠯᠦᠨ᠎ᠡ᠃ ᠠᠮᠢ ᠠᠬᠤᠶ ᠶᠢᠨ ᠪᠦᠲᠦᠭᠡᠭᠳᠡᠬᠦᠨ ᠤ ᠥᠷᠲᠡᠭ ᠤᠨ ᠲᠣᠭᠠᠴᠠᠭ᠎ᠠ ᠬᠢᠬᠦ ᠶᠢ ᠲᠦᠷᠭᠡᠳᠬᠡᠵᠦ᠂ ᠣᠶ ᠰᠢᠭᠤᠶ᠂ | ᠴᠢᠭᠢᠭᠯᠢᠭ ᠭᠠᠵᠠᠷ᠂ ᠭᠤᠤᠯ ᠮᠥᠷᠡᠨ ᠵᠡᠷᠭᠡ ᠡᠯ᠎ᠡ ᠲᠥᠷᠥᠯ ᠤᠨ ᠠᠮᠢ ᠠᠬᠤᠶ ᠶᠢᠨ ᠰᠢᠰᠲ᠋ᠧᠮ ᠤᠨ ᠰᠠᠭᠤᠷᠢ ᠲᠤᠭ᠎ᠠ ᠪᠠᠷᠢᠮᠲᠠ ᠶᠢ ᠴᠤᠭᠯᠠᠭᠤᠯᠬᠤ ᠠᠵᠢᠯ ᠢ | ᠥᠷᠨᠢᠭᠦᠯᠵᠦ᠂ ︽ᠬᠥᠬᠡᠮᠳᠦᠭ ᠨᠣᠭᠤᠭᠠᠨ ᠠᠭᠤᠯᠠ ᠤᠰᠤ︾ ᠶᠢ ᠨᠠᠩ ᠭᠦᠢᠴᠡᠳ ︽ᠠᠯᠲᠠᠨ ᠠᠭᠤᠯᠠ ᠮᠥᠩᠭᠦᠨ ᠠᠭᠤᠯᠠ︾ ᠪᠣᠯᠭᠠᠨ ᠬᠤᠪᠢᠷᠠᠭᠤᠯᠬᠤ ᠶᠢ | ᠠᠬᠢᠭᠤᠯᠤᠨ᠎ᠠ᠃ | ︵ᠬᠤᠶᠠᠷ︶ ᠬᠦᠴᠦ ᠪᠠᠨ ᠲᠥᠪᠯᠡᠷᠡᠭᠦᠯᠦᠨ ᠠᠵᠤ ᠦᠢᠯᠡᠰ ᠤᠨ ᠬᠥᠭᠵᠢᠯᠲᠡ ᠶᠢ ᠪᠤᠶᠢᠵᠢᠭᠤᠯᠵᠤ᠂ ᠣᠲᠣ ᠦᠶ᠎ᠡ ᠶᠢᠨ ᠠᠮᠢ ᠠᠬᠤᠶ ᠶᠢᠨ ᠠᠵᠤ ᠦᠢᠯᠡᠰ ᠤᠨ | ᠰᠢᠰᠲ᠋ᠧᠮ ᠶᠢ ᠪᠠᠶᠢᠭᠤᠯᠤᠨ᠎ᠠ᠃ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ ᠭᠦᠨᠵᠡᠭᠡᠶ ᠨᠠᠶᠢᠲᠠᠪᠤᠷᠢᠵᠢᠭᠤᠯᠤᠨ᠂ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠬᠥᠭᠵᠢᠯᠲᠡ ᠪᠠᠷ ᠨᠢᠭᠡ ᠬᠤᠶᠠᠷ ᠭᠤᠷᠪᠠᠳᠤᠭᠠᠷ ᠠᠵᠦ ᠦᠢᠯᠡᠰ ᠢ ᠳᠠᠶᠢᠴᠢᠯᠠᠨ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ | ᠬᠥᠭᠵᠢᠬᠦ ᠶᠢ ᠠᠬᠢᠭᠤᠯᠤᠨ᠎ᠠ᠃ | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠷᠢᠮᠵᠢᠶ᠎ᠠ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ ᠬᠥᠭᠵᠢᠭᠦᠯᠬᠦ ᠶᠢ ᠭᠦᠨᠵᠡᠭᠡᠶ ᠠᠬᠢᠭᠤᠯᠤᠨ᠎ᠠ᠃ | ᠵᠢᠭᠤᠯᠴᠢᠯᠠᠯ ᠢᠶᠠᠷ ᠬᠤᠲᠠ ᠶᠢ ᠬᠥᠭᠵᠢᠭᠦᠯᠬᠦ ᠪᠥᠲᠥᠭᠡᠨ ᠪᠠᠶᠢᠭᠤᠯᠤᠯᠲᠠ ᠶᠢ ᠭᠤᠶᠢᠪᠢᠰᠢ ᠥᠬᠡᠶ ᠠᠳᠬᠤᠵᠤ᠂ ︽ᠣᠶ ᠰᠢᠭᠤᠶ ᠶᠢᠨ ᠬᠤᠲᠠ᠂ ᠴᠠ ᠪᠤᠭᠤ ᠶᠢᠨ | ᠨᠤᠲᠤᠭ᠂ ᠪᠡᠶ᠎ᠡ ᠰᠤᠪᠢᠯᠠᠯᠲᠠ ᠶᠢᠨ ᠦᠵᠡᠮᠵᠢᠲᠦ ᠣᠷᠣᠨ᠂ ᠳᠤᠮᠳᠠᠳᠤ ᠤᠯᠤᠰ ᠤᠨ ᠬᠦᠢᠲᠡᠨ ᠲᠦᠢᠯ︾ ᠤᠨ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠪᠥᠬᠦ | ᠬᠦᠴᠦᠨ ᠢᠶᠠᠷ ᠢᠶᠠᠨ ᠪᠣᠶ ᠪᠣᠯᠭᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠬᠢᠭᠡᠳ ᠡᠷᠡᠭᠦᠯᠵᠢᠯ ᠰᠤᠪᠢᠯᠠᠯᠲᠠ ᠠᠮᠠᠷᠠᠯᠲᠠ᠂ ᠰᠣᠶᠣᠯ ᠪᠡᠶ᠎ᠡ ᠲᠠᠮᠢᠷ᠂ ᠬᠤᠲᠠ | ᠬᠥᠳᠡᠭᠡ ᠶᠢᠨ ᠠᠵᠤ ᠠᠬᠤᠶ ᠶᠢᠨ ᠠᠭᠤᠰᠤᠯᠴᠠᠨ ᠬᠥᠭᠵᠢᠬᠦ ᠶᠢ ᠳᠥᠯᠭᠢᠨ ᠠᠬᠢᠭᠤᠯᠵᠤ᠂ ︽ᠭᠠᠵᠠᠷ ᠪᠣᠯᠭᠠᠨ ᠴᠥᠮ ᠵᠢᠭᠤᠯᠴᠢᠯᠠᠯ ᠤᠨ ᠣᠷᠴᠢᠨ ᠲᠣᠭᠤᠷᠢᠨ︾ | ᠪᠥᠬᠦᠶ ᠪᠥᠬᠦ ᠴᠠᠷᠠᠭᠠᠨ ᠤ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠨ᠎ᠠ᠃ ᠤᠯᠭᠤᠶᠠ ᠶᠢᠨ ᠦᠵᠡᠮᠵᠢ ᠶᠢᠨ ᠣᠷᠣᠨ ᠤ ᠲᠠᠩᠰᠠ ᠡᠪᠬᠡᠮᠡᠯ ᠢ | ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠵᠤ᠂ ᠬᠦᠢᠲᠡᠨ ᠲᠦᠢᠯ ᠤᠨ ᠬᠠᠯᠠᠭᠤᠨ ᠷᠠᠰᠢᠶᠠᠨ ᠤ ᠪᠠᠭᠤᠳᠠᠯ᠂ ᠮᠥ᠋ ᠳ᠋ᠦ᠋ ᠤᠰᠤ ᠶᠢᠨ ᠶᠢᠷᠲᠢᠨᠴᠦ᠂ | ᠠᠮᠲᠠᠲᠤ ᠢᠳᠡᠭᠡᠨ ᠤ ᠬᠤᠲᠠ᠂ ᠪᠠᠷᠠᠭᠤᠨ ᠦᠺᠢᠶᠠ ᠶᠢᠨ ᠬᠤᠸᠠᠷᠠᠨ ᠤ ᠬᠤᠶᠠᠳᠤᠭᠠᠷ ᠬᠤᠭᠤᠴᠠᠭ᠎ᠠ᠂ ᠯᠦ ᠶᠦᠨ ᠪᠠᠭᠤᠳᠠᠯ᠂ ᠲᠠᠷᠢᠶᠠᠨ ᠭᠠᠵᠠᠷ ᠤᠨ | ᠶᠡᠷᠦᠩᠬᠡᠶᠢᠯᠡᠭᠰᠡᠨ ᠴᠣᠭᠴᠠ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠦᠵᠡᠮᠵᠢ ᠶᠢᠨ ᠣᠷᠣᠨ ᠤ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠪᠠᠶᠠᠯᠢᠭᠵᠢᠭᠤᠯᠵᠤ᠂ ᠦᠵᠡᠮᠵᠢ ᠶᠢᠨ ᠣᠷᠣᠨ ᠤ ᠬᠠᠮᠢᠶᠠᠷᠤᠯᠲᠠ ᠶᠢ ᠵᠢᠷᠤᠮᠵᠢᠭᠤᠯᠤᠨ᠂ ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ | ᠣᠷᠣᠨ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃ ᠭᠡᠭᠡᠨ ᠭᠤᠤᠯ ᠮᠠᠨᠬᠥ᠋ᠢ ᠶᠢᠨ ᠵᠠᠰᠠᠮᠠᠯ ᠵᠠᠮ ᠢᠶᠠᠷ ᠲᠦᠰᠢᠭ ᠪᠣᠯᠭᠠᠵᠤ᠂ ᠶᠡᠭᠡ ᠬᠢᠩᠭᠠᠨ | ᠳᠠᠪᠠᠭ᠎ᠠ ᠶᠢᠨ ᠳᠠᠪᠠᠭᠠᠨ ᠳᠠᠬᠢ ᠵᠢᠭᠤᠯᠴᠢᠯᠠᠯ ᠤᠨ ᠦᠵᠡᠮᠵᠢ ᠶᠢᠨ ᠵᠠᠮ ᠢ ᠨᠡᠪᠲᠡᠷᠡᠭᠦᠯᠵᠦ᠂ ᠭᠡᠭᠡᠨ ᠭᠤᠤᠯ ᠤᠨ ᠡᠬᠢ ᠶᠢᠨ ᠤᠯᠤᠰ ᠤᠨ ᠨᠤᠭᠤ ᠭᠠᠵᠠᠷ ᠤᠨ ᠴᠡᠴᠡᠷᠯᠢᠭ | ᠂ ᠬᠦᠢᠲᠡᠨ ᠲᠦᠢᠯ ᠲᠣᠰᠬᠤᠨ᠂ ᠶᠡᠭᠡ ᠰᠠᠮᠠ᠂ ᠺᠠᠷᠦ᠋ᠫᠡᠨ ᠠᠭᠤᠯᠠ ᠶᠢᠨ ᠦᠵᠡᠮᠵᠢ ᠶᠢᠨ ᠣᠷᠣᠨ ᠤ ᠵᠢᠭᠤᠯᠴᠢᠯᠠᠯ ᠤᠨ ᠦᠢᠯᠡᠴᠢᠯᠡᠭᠡᠨ ᠤ ᠲᠦᠬᠦᠭᠡᠷᠦᠮᠵᠢ ᠶᠢᠨ | ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠳᠤᠮᠳᠠᠳᠤ ᠤᠯᠤᠰ ᠤᠨ ᠬᠦᠢᠲᠡᠨ ᠲᠦᠢᠯ ᠢ ᠪᠡᠶᠡᠴᠢᠯᠡᠨ ᠣᠶᠢᠯᠠᠭᠠᠬᠤ᠂ ᠴᠠ ᠪᠤᠭᠤ ᠶᠢᠨ ᠰᠣᠶᠣᠯ ᠤᠨ ᠮᠥᠷᠳᠡᠯ᠂ | ᠲᠡᠤᠬᠡ ᠰᠣᠶᠣᠯ ᠤᠨ ᠨᠢᠭᠤᠴᠠ ᠶᠢ ᠬᠠᠶᠢᠬᠤ᠂ ᠣᠶ ᠰᠢᠭᠤᠶ ᠶᠢᠨ ᠠᠮᠢ ᠠᠬᠤᠶ ᠶᠢᠨ ᠰᠣᠶᠣᠯ ᠢ ᠰᠤᠳᠤᠯᠬᠤ ᠵᠡᠷᠭᠡ ᠵᠢᠭᠤᠯᠴᠢᠯᠠᠯ ᠤᠨ ᠪᠦᠲᠦᠭᠡᠭᠳᠡᠬᠦᠨ ᠢ ᠨᠠᠷᠢᠯᠢᠭ | ᠡᠭᠦᠳᠦᠨ᠎ᠡ᠃ ᠵᠢᠭᠤᠯᠴᠢᠯᠠᠯ ᠤᠨ ᠠᠷᠠᠳ ᠤᠨ ᠪᠠᠭᠤᠳᠠᠯ ᠢ ᠢᠳᠡᠪᠬᠢᠲᠡᠶ ᠪᠠᠷ ᠬᠥᠭᠵᠢᠭᠦᠯᠵᠦ᠂ ᠵᠡᠷᠭᠡ ᠳᠡᠰ ᠤᠨ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ᠂ | ᠪᠣᠬᠢᠷᠲᠤᠯ ᠥᠬᠡᠶ ᠪᠠᠭᠤᠳᠠᠯ ᠤᠨ ᠲᠠᠰ ᠳᠡᠪᠰᠢᠵᠦ ᠣᠳᠣᠨ ᠨᠡᠮᠡᠬᠦ ᠪᠠ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠶᠡᠭᠡ | ᠬᠢᠩᠭᠠᠨ ᠳᠠᠪᠠᠭ᠎ᠠ ᠶᠢᠨ ᠬᠤᠪᠢ ᠶᠢᠨ ᠮᠠᠰᠢᠨ ᠲᠡᠷᠭᠡᠨ ᠤ ᠬᠤᠸᠠᠷᠠᠨ ᠤ 4C ᠲᠠᠰ ᠤᠨ ᠬᠤᠸᠠᠷᠠᠨ ᠢ ᠡᠭᠦᠳᠦᠨ ᠪᠠᠶᠢᠭᠤᠯᠬᠤ᠂ ᠺᠠᠯᠦ᠋ᠪᠤᠨ ᠤ ᠤᠯᠤᠰ ᠤᠨ ᠨᠤᠭᠤ | ᠭᠠᠵᠠᠷ ᠤᠨ ᠴᠡᠴᠡᠷᠯᠢᠭ ᠤᠨ ᠮᠠᠶᠢᠬᠠᠨ ᠤ ᠬᠤᠸᠠᠷᠠᠨ ᠤ ᠴᠢᠨᠠᠷ ᠰᠠᠶᠢᠲᠠᠶ ᠬᠡᠭᠡᠷ᠎ᠡ ᠪᠠᠭᠤᠳᠠᠯᠯᠠᠬᠤ ᠭᠠᠵᠠᠷ ᠢ ᠡᠭᠦᠳᠦᠨ ᠪᠠᠶᠢᠭᠤᠯᠬᠤ ᠶᠢ ᠳᠡᠮᠵᠢᠨ᠎ᠡ᠃ ︽ᠠᠷᠪᠠᠨ | ᠳᠦᠷᠪᠡᠳᠦᠭᠡᠷ ᠡᠪᠦᠯ ᠤᠨ ᠴᠤᠭᠯᠠᠭᠠᠨ︾ ᠢ ᠠᠰᠢᠭᠯᠠᠨ᠂ ᠳᠤᠮᠳᠠᠳᠤ ᠤᠯᠤᠰ ᠤᠨ ᠬᠦᠢᠳᠡᠨ ᠲᠦᠢᠯ ᠤᠨ ᠲᠣᠰᠬᠤᠨ᠂ ᠣᠯᠭᠤᠶᠠ ᠦᠵᠡᠮᠵᠢ ᠶᠢᠨ ᠣᠷᠣᠨ ᠤ | ᠰᠣᠶᠣᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠬᠦᠢᠳᠡᠨ ᠲᠦᠢᠯ ᠤᠨ ᠮᠥᠰᠥ ᠴᠠᠰᠤᠨ ᠤ ᠤᠯᠠᠷᠢᠯ ᠤᠨ ᠰᠢᠷᠢᠰ ᠠᠵᠢᠯᠯᠠᠭ᠎ᠠ ᠶᠢ ᠥᠨᠳᠥᠷ ᠪᠠᠷᠢᠮᠵᠢᠶ᠎ᠠ ᠪᠠᠷ | ᠲᠥᠯᠥᠪᠵᠢᠭᠦᠯᠵᠦ᠂ ᠵᠤᠭᠠᠴᠠᠭᠰᠠᠳ ᠤᠨ ᠵᠠᠪᠠᠯ ᠬᠦᠷᠴᠦ ᠵᠠᠪᠠᠯ ᠵᠤᠭᠠᠴᠠᠬᠤ ᠡᠪᠦᠯ ᠤᠨ ᠤᠯᠠᠷᠢᠯ ᠤᠨ ᠵᠤᠭᠠᠴᠠᠯ ᠤᠨ ︽ᠺᠠᠷᠲ ᠴᠣᠬᠢᠬᠤ ᠭᠠᠵᠠᠷ︾ ᠪᠤᠯᠭᠠᠵᠦ᠂ | ᠭᠡᠭᠡᠨ ᠭᠤᠣᠯ ᠤᠨ ᠮᠥᠰᠥ ᠴᠠᠰᠤᠨ ᠤ ᠵᠤᠭᠠᠴᠠᠯ ᠤᠨ ︽ᠬᠥᠭᠵᠢᠬᠦ︾ ᠶᠢ ᠠᠬᠢᠭᠤᠯᠤᠨ᠎ᠠ᠃ ᠰᠣᠶᠣᠯ ᠵᠤᠭᠠᠴᠠᠯ ᠤᠨ ᠤᠬᠠᠭᠤᠯᠭ᠎ᠠ ᠲᠠᠨᠢᠯᠴᠠᠭᠤᠯᠭ᠎ᠠ ᠶᠢ | ᠴᠢᠩᠭᠠᠳᠬᠠᠵᠤ᠂ ᠪᠡᠭᠡᠵᠢᠩ ᠲᠢᠶᠠᠨᠵᠢᠨ ᠡᡁᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠤᠣᠯ | ᠠᠶᠠᠨᠴᠢᠳ ᠤᠨ ᠢᠷᠡᠯᠳᠡ ᠶᠢᠨ ᠵᠠᠬ᠎ᠠ ᠳᠡᠯᠭᠡᠭᠦᠷ ᠲᠠᠢ ᠤᠨᠢᠨ ᠳᠡᠭᠡᠷ᠎ᠡ ᠨᠢ ᠵᠣᠯᠭᠠᠭᠤᠯᠵᠤ᠂ ᠳᠤᠮᠳᠠ ᠪᠠᠷᠠᠭᠤᠨ ᠣᠷᠣᠨ ᠤ ᠬᠤᠳᠠ ᠶᠢᠨ ᠰᠢᠨ᠎ᠡ ᠠᠶᠠᠨᠴᠢᠳ ᠤᠨ | ᠢᠷᠡᠯᠳᠡ ᠶᠢᠨ ᠵᠠᠬ᠎ᠠ ᠳᠡᠯᠭᠡᠭᠦᠷ ᠢ ᠭᠦᠨᠵᠡᠭᠡᠢ ᠠᠭᠤᠳᠠᠯᠵᠤ᠂ ᠤᠯᠠᠮᠵᠢᠯᠠᠯᠲᠤ ᠵᠠᠭᠤᠴᠢᠯᠠᠭᠤᠷ᠂ ᠰᠢᠨ᠎ᠡ ᠵᠠᠭᠤᠴᠢᠯᠠᠭᠤᠷ᠂ ᠬᠤᠪᠢ ᠶᠢᠨ ᠵᠠᠭᠤᠴᠢᠯᠠᠭᠤᠷ ᠢ ᠨᠡᠶᠢᠳᠬᠡᠨ | ᠰᠦᠯᠵᠢᠶᠡᠨ ᠤ ᠤᠬᠠᠭᠤᠯᠭ᠎ᠠ ᠶᠢᠨ ᠵᠢᠭᠰᠠᠭᠠᠯ ᠢ ᠪᠠᠶᠢᠭᠤᠯᠵᠤ᠂ ᠤᠯᠠᠨ ᠲᠠᠯ᠎ᠠ ᠠᠴᠠ᠂ ᠤᠯᠠᠨ ᠠᠷᠭ᠎ᠠ ᠵᠠᠮ ᠢᠶᠠᠷ ᠭᠡᠭᠡᠨ ᠭᠤᠣᠯ ᠤᠨ ᠰᠣᠶᠣᠯ ᠵᠢᠭᠤᠯᠴᠢᠯᠠᠯ ᠤᠨ | ᠠᠵᠤ ᠦᠢᠯᠡᠰ ᠢ ᠤᠬᠠᠭᠤᠯᠤᠨ᠎ᠠ᠃ | ᠲᠠᠷᠢᠶᠠᠯᠠᠩ ᠮᠠᠯ ᠠᠵᠤ ᠠᠬᠤᠶ ᠶᠢᠨ ᠨᠡᠮᠡᠭᠳᠡᠯ ᠤᠨ ᠬᠡᠮᠵᠢᠶ᠎ᠡ ᠪᠠ ᠶᠠᠰᠤ ᠴᠢᠨᠠᠷ ᠢ ᠨᠡᠮᠡᠭᠳᠡᠭᠦᠯᠦᠨ ᠣᠶ ᠰᠢᠭᠤᠶ ᠠᠴᠠ ᠢᠳᠡᠭᠡᠨ ᠠᠪᠬᠤ ᠶᠢ ᠪᠠᠷᠢᠮᠲᠠᠯᠠᠵᠤ᠂ ᠣᠶ | ᠵᠢᠮᠢᠰ᠂ ᠣᠶ ᠮᠣᠳᠣᠨ ᠤ ᠪᠠᠺᠲ᠋ᠧᠷᠢ᠂ ᠣᠶ ᠨᠣᠭᠤᠭ᠎ᠠ᠂ ᠣᠶ ᠡᠮ ᠤᠨ ᠠᠵᠤ ᠦᠢᠯᠡᠰ ᠤᠨ ᠬᠡᠯᠬᠢᠶ᠎ᠡ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠲᠣᠮᠣ ᠢᠳᠡᠭᠡᠨ ᠢ | ᠦᠢᠯᠡᠳᠦᠯᠭᠡᠵᠢᠭᠦᠯᠬᠦ ᠳᠤ ᠤᠷᠢᠳᠠᠪᠠᠷ ᠬᠡᠷᠡᠭᠵᠢᠭᠦᠯᠬᠦ ᠭᠠᠵᠠᠷ ᠢ ᠪᠣᠶ ᠪᠣᠯᠭᠠᠨ᠎ᠠ᠃ ᠠᠮᠤ ᠪᠤᠳᠠᠭᠠᠨ ᠤ ᠦᠢᠯᠡᠳᠪᠦᠷᠢᠯᠡᠯ ᠢ ᠰᠠᠶᠢᠲᠤᠷ ᠠᠳᠬᠤᠵᠤ᠂ ᠳᠡᠭᠡᠳᠦ | ᠱᠠᠲᠤᠨ ᠠᠴᠠ ᠪᠠᠭᠤᠯᠭᠠᠭᠰᠠᠨ ᠲᠡᠷᠢᠬᠤ ᠡᠭᠦᠷᠭᠡ ᠶᠢ ᠪᠡᠶᠡᠯᠡᠭᠦᠯᠦᠨ᠎ᠡ᠃ ᠬᠦᠷᠢᠶᠡᠨ ᠤ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠬᠠᠷ᠎ᠠ ᠳᠡᠯᠳᠡᠦ᠂ ᠪᠢᠯᠢᠭᠲᠦ | ᠳᠡᠯᠳᠡᠦ᠂ ᠬᠥᠬᠡ ᠬᠦᠵᠡᠯᠵᠡᠭᠡᠨ᠎ᠡ᠂ ᠴᠠᠨ᠎ᠠ ᠵᠡᠷᠭᠡ ᠤᠨᠴᠠᠯᠢᠬᠳᠤ ᠣᠶ ᠰᠢᠭᠤᠶ ᠶᠢᠨ ᠪᠦᠲᠦᠭᠡᠭᠳᠡᠬᠦᠨ ᠤ ᠳᠠᠷᠢᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠎ᠡ᠃ | ᠬᠥᠯᠥᠨ ᠪᠤᠶᠢᠷ ᠬᠤᠲᠠ ᠶᠢᠨ ︽ᠵᠠᠭᠤᠨ ᠬᠦᠷᠢᠶᠡᠯᠡᠩ︾ ᠭᠡᠭᠡᠨ ᠭᠤᠤᠯ ᠢ ᠡᠭᠦᠳᠦᠨ ᠪᠦᠲᠦᠭᠡᠬᠦ ᠠᠵᠢᠯᠯᠠᠭ᠎ᠠ ᠶᠢ ᠥᠷᠨᠢᠭᠦᠯᠵᠦ᠂ ᠪᠢᠯᠢᠭᠲᠦ ᠳᠡᠯᠳᠡᠦ ᠶᠢᠨ ᠲᠠᠷᠢᠮᠠᠯ | ᠪᠠ ᠬᠦᠢᠲᠡᠨ ᠤᠰᠤᠨ ᠤ ᠵᠢᠭᠠᠰᠤᠨ ᠤ ᠤᠨᠴᠠᠯᠢᠭᠳᠤ ᠲᠡᠵᠢᠭᠡᠨ ᠦᠷᠡᠵᠢᠭᠦᠯᠦᠯᠲᠡ ᠶᠢᠨ ᠬᠥᠭᠵᠢᠯᠲᠡ ᠶᠢ ᠠᠬᠢᠭᠤᠯᠤᠨ᠎ᠠ᠃ ᠠᠮᠢᠲᠠᠨ ᠤ ᠬᠢᠵᠢᠭ ᠡᠪᠡᠳᠴᠢᠨ ᠢ | ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠤᠯᠤᠰ ᠤᠨ ᠤᠯᠭᠤᠶᠠ ᠶᠢᠨ ᠴᠠ ᠪᠤᠭᠤ ᠶᠢᠨ ᠡᠭᠦᠯᠳᠡᠷ ᠬᠠᠮᠠᠭᠠᠯᠠᠬᠤ | ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠬᠢᠵᠦ᠂ ᠴᠠ ᠪᠤᠭᠤ ᠶᠢᠨ ᠳᠦᠷᠰᠦ ᠶᠢᠨ ᠰᠦᠷᠦᠭ ᠤᠨ ᠬᠡᠪᠴᠢᠶ᠎ᠡ ᠶᠢ ᠥᠷᠭᠡᠳᠬᠡᠨ᠎ᠡ᠃ | ᠠᠮᠢ ᠠᠬᠤᠶ ᠶᠢᠨ ᠠᠵᠤ ᠦᠢᠯᠡᠰ ᠤᠨ ᠴᠠᠭ ᠤᠨ ᠪᠠᠶᠢᠳᠠᠯ ᠢ ᠠᠮᠵᠢᠨ ᠬᠥᠭᠵᠢᠬᠦ ᠶᠢ ᠭᠦᠨᠵᠡᠭᠡᠶ ᠲᠦᠯᠬᠢᠨ ᠠᠬᠢᠭᠤᠯᠤᠨ᠎ᠠ᠃ ᠪᠢᠯᠢᠭᠲᠦ ᠳᠡᠯᠳᠡᠦ᠂ ᠬᠠᠷ᠎ᠠ ᠳᠡᠯᠳᠡᠦ | ᠂ ᠬᠥᠬᠡ ᠬᠦᠵᠡᠯᠵᠡᠭᠡᠨ᠎ᠡ᠂ ᠠᠭᠤᠷᠬᠠᠶ ᠶᠢᠨ ᠪᠤᠯᠠᠭ ᠤᠨ ᠤᠰᠤ ᠵᠡᠷᠭᠡ ᠠᠮᠢ ᠠᠬᠤᠶ ᠶᠢᠨ ᠪᠦᠲᠦᠭᠡᠭᠳᠡᠬᠦᠨ ᠤ ᠲᠣᠭᠤᠷᠢᠨ ᠳᠤ ᠣᠶ ᠶᠢᠨ ᠬᠤᠷᠮᠣᠶ ᠶᠢᠨ | ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠲᠥᠷᠥᠯ ᠵᠦᠢᠯ ᠢ ᠲᠥᠯᠥᠪᠯᠡᠨ᠎ᠡ᠃ ᠬᠤᠩ ᠶᠤᠸᠠᠨ ᠺᠣᠮᠫᠠᠨᠢ ᠪᠠᠷ ᠬᠥᠲᠥᠴᠢ ᠪᠣᠯᠭᠠᠨ ᠠᠭᠤᠷᠬᠠᠶ ︵ᠠᠭᠤᠯᠠ︶ ᠶᠢᠨ | ᠪᠤᠯᠠᠭ ᠤᠨ ᠤᠰᠤ ᠡᠳ᠋ᠰᠢᠭᠦᠯᠬᠦ ᠦᠢᠯᠡᠰ ᠢ ᠬᠥᠭᠵᠢᠭᠦᠯᠵᠦ᠂ ᠯᠢᠨ ᠬᠠᠶ ᠶᠤᠸᠠᠨ᠂ ᠰᠧᠨ ᡁᠢ ᠪᠦᠦ ᠠᠵᠤ ᠠᠬᠤᠶᠢᠯᠠᠯ ᠢᠶᠠᠷ ᠬᠡᠪ ᠳᠠᠭᠤᠷᠢᠶᠠᠯ ᠪᠣᠯᠭᠠᠨ ᠪᠣᠬᠢᠷᠲᠤᠯ | ᠥᠬᠡᠶ ᠢᠳᠡᠭᠡᠨ ᠡᠳ᠋ᠰᠢᠭᠦᠯᠬᠦ ᠦᠶ᠋ᠯᠡᠰ ᠢ ᠬᠥᠭᠵᠢᠭᠦᠯᠵᠦ᠂ ᠠᠮᠢ ᠠᠬᠤᠶ ᠶᠢᠨ ᠢᠳᠡᠭᠡᠨ ᠤ ᠠᠵᠤ ᠦᠢᠯᠡᠰ ᠤᠨ ᠬᠦᠴᠦᠷᠬᠡᠭ ᠰᠠᠭᠤᠷᠢᠨ ᠭᠠᠵᠠᠷ᠂ ᠬᠥᠲᠥᠴᠢ | ᠪᠤᠶᠢᠵᠢᠭᠤᠯᠬᠤ᠂ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠶᠢ ᠳᠥᠯᠭᠢᠨ ᠠᠬᠢᠭᠤᠯᠵᠤ᠂ ᠰᠠᠶᠢᠨ ᠦᠢᠯᠡᠳᠭᠦᠨ ᠢ ᠰᠠᠶᠢᠨ ᠦᠨ᠎ᠡ ᠪᠠᠷ ᠬᠤᠳᠠᠯᠳᠤᠨ ᠭᠠᠷᠭᠠᠨ᠎ᠠ | ᠃ | ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠡᠷᠴᠢᠮᠯᠢᠭ ᠲᠥᠪᠯᠡᠷᠡᠨ ᠬᠥᠭᠵᠢᠬᠦ ᠶᠢ ᠭᠦᠨᠵᠡᠭᠡᠶ ᠲᠦᠯᠬᠢᠨ ᠠᠬᠢᠭᠤᠯᠤᠨ᠎ᠠ᠃ ᠮᠥᠰᠥ ᠴᠠᠰᠤᠨ ᠤ ᠠᠵᠤ | ᠠᠬᠤᠢ ᠶᠢ ᠪᠤᠶᠢᠵᠢᠭᠤᠯᠵᠤ᠂ ᠬᠦᠢᠳᠡᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠮᠥᠰᠥ ᠴᠠᠰᠤᠨ ᠤ ᠠᠵᠤ ᠠᠬᠤᠢ ᠶᠢᠨ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠵᠤ᠂ ᠦᠢᠯᠡᠴᠢᠯᠡᠭᠡᠨ ᠤ ᠬᠡᠯᠬᠢᠶ᠎ᠡ ᠶᠢ ᠰᠢᠯᠢᠳᠡᠭᠵᠢᠭᠦᠯᠵᠦ᠂ ᠦᠷᠳᠡᠭ ᠤᠨ ᠬᠡᠯᠬᠢᠶ᠎ᠡ ᠶᠢ ᠳᠡᠭᠡᠭᠰᠢᠯᠡᠭᠦᠯᠵᠦ᠂ ᠮᠥᠰᠥ ᠴᠠᠰᠤᠨ ᠳᠤ | ᠬᠤᠴᠢᠭᠳᠠᠭᠰᠠᠨ ᠭᠠᠵᠠᠷ ᠢ ᠴᠢᠷᠮᠠᠶᠢᠨ ᠴᠣᠭᠴᠠᠯᠠᠬᠤ ᠨᠢ ᠮᠥᠨᠴᠦ ᠠᠯᠳᠠ ᠮᠥᠩᠭᠦᠨ ᠠᠭᠤᠯᠠ ᠶᠢᠨ ᠦᠢᠯᠡᠳᠦᠯᠭᠡ ᠶᠢᠨ ᠭᠠᠵᠠᠷ ᠪᠣᠯᠤᠨ᠎ᠠ᠃ ᠭᠡᠭᠡᠨ ᠭᠤᠣᠯ ᠤᠨ | ᠲᠤᠭ᠎ᠠ ᠪᠠᠷᠢᠮᠲᠠ ᠶᠢᠨ ᠲᠥᠪ ᠬᠢᠭᠡᠳ ᠠᠷᠢᠭᠤᠨ ᠴᠡᠪᠡᠷ ᠢᠯᠴᠢ ᠬᠠᠩᠭᠠᠬᠤ ᠶᠢ ᠨᠢᠭᠡ ᠴᠤᠭᠴᠠᠵᠢᠭᠤᠯᠬᠤ ᠲᠦᠷᠦᠯ ᠵᠦᠢᠯ ᠢ ᠲᠦᠯᠬᠢᠨ ᠠᠬᠢᠭᠤᠯᠤᠨ᠎ᠠ᠃ ︽ | ᠡᠪᠦᠯ ᠤᠨ ᠤᠯᠠᠷᠢᠯ ᠤᠨ ᠵᠢᠭᠤᠯᠴᠢᠯᠠᠯ + ᠪᠡᠶ᠎ᠡ ᠶᠢᠨ ᠲᠠᠮᠢᠷ︾ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠤᠷᠤᠯᠳᠤᠭᠠᠨ ᠢ ᠠᠳᠬᠤᠬᠤ᠂ ᠦᠵᠡᠮᠵᠢ | ᠪᠦᠲᠦᠭᠡᠬᠦ᠂ ᠨᠠᠷᠠᠲᠤ ᠲᠡᠮᠳᠡᠭᠲᠦ ᠶᠢ ᠡᠭᠦᠳᠬᠦ᠂ ᠬᠦᠢᠲᠡᠨ ᠲᠦᠢᠯ ᠤᠨ ᠮᠠᠷᠠᠰᠤᠨ ᠤᠷᠤᠯᠳᠤᠭᠠᠨ ᠵᠡᠷᠭᠡ ᠰᠢᠷᠢᠰ ᠠᠵᠢᠯᠯᠠᠭ᠎ᠠ ᠶᠢ ᠰᠠᠶᠢᠲᠤᠷ ᠡᠷᠭᠢᠯᠡᠨ᠎ᠡ᠃ ᠳᠣᠤᠷ᠎ᠠ | ᠠᠭᠠᠷ ᠤᠨ ᠠᠵᠤ ᠠᠬᠤᠶ ᠶᠢ ᠬᠥᠭᠵᠢᠭᠦᠯᠵᠦ᠂ ᠳᠤᠮᠳᠠᠳᠤ ᠤᠯᠤᠰ ᠤᠨ ᠡᠭᠴᠡ ᠨᠢᠰᠬᠡᠯ ᠤᠨ ᠵᠢᠷᠤᠭ ᠲᠥᠯᠥᠪᠯᠡᠭᠡ ᠶᠢᠨ ᠰᠤᠳᠤᠯᠭᠠᠨ ᠤ ᠭᠠᠵᠠᠷ᠂ ᠰᠢ ᠠᠨ ᠤ | ᠲᠤᠷᠰᠢᠨ ᠨᠢᠰᠬᠦ ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠯᠦᠭᠡ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠥᠨᠳᠥᠷ | ᠬᠦᠢᠲᠡᠨ ᠢ ᠰᠢᠯᠭᠠᠨ ᠬᠡᠮᠵᠢᠬᠦ ᠪᠠᠲᠤᠯᠠᠭ᠎ᠠ ᠶᠢᠨ ᠦᠢᠯᠡᠴᠢᠯᠡᠭᠡ ᠶᠢ ᠰᠠᠶᠢᠲᠤᠷ ᠬᠢᠵᠦ᠂ ᠨᠠᠩ ᠣᠯᠠᠨ ᠬᠡᠯᠪᠡᠷᠢ ᠮᠠᠶ᠋ᠢᠭ ᠤᠨ ᠨᠢᠰᠦᠭᠦᠷ ᠤᠨ ᠥᠨᠳᠥᠷ ᠬᠦᠢᠲᠡᠨ ᠢ | ᠰᠢᠯᠭᠠᠨ ᠬᠡᠮᠵᠢᠬᠦ ᠠᠵᠢᠯ ᠢ ᠥᠷᠨᠢᠭᠦᠯᠵᠦ᠂ ᠥᠨᠳᠥᠷ ᠬᠦᠢᠲᠡᠨ ᠤ ᠠᠭᠠᠷ ᠤᠨ ᠨᠢᠰᠦᠭᠦᠷ ᠢ ᠰᠢᠯᠭᠠᠨ ᠬᠡᠮᠵᠢᠬᠦ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ | ᠪᠠᠶᠢᠭᠤᠯᠤᠨ᠎ᠠ᠃ | ᠤᠯᠠᠮᠵᠢᠯᠠᠯᠲᠤ ᠠᠵᠤ ᠦᠢᠯᠡᠰ ᠤᠨ ᠰᠢᠨ᠎ᠡ ᠶᠢ ᠡᠭᠦᠳᠴᠦ ᠰᠢᠯᠢᠳᠡᠭ ᠢ ᠡᠭᠦᠳᠬᠦ ᠬᠥᠭᠵᠢᠯᠲᠡ ᠶᠢ ᠭᠦᠨᠵᠡᠭᠡᠶ ᠲᠦᠯᠬᠢᠨ ᠠᠬᠢᠭᠤᠯᠤᠨ᠎ᠠ᠃ ᠪᠣᠬᠢᠷᠲᠤᠯ ᠥᠬᠡᠶ | ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠠᠭᠤᠷᠬᠠᠶ ᠶᠢᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠤᠯ ᠤᠨ | ᠣᠷᠣᠭᠤᠯᠤᠯᠲᠠ ᠪᠠᠨ ᠨᠡᠮᠡᠭᠳᠡᠭᠦᠯᠬᠦ ᠶᠢ ᠳᠡᠮᠵᠢᠵᠦ᠂ ᠰᠧᠨ ᠰᠢᠨ ᠠᠭᠤᠷᠬᠠᠶ ᠶᠢᠨ ᠦᠢᠯᠡᠰ ᠢ ᠪᠤᠶᠢᠵᠢᠭᠤᠯᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ | ᠪᠣᠯᠭᠠᠵᠤ᠂ ᠱᠠᠨ ᠶᠢᠨ ᠠᠭᠤᠷᠬᠠᠶ ᠶᠢᠨ ᠦᠢᠯᠡᠰ ᠬᠢᠭᠡᠳ ᠪᠢᠯᠢᠶᠠ ᠶᠢᠨ ᠠᠭᠤᠷᠬᠠᠶ ᠶᠢᠨ ᠦᠢᠯᠡᠰ ᠤᠨ ᠭᠦᠨᠵᠡᠭᠡᠶ ᠬᠠᠮᠲᠤᠷᠠᠯᠴᠠᠭ᠎ᠠ ᠶᠢ ᠠᠬᠢᠭᠤᠯᠤᠨ᠎ᠠ᠃ ᠣᠶ ᠮᠣᠳᠣ | ᠡᠳ᠋ᠰᠢᠭᠦᠯᠬᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ ᠭᠧᠨ ᠯᠢᠨ ᠮᠣᠳᠣᠨ ᠤ ᠦᠢᠯᠡᠰ᠂ ᠮᠢᠨ ᠠᠨ ᠮᠣᠳᠣᠨ ᠤ ᠦᠢᠯᠡᠰ ᠵᠡᠷᠭᠡ | ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢ ᠳᠡᠮᠵᠢᠵᠦ᠂ ᠡᠬᠢ ᠪᠠᠶᠠᠯᠢᠭ ᠢ ᠡᠷᠴᠢᠮᠵᠢᠭᠦᠯᠦᠨ ᠠᠰᠢᠭᠯᠠᠬᠤ ᠶᠢ ᠴᠢᠩᠭᠠᠳᠬᠠᠨ᠂ ᠪᠦᠲᠦᠭᠡᠭᠳᠡᠬᠦᠨ ᠤ ᠲᠠᠰ | ᠳᠡᠪᠰᠢᠬᠦ ᠶᠢ ᠠᠬᠢᠭᠤᠯᠵᠤ᠂ ᠣᠶ ᠮᠣᠳᠣ ᠡᠳ᠋ᠰᠢᠭᠦᠯᠬᠦ ᠦᠢᠯᠡᠰ ᠤᠨ ᠳᠡᠭᠡᠳᠦ ᠦᠵᠦᠭᠦᠷᠴᠢᠯᠡᠬᠦ᠂ ᠤᠶᠤᠨᠴᠢᠯᠠᠬᠤ᠂ ᠰᠢᠯᠢᠳᠡᠭᠵᠢᠭᠦᠯᠬᠦ ᠳᠠᠰᠢ ᠭᠦᠨᠵᠡᠭᠡᠶᠢᠷᠡᠬᠦ ᠶᠢ | ᠠᠬᠢᠭᠤᠯᠤᠨ᠎ᠠ᠃ | ︵ᠭᠤᠷᠪᠠ︶ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠬᠦᠴᠦ ᠪᠠᠨ ᠲᠥᠪᠯᠡᠷᠡᠭᠦᠯᠵᠦ᠂ ᠴᠢᠨᠠᠷ ᠰᠠᠶᠢᠲᠠᠶ ᠥᠨᠳᠥᠷ ᠦᠷ᠎ᠡ | ᠪᠦᠲᠦᠮᠵᠢᠲᠡᠶ ᠬᠥᠭᠵᠢᠯᠲᠡ ᠶᠢᠨ ᠬᠥᠳᠡᠯᠭᠡᠬᠦ ᠬᠦᠴᠦᠨ ᠢ ᠵᠤᠵᠠᠭᠠᠳᠬᠠᠨ᠎ᠠ᠃ ︽ᠲᠦᠷᠦᠯ ᠵᠦᠢᠯ ᠢᠶᠠᠷ ᠭᠤᠣᠯ ᠪᠣᠯᠭᠠᠬᠤ︾ ᠶᠢ ᠭᠤᠶᠢᠪᠢᠰᠢ ᠦᠭᠡᠢ ᠪᠠᠷᠢᠮᠲᠠᠯᠠᠵᠤ᠂ | ᠨᠢᠭᠡ ᠪᠦᠯᠦᠭ ᠬᠥᠳᠡᠯᠭᠡᠬᠦ ᠬᠦᠴᠦᠨ ᠢᠶᠠᠷ ᠴᠢᠩᠭ᠎ᠠ ᠲᠤᠮᠤ ᠲᠦᠷᠦᠯ ᠵᠦᠢᠯ ᠢ ᠬᠦᠴᠦᠯᠡᠨ ᠣᠷᠣᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠨ᠎ᠡ᠃ | ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠶ ᠪᠠᠷ ᠲᠦᠷᠦᠯ ᠵᠦᠢᠯ ᠢ ᠲᠥᠯᠥᠪᠵᠢᠭᠦᠯᠦᠨ᠎ᠡ᠃ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠰᠠᠶᠢᠲᠤᠷ | ᠠᠰᠢᠭᠯᠠᠵᠤ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠲᠥᠷᠥ ᠶᠢᠨ | ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ︽ᠰᠠᠨᠠᠯ︾ ᠢ ᠭᠦᠨᠵᠡᠭᠡᠶ ᠰᠤᠳᠤᠯᠤᠨ ᠨᠡᠪᠲᠡᠷᠡᠲᠡᠯ᠎ᠡ ᠣᠶᠢᠯᠠᠭᠠᠵᠤ᠂ | ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠴᠢᠩᠭ᠎ᠠ ᠳᠠᠭᠠᠵᠤ᠂ ᠲᠥᠪ ᠤᠨ ᠲᠥᠰᠦᠪ ᠤᠨ ᠳᠣᠲᠣᠷᠠᠬᠢ ᠪᠡᠯᠡ | ᠮᠥᠩᠭᠦ᠂ ᠲᠤᠰᠬᠠᠶ ᠵᠦᠢᠯ ᠤᠨ ᠥᠷᠢ ᠥᠭᠴᠡᠭᠡ᠂ ᠡᠩ ᠤᠨ ᠥᠷᠢ ᠥᠭᠴᠡᠭᠡ ᠶᠢᠨ ᠭᠤᠣᠯᠳᠠᠯᠭ᠎ᠠ ᠲᠠᠢ ᠳᠡᠮᠵᠢᠬᠦ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢᠨ | ᠲᠣᠭᠤᠷᠢᠨ ᠳᠤ᠂ ᠨᠢᠭᠡ ᠪᠦᠯᠦᠭ ᠤᠰᠤᠨ ᠠᠰᠢᠭᠯᠠᠯᠲᠠ ᠵᠠᠮ ᠬᠠᠷᠢᠯᠴᠠᠭ᠎ᠠ᠂ ᠰᠣᠶᠣᠯ ᠵᠢᠭᠤᠯᠴᠢᠯᠠᠯ᠂ ᠢᠯᠴᠢ ᠬᠠᠩᠭᠠᠬᠤ ᠪᠡᠯᠡᠳᠬᠡᠮᠵᠢ ᠵᠡᠷᠭᠡ ᠳᠤ ᠰᠠᠭᠤᠷᠢ | ᠲᠠᠯᠪᠢᠬᠤ᠂ ᠣᠳᠣᠬᠠᠨ ᠳᠤ ᠠᠰᠢᠭ ᠬᠦᠷᠲᠡᠭᠡᠬᠦ᠂ ᠠᠯᠤᠰ ᠬᠡᠲᠦ ᠳᠤ ᠠᠰᠢᠭᠲᠠᠶ ᠠᠵᠤ ᠦᠢᠯᠡᠰ ᠤᠨ ᠬᠥᠭᠵᠢᠯᠲᠡ ᠪᠠ ᠰᠠᠭᠤᠷᠢ ᠲᠦᠬᠦᠭᠡᠷᠦᠮᠵᠢ ᠶᠢᠨ ᠲᠥᠷᠥᠯ | ᠵᠦᠢᠯ ᠢ ᠰᠦᠪᠡᠭᠴᠢᠯᠡᠵᠦ᠂ ᠨᠢᠭᠡ ᠪᠦᠯᠦᠭ ᠰᠤᠷᠭᠠᠨ ᠬᠥᠮᠦᠵᠢᠯ᠂ ᠡᠮᠴᠢᠯᠡᠭᠡ ᠵᠡᠷᠭᠡ ᠴᠢᠬᠤᠯᠠ ᠶᠡᠭᠡ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠨᠡᠪᠲᠡᠷᠡᠯᠴᠡᠨ | ᠵᠣᠯᠭᠠᠭᠤᠯᠵᠤ᠂ ︽ᠨᠢᠭᠡ ᠪᠦᠯᠦᠭ ᠢ ᠠᠵᠢᠯ ᠡᠬᠢᠯᠡᠭᠦᠯᠦᠨ᠂ ᠨᠢᠭᠡ ᠪᠦᠯᠦᠭ ᠢ ᠪᠠᠶᠢᠭᠤᠯᠵᠤ᠂ ᠨᠢᠭᠡ ᠪᠦᠯᠦᠭ ᠢ ᠪᠡᠯᠡᠳᠭᠡᠬᠦ︾ ᠱᠠᠲᠤᠯᠠᠨ ᠠᠬᠢᠭᠤᠯᠬᠤ ᠪᠠᠶᠢᠷᠢᠰᠢᠯ ᠢ | ᠪᠣᠶ ᠪᠣᠯᠭᠠᠨ᠎ᠠ᠃ | ᠨᠢᠭᠡᠲᠦᠯᠲᠡᠢ ᠲᠦᠯᠦᠪᠯᠡᠵᠦ ᠲᠦᠷᠦᠯ ᠵᠦᠢᠯ ᠢ ᠪᠦᠲᠦᠭᠡᠨ ᠪᠠᠶᠢᠭᠤᠯᠤᠨ᠎ᠠ᠃ ᠨᠢᠭᠡᠳᠦᠯᠲᠡᠶ ᠪᠥᠬᠦ ᠵᠢᠯ ᠳᠤ ᠬᠥᠯᠥᠨ ᠪᠤᠶᠢᠷ ᠬᠤᠲᠠ ᠶᠢᠨ ᠲᠠᠰ ᠤᠨ | ᠭᠤᠤᠯᠳᠠᠯᠭ᠎ᠠ ᠲᠠᠢ ᠲᠥᠷᠥᠯ ᠵᠦᠢᠯ ᠢ 20 ᠬᠡᠷᠡᠭᠵᠢᠭᠦᠯᠵᠦ᠂ ᠬᠤᠲᠠ ᠶᠢᠨ ᠲᠣᠰ ᠱᠠᠲᠤᠨ ᠤ ᠭᠤᠤᠯᠳᠠᠯᠭ᠎ᠠ ᠲᠠᠢ ᠲᠥᠷᠥᠯ ᠵᠦᠢᠯ ᠢ 15 ᠬᠡᠷᠡᠭᠵᠢᠭᠦᠯᠵᠦ᠂ | ᠵᠢᠯ ᠤᠨ ᠲᠥᠯᠥᠪᠯᠡᠭᠡ ᠪᠠᠷ 7.07 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 16% ᠪᠠᠷ ᠨᠡᠮᠡᠭᠳᠡᠭᠦᠯᠦᠨ᠎ᠡ᠃ ︽ᠵᠢᠷᠭᠤᠭᠠᠨ ᠨᠢᠭᠡ︾ ᠶᠢᠨ ᠠᠵᠢᠯ ᠤᠨ | ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ︽ᠴᠢᠬᠤᠯᠠ ᠵᠦᠢᠯ ᠨᠢ ᠲᠥᠷᠥᠯ ᠵᠦᠢᠯ ᠢ ᠳᠠᠭᠠᠵᠤ ᠲᠤᠬᠢᠷᠠᠭᠤᠯᠬᠤ᠂ ᠡᠬᠢ ᠪᠠᠶᠠᠯᠢᠭ ᠨᠢ ᠲᠥᠷᠥᠯ ᠵᠦᠢᠯ ᠢ ᠳᠠᠭᠠᠵᠤ | ᠳᠣᠭᠢᠷᠠᠭᠤᠯᠬᠤ︾ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠰᠠᠷ᠎ᠠ︾ ᠶᠢᠨ ᠠᠵᠢᠯᠯᠠᠭ᠎ᠠ ᠶᠢ ᠥᠷᠨᠢᠭᠦᠯᠵᠦ᠂ | ᠲᠥᠷᠥᠯ ᠵᠦᠢᠯ ᠤᠨ ᠲᠥᠷᠥᠯ ᠵᠦᠢᠯ ᠲᠣᠭᠲᠠᠭᠠᠬᠤ᠂ ᠭᠠᠵᠠᠷ ᠰᠣᠩᠭᠤᠬᠤ᠂ ᠭᠠᠵᠠᠷ ᠬᠡᠷᠡᠭᠯᠡᠬᠦ ᠵᠡᠷᠭᠡ ᠠᠵᠢᠯ ᠢ ᠴᠢᠩᠭ᠎ᠠ ᠠᠩᠬᠠᠷᠴᠤ᠂ ᠠᠵᠢᠯ ᠤᠨ ᠬᠤᠭᠤᠴᠠᠭ᠎ᠠ ᠶᠢ | ᠲᠣᠩᠭᠤᠷᠠᠭᠤᠯᠤᠨ ᠵᠢᠭᠰᠠᠭᠠᠵᠤ᠂ ᠵᠢᠷᠤᠭ ᠡᠯᠭᠦᠵᠦ ᠪᠠᠶᠢᠯᠳᠤᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ᠂ ᠪᠥᠬᠦ | ᠵᠢᠯ ᠤᠨ ᠠᠵᠢᠯ ᠡᠬᠢᠯᠡᠭᠦᠯᠬᠦ ᠪᠠ ᠠᠵᠢᠯ ᠰᠡᠷᠭᠦᠭᠡᠬᠦ ᠨᠣᠷᠮ᠎ᠠ᠂ ᠪᠠᠯᠠ ᠣᠷᠣᠭᠤᠯᠤᠯᠲᠠ ᠶᠢᠨ ᠪᠡᠶᠡᠯᠡᠭᠦᠯᠦᠭᠰᠡᠨ ᠨᠣᠷᠮ᠎ᠠ ᠶᠢ 100% ᠳᠤ ᠬᠦᠷᠦᠭᠦᠯᠬᠦ ᠪᠠᠷ ᠴᠢᠷᠮᠠᠶᠢᠨ᠎ᠠ | ᠃ | ᠶᠠᠰᠤ ᠴᠢᠨᠠᠷ ᠢ ᠴᠢᠬᠤᠯᠠᠴᠢᠯᠠᠵᠤ ᠲᠥᠷᠥᠯ ᠵᠦᠢᠯ ᠢ ᠤᠷᠢᠨ᠎ᠠ᠃ ᠬᠤᠳᠠᠯᠳᠤᠭᠠᠴᠢᠨ ᠤᠷᠢᠬᠤ ᠢᠯᠠ ᠲᠣᠳᠣ ᠤᠳᠤᠷᠢᠳᠤᠮᠵᠢ ᠶᠢ ᠪᠠᠲᠤ ᠪᠠᠬᠢ ᠴᠢᠩᠭ᠎ᠠ | ᠠᠳᠬᠤᠵᠤ᠂ ︽ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠤᠷᠪᠠᠨ ᠵᠢᠯ ᠤᠨ ᠠᠵᠢᠯᠯᠠᠭ᠎ᠠ︾᠂ ︽ᠭᠡᠭᠡᠨ ᠭᠤᠤᠯ ᠢ ᠡᠷᠢᠬᠦ ᠠᠶᠠᠯᠠᠯ · ᠡᠷᠬᠢᠮ ᠲᠠᠨ ᠤ | ᠨᠤᠲᠤᠭ ᠲᠠᠭᠠᠨ ᠬᠠᠷᠢᠬᠤ ᠶᠢ ᠬᠦᠰᠡᠬᠦ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ | ᠲᠣᠭᠲᠠᠴᠠ ᠶᠢ ᠲᠡᠭᠦᠯᠳᠡᠷᠵᠢᠭᠦᠯᠵᠦ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠠᠵᠤ ᠠᠬᠤᠶᠢᠯᠠᠯ ᠢᠶᠠᠷ ᠠᠵᠤ ᠠᠬᠤᠶᠢᠯᠠᠯ ᠢ ᠲᠠᠲᠠᠬᠤ᠂ | ᠬᠠᠨᠳᠤᠯᠭ᠎ᠠ ᠲᠠᠢ ᠪᠠᠷ ᠬᠤᠳᠠᠯᠳᠤᠭᠠᠴᠢᠨ ᠤᠷᠢᠬᠤ᠂ ᠲᠠᠪᠴᠠᠩ ᠢᠶᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ | ᠵᠡᠷᠭᠡ ᠠᠷᠭ᠎ᠠ ᠬᠡᠯᠪᠡᠷᠢ ᠶᠢ ᠠᠮᠢᠳᠤᠯᠢᠭ ᠢᠶᠠᠷ ᠰᠠᠶᠢᠲᠤᠷ ᠬᠡᠷᠡᠭᠯᠡᠨ᠂ ᠭᠠᠳᠠᠭᠰᠢ ᠭᠠᠷᠴᠤ ᠬᠤᠳᠠᠯᠳᠤᠭᠠᠴᠢᠨ ᠤᠷᠢᠬᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ | ᠭᠠᠳᠠᠨ᠎ᠠ ᠵᠡᠷᠭᠡᠪᠡᠷ ᠬᠤᠳᠠᠯᠳᠤᠭᠠᠴᠢᠨ ᠤᠷᠢᠬᠤ ᠶᠢ ᠬᠡᠷᠡᠭᠵᠢᠭᠦᠯᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢᠨ ᠣᠨᠣᠪᠴᠢ ᠶᠢᠨ ᠬᠡᠮᠵᠢᠶ᠎ᠡ ᠪᠠ | ᠠᠮᠵᠢᠯᠲᠠ ᠶᠢᠨ ᠨᠣᠷᠮ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠤᠳᠠᠯᠳᠤᠭᠠᠨ ᠤ ᠠᠮᠤᠷ ᠲᠦᠪᠰᠢᠨ ᠳᠤ ᠦᠢᠯᠡᠴᠢᠯᠡᠬᠦ ᠶᠢ ᠪᠠᠷᠢᠮᠲᠠᠯᠠᠨ᠂ ᠡᠯᠰᠡᠬᠦ ᠪᠠ | ᠣᠷᠣᠭᠤᠯᠬᠤ ᠶᠢ ᠨᠢᠭᠡ ᠴᠣᠭᠴᠠᠵᠢᠭᠤᠯᠤᠨ᠂ ᠡᠴᠦᠰ ᠲᠤᠨᠢ ᠲᠤᠯᠲᠠᠯ᠎ᠠ ᠳᠠᠭᠠᠵᠤ᠂ ᠬᠡᠯᠡᠯᠴᠡᠭᠡᠷ ᠲᠣᠭᠲᠠᠬᠤ ᠲᠥᠷᠥᠯ ᠵᠦᠢᠯ ᠤᠨ ᠪᠥᠬᠦ ᠶᠠᠪᠤᠴᠠ ᠶᠢᠨ | ᠦᠢᠯᠡᠴᠢᠯᠡᠭᠡ ᠶᠢ ᠰᠠᠶᠢᠲᠤᠷ ᠬᠢᠵᠦ᠂ ᠲᠥᠷᠥᠯ ᠵᠦᠢᠯ ᠤᠨ ᠡᠷᠲᠡ ᠠᠵᠢᠯ ᠡᠬᠢᠯᠡᠭᠦᠯᠵᠦ ᠡᠷᠲᠡ ᠪᠠᠶᠢᠭᠤᠯᠵᠤ ᠡᠷᠲᠡ ᠦᠢᠯᠡᠳᠪᠦᠷᠢᠯᠡᠯ ᠳᠤ ᠬᠦᠷᠦᠭᠦᠯᠬᠦ ᠶᠢ ᠬᠦᠴᠦᠯᠡᠨ | ᠠᠬᠢᠭᠤᠯᠵᠤ᠂ ᠪᠥᠬᠦ ᠵᠢᠯ ᠳᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠪᠣᠳᠠᠲᠠᠶᠢᠵᠢᠭᠤᠯᠤᠭᠰᠠᠨ ᠪᠠᠯᠠ ᠮᠥᠩᠭᠦ ᠶᠢ 15% ᠠᠴᠠ ᠳᠡᠭᠡᠭᠰᠢ | ᠨᠡᠮᠡᠭᠳᠡᠭᠦᠯᠬᠦ ᠪᠠᠷ ᠴᠢᠷᠮᠠᠶᠢᠨ᠎ᠠ᠃ | ︵ᠳᠥᠷᠪᠡ︶ ᠬᠦᠴᠦᠨ ᠢᠶᠠᠨ ᠲᠥᠪᠯᠡᠷᠡᠭᠦᠯᠦᠨ ᠥᠭᠡᠷᠡᠴᠢᠯᠡᠯᠲᠡ ᠨᠡᠭᠡᠭᠡᠯᠲᠡ ᠬᠢᠵᠦ ᠰᠢᠨ᠎ᠡ ᠶᠢ ᠡᠭᠦᠳᠴᠦ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠳᠠᠯᠳᠠ | ᠬᠦᠴᠦᠨ ᠢ ᠬᠥᠭᠵᠢᠭᠡᠨ᠎ᠡ᠃ ︽ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠠᠳᠬᠤᠬᠤ ᠪᠣᠯ ᠳᠠᠷᠤᠶ ᠬᠥᠭᠵᠢᠯᠲᠡ ᠶᠢ ᠠᠳᠬᠤᠵᠤ ᠪᠠᠶᠢᠭ᠎ᠠ ᠶᠠᠪᠤᠳᠠᠯ ᠮᠥᠨ︾ | ᠭᠡᠬᠦ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠪᠠᠳᠠᠷᠠᠭᠤᠯᠬᠤ ᠶᠢ ᠠᠬᠢᠭᠤᠯᠤᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠬᠢᠨᠠᠨ ᠵᠥᠪᠰᠢᠶᠡᠷᠡᠬᠦ ᠦᠢᠯᠡᠴᠢᠯᠡᠭᠡᠨ ᠤ ︽ᠭᠤᠷᠪᠠ ᠶᠢ ᠲᠥᠪᠯᠡᠷᠡᠭᠦᠯᠬᠦ᠂ ᠭᠤᠷᠪᠠ ᠶᠢ | ᠪᠣᠳᠠᠲᠠᠶᠢᠵᠢᠭᠤᠯᠬᠤ︾ ᠠᠵᠢᠯ ᠢ ᠦᠷᠭᠦᠯᠵᠢᠯᠡᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠭᠠᠷᠴᠠᠭ ᠢ ᠰᠢᠯᠢᠳᠡᠭᠵᠢᠭᠦᠯᠦᠨ | ᠨᠠᠶᠢᠳᠠᠪᠤᠷᠢᠵᠢᠭᠤᠯᠵᠤ᠂ ᠵᠢᠷᠤᠮᠵᠢᠯ ᠪᠠ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠢ ᠬᠡᠷᠡᠭᠵᠢᠭᠦᠯᠦᠨ᠂ ᠵᠠᠰᠠᠭ ᠤᠨᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ᠂ | ᠵᠢᠷᠤᠮᠵᠢᠭᠤᠯᠤᠯᠲᠠ᠂ ᠳᠥᠭᠦᠮᠴᠢᠯᠡᠯᠲᠡ ᠶᠢ ᠦᠨᠳᠦᠰᠦᠨ ᠱᠠᠲᠤ ᠳᠠᠰᠢ ᠤᠯᠠᠮ ᠨᠢᠭᠡ ᠠᠯᠬᠤᠮ ᠤᠷᠲᠤᠳᠬᠠᠬᠤ ᠶᠢ ᠠᠬᠢᠭᠤᠯᠵᠤ᠂ ᠭᠤᠷᠪᠠᠳᠠᠬᠢ ᠡᠲᠡᠭᠡᠳ ᠤᠨ ︽ | ᠣᠶᠢᠷ᠎ᠠ ᠬᠠᠪᠢ ᠳᠠᠭᠠᠨ ᠭᠦᠢᠴᠡᠳᠭᠡᠬᠦ︾ ᠶᠢᠨ ᠬᠠᠮᠤᠷᠬᠤ ᠴᠡᠭ ᠢ ᠨᠡᠮᠡᠭᠳᠡᠭᠦᠯᠦᠨ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠶᠢ ︽ᠭᠦᠢᠴᠡᠳᠭᠡᠵᠦ ᠪᠣᠯᠬᠤ | ︾ ᠠᠴᠠ ︽ᠰᠠᠶᠢᠲᠤᠷ ᠭᠦᠢᠴᠡᠳᠭᠡᠬᠦ︾ ᠪᠣᠯᠭᠠᠨ ᠳᠡᠭᠡᠭᠰᠢᠯᠡᠭᠦᠯᠦᠨ᠎ᠡ᠃ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠶᠢ ᠬᠡᠷᠡᠭᠵᠢᠭᠦᠯᠵᠦ᠂ ᠥᠪᠡᠷᠲᠡᠭᠡᠨ | ᠵᠠᠰᠠᠬᠤ ᠣᠷᠣᠨ ᠤ ᠨᠢᠭᠡ ᠴᠤᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ | ᠲᠡᠭᠦᠯᠳᠡᠷᠵᠢᠭᠦᠯᠦᠨ᠂ ᠠᠵᠤ ᠠᠬᠤᠶᠢᠯᠠᠯ ᠳᠤ ᠤᠯᠠᠮ ᠨᠢᠭᠡ ᠠᠯᠬᠤᠮ ᠠᠰᠢᠭ ᠣᠯᠭᠤᠵᠤ ᠠᠷᠠᠳ ᠲᠤ ᠲᠥᠬᠦᠮ ᠦᠵᠡᠭᠦᠯᠦᠨ᠎ᠡ᠃ ︽12345︾ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ︽ᠭᠤᠷᠪᠠᠨ ᠨᠣᠷᠮ᠎ᠠ︾ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ | 12345︾ ᠶᠢᠨ ᠬᠢᠨᠠᠨ ᠰᠢᠯᠭᠠᠬᠤ ᠬᠠᠮᠢᠶᠠᠷᠤᠯᠲᠠ ᠶᠢᠨ ᠠᠷᠭ᠎ᠠ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠪᠠ ᠬᠠᠮᠵᠢᠯᠴᠠᠬᠤ ᠲᠣᠭᠲᠠᠴᠠ ᠶᠢ | ᠨᠠᠶᠢᠳᠠᠪᠤᠷᠢᠵᠢᠭᠤᠯᠤᠨ᠂ ᠣᠯᠠᠨ ᠲᠦᠮᠡᠨ ᠤ ᠪᠠᠴᠢᠮ ᠪᠡᠷᠬᠡ ᠵᠣᠪᠠᠵᠤ ᠪᠠᠶᠢᠭ᠎ᠠ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠠᠵᠤ ᠠᠬᠤᠶᠢᠯᠠᠯ᠂ ᠣᠯᠠᠨ ᠲᠦᠮᠡᠨ ᠤ | ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠨ᠎ᠠ᠃ | ᠵᠠᠬ᠎ᠠ ᠳᠡᠯᠭᠡᠭᠦᠷ ᠤᠨ ᠭᠤᠤᠯ ᠴᠣᠭᠴᠠ ᠳᠤ ᠦᠢᠯᠡᠴᠢᠯᠡᠨ᠎ᠡ᠃ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠨᠢᠭᠡ ᠭᠡᠷ ᠤᠨ ᠬᠥᠮᠦᠰ᠂ ᠨᠢᠭᠡ ᠰᠡᠳᠬᠢᠯ᠂ ᠨᠢᠭᠡ ᠴᠤᠬᠴᠠᠵᠢᠭᠤᠯᠤᠬᠰᠠᠨ ᠬᠠᠮᠲᠤᠷᠠᠯᠴᠠᠭᠠᠨ ᠤ ᠣᠶᠢᠯᠠᠭᠠᠭᠳᠠᠬᠤᠨ ᠢᠶᠠᠷ ᠭᠡᠭᠡᠨ ᠭᠤᠣᠯ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ | ᠳᠡᠮᠵᠢᠵᠦ᠂ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠳᠡᠮᠵᠢᠯᠭᠡ ᠶᠢᠨ | ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠦᠴᠢᠷᠳᠡᠯ ᠢ ᠴᠠᠭ ᠲᠤᠬᠠᠶ ᠳᠤᠨᠢ ᠰᠢᠢᠳᠪᠦᠷᠢᠯᠡᠵᠦ᠂ | ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠵᠠᠰᠠᠭ ᠮᠥᠩᠭᠦ ᠠᠵᠤ ᠠᠬᠤᠶᠢᠯᠠᠯ ᠤᠨ ᠬᠥᠭᠦᠷᠭᠡ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠥᠨᠳᠥᠷ ᠦᠷ᠎ᠡ ᠪᠦᠲᠦᠮᠵᠢᠲᠡᠶ ᠵᠣᠯᠭᠠᠭᠤᠯᠬᠤ ᠲᠠᠪᠴᠠᠩ ᠢ ᠪᠠᠶᠢᠭᠤᠯᠤᠨ᠂ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠲᠥᠷᠥᠯ | ᠵᠦᠢᠯ ᠤᠨ ᠨᠠᠷᠢᠨ ᠬᠠᠭᠤᠳᠠᠰᠤ ᠶᠢ ᠪᠠᠶᠢᠭᠤᠯᠤᠨ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠠᠵᠢᠯ ᠲᠥᠷᠥᠯ ᠤᠨ ᠠᠵᠤ ᠠᠬᠤᠶᠢᠯᠠᠯ ᠤᠨ ᠪᠠᠯᠠ | ᠲᠣᠬᠢᠷᠠᠭᠤᠯᠭ᠎ᠠ ᠶᠢ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠴᠢᠨᠠᠷ | ᠰᠠᠶᠢᠲᠠᠢ ᠪᠡᠶᠡᠯᠡᠭᠦᠯᠦᠨ᠎ᠡ᠃ | ᠬᠡᠷᠡᠭᠯᠡᠭᠡ ᠶᠢ ᠦᠷᠭᠦᠯᠵᠢᠯᠡᠨ ᠠᠬᠢᠭᠤᠯᠤᠨ᠎ᠠ᠃ ︽ᠰᠦᠯᠵᠢᠶᠡᠨ ᠳᠡᠭᠡᠷ᠎ᠡ ᠣᠷᠣᠭᠤᠯᠵᠤ ᠠᠪᠴᠢᠷᠠᠬᠤ + ᠪᠣᠳᠠᠲᠤ ᠴᠣᠭᠴᠠ ᠶᠢᠨ ᠬᠡᠷᠡᠭᠯᠡᠭᠡ︾ ᠶᠢᠨ ᠵᠠᠭᠪᠤᠷ ᠢ | ᠬᠡᠷᠡᠭᠵᠢᠭᠦᠯᠵᠦ᠂ ᠬᠡᠷᠡᠭᠯᠡᠭᠡ ᠶᠢ ᠠᠬᠢᠭᠤᠯᠬᠤ ᠡᠯ᠎ᠡ ᠲᠦᠷᠦᠯ ᠤᠨ ᠠᠵᠢᠯᠯᠠᠭ᠎ᠠ ᠶᠢ ᠰᠠᠶᠢᠲᠤᠷ ᠠᠳᠬᠤᠨ᠎ᠠ᠃ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ᠂ ᠤᠷᠠᠨ | ᠰᠠᠶᠢᠬᠠᠨ ᠤ ᠲᠣᠭᠯᠠᠯᠲᠠ᠂ ᠰᠥᠨᠢ ᠶᠢᠨ ᠠᠵᠤ ᠠᠬᠤᠶ᠂ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠪᠤᠶᠢᠵᠢᠭᠤᠯᠵᠤ᠂ ᠣᠶ ᠰᠢᠭᠤᠶ ᠶᠢᠨ ᠳᠠᠭᠤᠤ ᠬᠥᠭᠵᠢᠮ ᠤᠨ ᠴᠤᠭᠯᠠᠭᠠᠨ᠂ ᠫᠢᠸᠤ᠋ ᠶᠢᠨ ᠨᠠᠶᠢᠷ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ | ᠡᠷᠭᠢᠯᠡᠨ᠎ᠡ᠃ ᠵᠠᠰᠠᠭ ᠤᠨ ᠣᠷᠳᠣᠨ ᠤ ᠬᠡᠷᠡᠭᠯᠡᠭᠡᠨ ᠤ ᠲᠡᠮᠳᠡᠭᠲᠦ ᠶᠢᠨ ᠬᠥᠲᠥᠯᠦᠨ ᠳᠠᠭᠠᠭᠤᠯᠬᠤ ᠠᠵᠢᠯᠯᠠᠭ᠎ᠠ ᠶᠢ ᠦᠷᠨᠢᠭᠦᠯᠵᠦ᠂ ᠠᠵᠤ ᠠᠬᠤᠶᠢᠯᠠᠯ ᠤᠨ ᠬᠡᠷᠡᠭᠯᠡᠭᠡᠨ ᠤ | ᠲᠡᠮᠳᠡᠭᠲᠦ ᠶᠢ ᠲᠠᠷᠬᠠᠭᠠᠬᠤ ᠠᠵᠢᠯ ᠳᠤ ᠣᠷᠣᠯᠴᠠᠬᠤ ᠶᠢ ᠳᠡᠮᠵᠢᠵᠦ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ᠂ ᠬᠤᠨᠤᠭ ᠪᠠᠭᠤᠳᠠᠯ ᠢᠳᠡᠭᠡᠨ | ᠤᠮᠳᠠᠭᠠᠨ ᠵᠡᠷᠭᠡ ᠠᠵᠢᠯ ᠲᠥᠷᠥᠯ ᠤᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠤᠨ᠎ᠠ᠃ | ︵ᠲᠠᠪᠤ︶ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠳᠤ ᠬᠦᠴᠦ ᠪᠠᠨ ᠲᠥᠪᠯᠡᠷᠡᠭᠦᠯᠦᠨ᠂ ᠬᠤᠲᠠ ᠬᠥᠳᠡᠭᠡ ᠶᠢᠨ ᠶᠡᠷᠦᠩᠬᠡᠶᠢᠯᠡᠭᠰᠡᠨ ᠳᠠᠭᠠᠭᠠᠬᠤ | ᠴᠢᠳᠠᠪᠤᠷᠢ ᠶᠢ ᠴᠢᠩᠭᠠᠷᠠᠭᠤᠯᠤᠨ᠎ᠠ᠃ ᠴᠢᠳᠠᠮᠵᠢ ᠶᠢ ᠨᠥᠬᠦᠪᠥᠷᠢᠯᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠨᠠᠷᠢᠨ ᠬᠠᠮᠢᠶᠠᠷᠬᠤ ᠶᠢ ᠪᠠᠷᠢᠮᠲᠠᠯᠠᠵᠤ᠂ ᠬᠤᠳᠠ ᠶᠢᠨ | ᠣᠷᠴᠢᠨ ᠲᠣᠭᠤᠷᠢᠨ ᠢ ᠰᠠᠶᠢᠵᠢᠷᠠᠭᠤᠯᠵᠤ᠂ ᠬᠤᠳᠠ ᠶᠢᠨ ᠦᠡᠭᠭᠡ ᠵᠢᠰᠦ ᠶᠢ ᠭᠤᠶᠣᠯᠠᠵᠤ᠂ ᠠᠷᠠᠳ ᠤᠯᠠᠨ ᠤ ᠠᠮᠢᠳᠤᠷᠠᠯ ᠢ ᠨᠡᠩ ᠲᠦᠭᠦᠮ᠂ ᠨᠡᠩ ᠲᠠᠭᠠᠯᠠᠮᠵᠢᠲᠠᠢ᠂ | ᠨᠡᠩ ᠰᠠᠶᠢᠨ ᠰᠠᠶᠢᠬᠠᠨ ᠪᠣᠯᠭᠠᠬᠤ ᠬᠡᠷᠡᠭᠲᠡᠢ᠃ | ᠬᠤᠳᠠ ᠶᠢᠨ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠰᠢᠶᠠᠩ ᠪᠠᠯᠭᠠᠰᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ | ᠲᠥᠯᠥᠪᠵᠢᠭᠦᠯᠭᠡ ᠪᠠ ᠬᠤᠳᠠ ᠶᠢᠨ ᠲᠣᠭᠤᠷᠢᠭ ᠵᠢᠴᠢ ᠡᠯ᠎ᠡ ᠰᠢᠶᠠᠩ ᠪᠠᠯᠭᠠᠰᠤᠨ ᠤ ᠡᠵᠡᠮᠳᠡᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠶᠢ ᠲᠦᠷᠭᠡᠪᠴᠢᠯᠡᠨ | ᠨᠠᠶᠢᠷᠠᠭᠤᠯᠤᠨ ᠵᠣᠬᠢᠶᠠᠵᠤ᠂ ᠬᠤᠳᠠ ᠶᠢᠨ ᠪᠠᠶᠢᠷᠢᠰᠢᠯ ᠢ ᠵᠦᠢ ᠵᠣᠬᠢᠰᠲᠠᠶ ᠪᠠᠶᠢᠷᠢᠯᠠᠭᠤᠯᠤᠨ᠎ᠠ᠃ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠲᠦᠯᠬᠢᠨ | ᠠᠬᠢᠭᠤᠯᠵᠤ᠂ ᠵᠡᠭᠡᠯᠢ ᠳᠠᠭᠠᠤ ᠶᠢᠨ ᠪᠠᠶᠢᠰᠢᠩ ᠭᠡᠷ ᠢ ᠥᠭᠡᠷᠡᠴᠢᠯᠡᠨ ᠵᠠᠰᠠᠬᠤ ᠠᠵᠢᠯ ᠢ ᠦᠷᠭᠦᠯᠵᠢᠯᠡᠨ ᠦᠷᠨᠢᠭᠦᠯᠦᠨ᠎ᠡ᠃ ᠬᠤᠲᠠ ᠶᠢᠨ ᠰᠠᠭᠤᠷᠢ ᠲᠦᠬᠦᠭᠡᠷᠦᠮᠵᠢ ᠶᠢᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠰᠤᠩ ᠯᠢᠨ ᠵᠠᠮ ᠤᠨ ᠠᠵᠢᠯ ᠢ ᠡᠬᠢᠯᠡᠭᠦᠯᠦᠨ ᠪᠥᠲᠥᠭᠡᠨ ᠪᠠᠶᠢᠭᠤᠯᠵᠤ᠂ ᠢᠯᠴᠢ ᠬᠠᠩᠭᠠᠬᠤ᠂ ᠤᠰᠤ ᠬᠠᠩᠭᠠᠬᠤ᠂ | ᠤᠰᠤ ᠵᠠᠯᠠᠬᠤ ᠬᠤᠭᠤᠯᠠᠶ ᠶᠢᠨ ᠲᠣᠤᠷ ᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠰᠠᠭᠤᠭᠠᠯᠢ ᠠᠷᠠᠳ ᠤᠨ ᠶᠠᠪᠤᠵᠤ ᠰᠠᠭᠤᠬᠤ᠂ ᠤᠰᠤ ᠬᠡᠷᠡᠭᠯᠡᠬᠦ᠂ | ᠳᠤᠯᠠᠭᠠᠯᠠᠭ᠎ᠠ ᠶᠢᠨ ᠠᠮᠤᠷ ᠲᠦᠪᠰᠢᠨ ᠢ ᠪᠠᠲᠤᠯᠠᠨ᠎ᠠ᠃ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ | ᠨᠣᠭᠤᠭᠠᠷᠠᠭᠤᠯᠤᠯᠲᠠ ᠶᠢ ᠨᠡᠮᠡᠭᠳᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠤᠭᠤᠲᠠ ᠴᠡᠴᠡᠷᠯᠢᠭ ᠢ ᠰᠡᠯᠪᠢᠨ ᠵᠠᠰᠠᠬᠤ ᠬᠡᠷᠡᠭᠲᠡᠶ᠃ ᠭᠡᠭᠡᠨ ᠭᠤᠣᠯ ᠠᠴᠠ ᠶᠠᠭᠰᠢ | ᠬᠦᠷᠬᠦ᠂ ᠦᠯᠢᠺᠦᠮᠠ ᠠᠴᠠ ᠰᠢᠶᠠ ᠶᠠᠩ ᠭᠧ ᠴᠢ ᠬᠦᠷᠬᠦ᠂ ᠧᠯᠪᠦᠷ ᠠᠴᠠ ᠮᠦᠯᠦᠢ ᠬᠦᠷᠬᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ | ᠠᠬᠢᠭᠤᠯᠵᠤ᠂ ᠮᠤᠵᠢ ᠶᠢᠨ ᠵᠠᠮ ᠤᠨ 302 ᠶᠢᠨ ᠾᠧ ᠠᠴᠠ ᠮᠤᠷᠳᠤᠭᠠ ᠬᠦᠷᠬᠦ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠵᠦᠢᠯᠡᠰ ᠢ ᠬᠡᠷᠡᠭᠵᠢᠭᠦᠯᠵᠦ᠂ ᠬᠥᠳᠡᠭᠡ | ᠲᠣᠰᠬᠤᠨ ᠤ 13 ᠰᠠᠭᠤᠷᠢ ᠵᠠᠰᠠᠮᠠᠯ ᠵᠠᠮ ᠤᠨ ᠨᠤᠷᠠᠬᠤ ᠠᠶᠤᠯᠲᠠᠶ ᠬᠥᠭᠦᠷᠭᠡ ᠶᠢ ᠥᠭᠡᠷᠡᠴᠢᠯᠡᠨ ᠵᠠᠰᠠᠪᠠ᠃ ᠰᠢᠭᠤᠶᠢᠲᠤ ᠣᠷᠣᠨ ᠤ ᠮᠡᠳᠡᠭᠡ ᠬᠤᠯᠪᠣᠭᠠᠨ ᠤ | ᠰᠦᠯᠵᠢᠶᠡᠨ ᠤ ᠪᠠᠶᠢᠭᠤᠯᠤᠯᠲᠠ ᠶᠢ ᠲᠦᠷᠭᠡᠳᠬᠡᠵᠦ᠂ 5G ᠶᠢᠨ ᠰᠦᠯᠵᠢᠶᠡᠨ ᠤ ᠪᠦᠷᠬᠦᠴᠡ ᠶᠢᠨ ᠬᠡᠪᠴᠢᠶ᠎ᠡ ᠶᠢ ᠥᠷᠭᠡᠳᠬᠡᠵᠦ᠂ 5G ᠶᠢᠨ ᠰᠠᠭᠤᠷᠢ ᠦᠷᠳᠡᠭᠡ ᠶᠢ | 20 ᠰᠢᠨ᠎ᠡ ᠪᠠᠷ ᠪᠠᠶᠢᠭᠤᠯᠪᠠ᠃ | ᠬᠤᠳᠠ ᠶᠢᠨ ᠵᠠᠰᠠᠯᠲᠠ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ᠬᠤᠳᠠ ᠶᠢᠨ ᠳᠦᠷᠰᠦ ᠪᠠᠶᠢᠳᠠᠯ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ | ᠶᠡᠷᠦᠩᠬᠡᠶᠢᠯᠡᠨ ᠵᠠᠰᠠᠬᠤ ᠶᠢ ᠭᠦᠨᠵᠡᠭᠡᠶᠢᠷᠡᠭᠦᠯᠵᠦ᠂ ᠳᠤᠷ᠎ᠠ ᠪᠠᠷ ᠢᠶᠠᠨ ᠪᠠᠶᠢᠭᠤᠯᠬᠤ᠂ ᠳᠤᠷ᠎ᠠ ᠪᠠᠷ ᠢᠶᠠᠨ ᠬᠦᠷᠢᠶᠡᠯᠡᠵᠦ᠂ ᠳᠤᠷ᠎ᠠ ᠪᠠᠷ ᠢᠶᠠᠨ ᠡᠵᠡᠯᠡᠬᠦ᠂ ᠡᠷᠡᠭᠦᠯ | ᠬᠠᠮᠠᠭᠠᠯᠠᠯ ᠤᠨ ᠲᠠᠯ᠎ᠠ ᠪᠠᠷ ᠦᠯᠦ ᠣᠨᠣᠭᠳᠠᠬᠤ ᠵᠡᠷᠭᠡ ᠠᠰᠠᠭᠤᠳᠠᠯ ᠢ ᠶᠡᠬᠡᠪᠡᠷ ᠴᠡᠭᠴᠡᠯᠡᠨ ᠵᠠᠰᠠᠵᠤ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠦᠨ᠎ᠡ᠃ ᠬᠤᠭᠤᠯᠠᠨ ᠭᠡᠷ ᠲᠣᠭᠤᠭᠠᠨ ᠭᠡᠷ ᠤᠨ ᠬᠤᠭ ᠨᠣᠪᠰᠢ ᠰᠢᠢᠳᠪᠦᠷᠢᠯᠡᠬᠦ ᠲᠦᠬᠦᠭᠡᠷᠦᠮᠵᠢ ᠶᠢ ᠪᠥᠳᠥᠭᠡᠨ ᠪᠠᠶᠢᠭᠤᠯᠵᠤ᠂ ᠠᠮᠢᠳᠤᠷᠠᠯ ᠤᠨ | ᠬᠤᠭ ᠨᠣᠪᠰᠢ ᠶᠢ ᠲᠥᠷᠥᠯ ᠬᠤᠪᠢᠶᠠᠬᠤ ᠶᠢ ᠲᠥᠯᠬᠢᠨ ᠠᠬᠢᠭᠤᠯᠤᠨ᠎ᠠ᠃ ᠠᠳᠠᠯ ᠠᠬᠤᠶ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠰᠢᠷᠢᠰ | ᠠᠵᠢᠯᠯᠠᠭ᠎ᠠ ᠶᠢ ᠬᠡᠷᠡᠭᠵᠢᠭᠦᠯᠵᠦ᠂ ᠠᠳᠠᠯ ᠠᠬᠤᠶ ᠶᠢᠨ ᠠᠵᠤ ᠠᠬᠤᠶᠢᠯᠠᠯ ᠤᠨ ︽ᠤᠯᠠᠭᠠᠨ ᠬᠠᠷ᠎ᠠ ᠳᠠᠩᠰᠠ︾ ᠶᠢᠨ ᠦᠢᠯᠡᠳᠦᠯ ᠢ ᠪᠠᠳᠠᠷᠠᠭᠤᠯᠤᠨ᠂ ᠥᠷᠭᠡᠨ ᠣᠯᠠᠨ | ᠥᠮᠴᠢᠲᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠬᠤᠲᠠ ᠶᠢᠨ ᠠᠷᠢᠭᠤᠨ ᠴᠡᠪᠡᠷ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠭᠤᠤᠯ ᠳᠡᠳ᠋ ᠵᠠᠮ ᠱᠤᠭᠤᠮ ᠢ ᠴᠡᠪᠡᠷᠯᠡᠨ᠂ ᠣᠯᠠᠨ ᠨᠡᠶᠢᠲᠡ ᠶᠢᠨ ᠲᠦᠬᠦᠭᠡᠷᠦᠮᠵᠢ ᠶᠢᠨ ᠡᠪᠳᠡᠷᠡᠭᠰᠡᠨ ᠢ ᠲᠡᠷᠡ ᠳᠠᠷᠤᠶ ᠳᠤᠨᠢ ᠪᠠᠶᠢᠴᠠᠭᠠᠨ ᠵᠠᠰᠠᠵᠤ᠂ ᠠᠷᠠᠳ | ᠣᠯᠠᠨ ᠳᠤ ᠴᠡᠪᠡᠷ᠂ ᠲᠠᠭᠠᠯᠠᠮᠵᠢᠲᠠᠶ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃ | ︵ᠵᠢᠷᠭᠤᠭ᠎ᠠ︶ ᠬᠦᠴᠦ ᠪᠠᠨ ᠲᠥᠪᠯᠡᠷᠡᠭᠦᠯᠦᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ | ᠲᠤᠭ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠨᠡᠩ ᠤᠯᠠᠨ ᠠᠷᠭ᠎ᠠ ᠬᠡᠮᠵᠢᠶ᠎ᠡ ᠶᠢ ᠠᠪᠴᠤ᠂ ᠠᠷᠠᠳ ᠤᠯᠠᠨ ᠤ ᠪᠠᠴᠢᠮ ᠪᠡᠷᠬᠡ | ᠵᠣᠪᠠᠵᠤ ᠪᠠᠶᠢᠭ᠎ᠠ ᠠᠰᠠᠭᠤᠳᠠᠯ ᠢ ᠰᠠᠶᠢᠲᠤᠷ ᠰᠢᠦᠳᠪᠦᠷᠢᠯᠡᠨᠡ᠃ | ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ | ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠦᠨ᠎ᠡ ᠃ ᠳᠡᠭᠡᠳᠦ | ᠰᠤᠷᠭᠠᠭᠤᠯᠢ ᠲᠡᠭᠦᠰᠦᠭᠰᠡᠳ᠂ ᠵᠡᠮᠳᠡᠭᠴᠦᠳ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢᠨ ᠪᠠᠲᠤᠯᠠᠭ᠎ᠠ ᠶᠢᠨ | ᠡᠷᠴᠢᠮ ᠢ ᠴᠢᠩᠭᠠᠷᠠᠭᠤᠯᠵᠤ᠂ ᠠᠮᠢᠳᠤᠯᠢᠭ ᠢᠶᠠᠷ ᠠᠵᠢᠯ ᠤᠯᠬᠤ ᠶᠢ ᠶᠡᠭᠡ ᠪᠠᠷ ᠲᠡᠮᠵᠢᠵᠤ᠂ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠵᠤ | ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠢᠳᠡᠪᠬᠢᠲᠡᠶ ᠨᠡᠭᠡᠭᠡᠨ ᠬᠥᠭᠵᠢᠭᠦᠯᠵᠦ᠂ ᠨᠢᠭᠡ ᠴᠦ ᠠᠵᠢᠯ ᠣᠯᠤᠭᠰᠠᠨ ᠦᠭᠡᠢ ᠭᠡᠷ ᠪᠦᠯᠢ ᠶᠢ | ᠬᠥᠳᠡᠯᠦᠩᠭᠦᠶ ᠪᠠᠷ ᠴᠡᠪᠡᠷᠯᠡᠨ᠎ᠡ᠃ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠵᠤ | ᠠᠬᠤᠶᠢᠯᠠᠯ ᠤᠨ ᠴᠢᠳᠠᠪᠤᠷᠢᠲᠠᠨ ᠣᠷᠣᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠨ᠂ ᠠᠵᠢᠯᠲᠠᠨ ᠡᠯᠰᠡᠬᠦ ᠠᠵᠢᠯᠯᠠᠭ᠎ᠠ ᠶᠢ ᠪᠠᠶᠢᠩᠭᠤᠵᠢᠭᠤᠯᠤᠨ | ᠥᠷᠨᠢᠭᠦᠯᠵᠦ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠣᠯᠠᠨ ᠠᠷᠭ᠎ᠠ ᠵᠠᠮ ᠢᠶᠠᠷ ᠬᠠᠩᠭᠠᠨ᠎ᠠ᠃ | ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ | ᠬᠡᠷᠡᠭᠵᠢᠭᠦᠯᠵᠦ᠂ ᠳᠠᠭᠠᠳᠬᠠᠯ ᠳᠤ ᠣᠷᠣᠯᠴᠠᠬᠤ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠦᠨᠳᠦ ᠶᠡᠭᠡ ᠡᠪᠡᠳᠴᠢᠨ ᠡᠮᠭᠡᠭ ᠤᠨ ᠡᠮ ᠡᠮᠨᠡᠯᠭᠡ ᠶᠢᠨ ᠳᠠᠭᠠᠳᠬᠠᠯ ᠪᠠ ᠠᠪᠤᠷᠠᠨ ᠲᠤᠰᠠᠯᠠᠬᠤ ᠲᠦᠷᠢᠮ ᠢ | ᠨᠠᠶᠢᠳᠠᠪᠤᠷᠢᠵᠢᠭᠤᠯᠤᠨ᠂ ᠮᠤᠵᠢ ᠠᠯᠤᠰᠯᠠᠨ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠠᠰᠤᠯᠤᠨ ᠪᠤᠳᠤᠬᠤ ᠬᠠᠷᠢᠴᠠᠯ ᠢ ᠳᠡᠭᠡᠭᠰᠢᠯᠡᠭᠦᠯᠵᠦ᠂ | ᠡᠪᠡᠳᠴᠢᠲᠡᠨ ᠤ ᠡᠮ ᠡᠮᠨᠡᠯᠭᠡ ᠶᠢᠨ ᠳᠠᠷᠤᠭᠠᠰᠤ ᠶᠢ ᠬᠥᠩᠭᠡᠯᠡᠨ᠎ᠡ᠃ ᠵᠠᠯᠠᠭᠤᠴᠤᠳ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠵᠤ᠂ | ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠵᠡᠮᠳᠡᠭᠴᠦᠳ ᠤᠨ ᠦᠢᠯᠡᠰ ᠤᠨ ᠪᠦᠬᠦ ᠲᠠᠯ᠎ᠠ ᠶᠢᠨ ᠨᠡᠶᠢᠭᠡᠮ ᠤᠨ ᠠᠪᠤᠷᠠᠨ | ᠲᠤᠰᠠᠯᠠᠬᠤ ᠡᠲᠡᠭᠡᠳ ᠢ ᠲᠣᠭᠲᠠᠮᠠᠯ ᠬᠤᠭᠤᠴᠠᠭ᠎ᠠ ᠲᠠᠢ ᠪᠠᠷ ᠬᠠᠷᠭᠤᠭᠤᠯᠤᠨ ᠪᠠᠶᠢᠴᠠᠭᠠᠬᠤ ᠪᠠ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠲᠣᠭᠲᠠᠴᠠ ᠶᠢ | ᠪᠦᠷᠢᠨᠰᠢᠬᠦᠯᠵᠦ᠂ ᠵᠡᠮᠳᠡᠭᠴᠦᠳ᠂ ᠬᠦᠴᠢᠷᠳᠡᠯᠲᠡᠶ ᠬᠡᠷ ᠪᠦᠯᠢ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠷ ᠪᠦᠯᠢ ᠶᠢᠨ ᠦᠨᠳᠦᠰᠦᠨ ᠵᠦᠢᠯ ᠢ ᠪᠠᠲᠤᠯᠠᠬᠤ ᠡᠷᠴᠢᠮ ᠢ | ᠴᠢᠩᠭᠠᠷᠠᠭᠤᠯᠵᠤ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ ᠠᠵᠤ | ᠠᠬᠤᠶ ᠶᠢᠨ ᠬᠦᠴᠢᠷᠳᠡᠯ ᠲᠠᠢ ᠨᠠᠰᠤᠲᠠᠶᠢᠴᠤᠳ ᠤᠨ ᠴᠢᠳᠠᠪᠤᠷᠢ ᠶᠢ ᠦᠨᠡᠯᠡᠨ ᠵᠢᠱᠢᠬᠦ ᠶᠢ ᠬᠥᠳᠡᠯᠦᠩᠭᠦᠶ ᠪᠠᠷ ᠥᠷᠨᠢᠭᠦᠯᠵᠦ᠂ ᠤᠨᠴᠠᠭᠠᠢ ᠬᠦᠴᠢᠷᠳᠡᠯ ᠲᠠᠢ | ᠨᠠᠰᠤᠲᠠᠶᠢᠴᠤᠳ ᠤᠨ ᠬᠡᠷ ᠪᠦᠯᠢ ᠶᠢᠨ ᠨᠠᠰᠤᠵᠢᠯᠲᠠ ᠳᠤ ᠳᠣᠭᠢᠷᠠᠬᠤ ᠥᠭᠡᠷᠡᠴᠢᠯᠡᠯᠲᠡ ᠶᠢ ᠬᠡᠷᠡᠭᠵᠢᠭᠦᠯᠦᠨ᠂ ᠮᠠᠨᠬᠥ᠋ᠢ ᠪᠠᠯᠭᠠᠰᠤ᠂ ᠣᠯᠭᠤᠶᠠ ᠰᠢᠶᠠᠩ ᠤᠨ | ᠨᠠᠰᠤᠵᠢᠯ ᠤᠨ ᠦᠢᠯᠡᠴᠢᠯᠡᠭᠡᠨ ᠤ ᠲᠥᠪ ᠢ ᠪᠥᠲᠥᠭᠡᠨ ᠪᠠᠶᠢᠭᠤᠯᠵᠤ᠂ ᠨᠠᠰᠤᠲᠠᠶᠢᠴᠤᠳ ᠤᠨ ᠨᠠᠰᠤᠵᠢᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ | ᠃ | ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠎ᠡ᠃ ︽ᠬᠤᠶᠠᠷ ᠢ ᠬᠠᠰᠤᠬᠤ︾ ᠡᠭᠦᠷᠭᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠠᠠᠴᠠᠵᠢᠭᠤᠯᠬᠤ ᠪᠥᠲᠥᠭᠡᠨ | ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠴᠢᠮ ᠳᠤᠲᠠᠭᠳᠠᠵᠤ ᠪᠠᠶᠢᠭ᠎ᠠ ᠬᠢᠴᠢᠶᠡᠯ ᠲᠥᠷᠥᠯ ᠤᠨ ᠪᠠᠭᠰᠢ ᠶᠢ | ᠨᠥᠬᠦᠪᠥᠷᠢᠯᠡᠬᠦ ᠡᠷᠴᠢᠮ ᠢ ᠴᠢᠩᠭᠠᠷᠠᠭᠤᠯᠤᠨ᠎ᠠ᠃ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠢᠴᠢᠶᠡᠯ ᠤᠨ ᠥᠭᠡᠷᠡᠴᠢᠯᠡᠯᠲᠡ ᠶᠢ ᠳᠥᠯᠭᠢᠨ | ᠠᠬᠢᠭᠤᠯᠵᠤ᠂ ᠬᠢᠴᠢᠶᠡᠯ ᠰᠤᠩᠭᠤᠨ ᠠᠩᠭᠢ ᠰᠢᠯᠵᠢᠬᠦ ᠳᠦᠷᠢᠮᠲᠦ ᠵᠢᠭᠠᠨ ᠰᠤᠷᠭᠠᠯᠲᠠ ᠶᠢ ᠰᠠᠶᠢᠲᠤᠷ ᠨᠠᠶᠢᠳᠠᠪᠤᠷᠢᠵᠢᠭᠤᠯᠤᠨ᠂ ᠳᠡᠭᠡᠳᠦ ᠰᠤᠷᠭᠠᠭᠤᠯᠢ ᠳᠤ ᠰᠣᠷᠣᠭᠴᠢ | ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠬᠤᠲᠠ ᠶᠢᠨ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ | ᠡᠮᠬᠢᠯᠡᠨ ᠨᠡᠶᠢᠯᠡᠭᠦᠯᠵᠦ᠂ ᠬᠤᠲᠠ ᠶᠢᠨ ᠡᠮᠨᠡᠯᠭᠡ ᠶᠢᠨ ᠬᠤᠷᠢᠶ᠎ᠠ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠥᠷᠨᠢᠭᠦᠯᠦᠨ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠬᠤᠪᠢᠶᠠᠯᠴᠠᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠣᠷᠣᠭᠤᠯᠤᠨ ᠠᠪᠴᠢᠷᠠᠨ᠎ᠠ᠃ ᠬᠤᠶᠠᠳᠤᠭᠠᠷ ᠳᠡᠰ ᠠᠴᠠ | ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠳᠤ ᠴᠥᠮ ᠢᠨᠲ᠋ᠧᠷ ᠰᠦᠯᠵᠢᠶᠡᠨ ᠤ ᠣᠨᠣᠰᠢᠯᠠᠨ ᠡᠮᠨᠡᠬᠦ ᠦᠢᠯᠡᠴᠢᠯᠡᠭᠡ ᠥᠷᠨᠢᠭᠦᠯᠬᠦ ᠶᠢ ᠠᠬᠢᠭᠤᠯᠵᠤ᠂ | ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠠᠪᠤᠷᠠᠨ ᠵᠠᠰᠠᠬᠤ ᠶᠢᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠪᠠ ᠭᠤᠤᠯ ᠴᠢᠰᠤᠨ | ᠬᠥᠮᠥᠷᠭᠡ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠤᠯᠬᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠨᠢᠭᠦᠯᠵᠦ᠂ | ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠬᠢᠨᠠᠨ ᠰᠢᠯᠭᠠᠷᠠᠭᠤᠯᠵᠤ ᠰᠢᠯᠭᠠᠨ ᠪᠠᠶᠢᠴᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃ ᠪᠦᠬᠦ | ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠶᠡᠬᠡᠪᠡᠷ ᠵᠣᠬᠢᠶᠠᠨ ᠪᠠᠶᠢᠭᠤᠯᠵᠤ᠂ ᠮᠥᠰᠥᠨ ᠳᠡᠭᠡᠷᠡᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠢ | ᠳᠡᠯᠭᠡᠷᠡᠭᠦᠯᠦᠨ ᠲᠦᠭᠡᠮᠡᠯᠵᠢᠭᠦᠯᠵᠦ᠂ ᠨᠡᠩ ᠤᠯᠠᠨ ᠵᠠᠯᠠᠭᠤᠴᠤᠳ ᠪᠠᠭᠠᠴᠤᠳ ᠲᠤ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠪᠤ ᠴᠡᠩᠭᠡᠯ ᠢ | ᠡᠳ᠋ᠯᠡᠭᠦᠯᠵᠦ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠬᠦᠭᠵᠢᠯᠲᠡ ᠶᠢ ᠠᠬᠢᠭᠤᠯᠤᠨ᠎ᠠ᠃ ︽ᠤᠮᠠᠷᠠᠲᠤ ᠶᠢᠨ ᠰᠣᠶᠣᠯ︾ ᠤᠨ ᠨᠠᠷᠠᠲᠤ ᠲᠥᠷᠥᠯ | ᠲᠡᠮᠳᠡᠭᠲᠦ ᠪᠠᠷ ᠵᠢᠯᠣᠭᠤᠳᠣᠯᠭ᠎ᠠ ᠪᠣᠯᠭᠠᠵᠤ᠂ ᠤᠷᠠᠨ ᠰᠠᠶᠢᠬᠠᠨ ᠤ ᠲᠣᠭᠯᠠᠯᠲᠠ᠂ ᠪᠥᠬᠦ ᠠᠷᠠᠳ ᠤᠨ ᠨᠣᠮ ᠤᠩᠰᠢᠬᠤ᠂ ᠰᠣᠶᠣᠯ ᠤᠨ ᠦᠵᠡᠰᠬᠦᠯᠡᠩ ᠤᠨ ᠰᠤᠷᠭᠠᠨ | ᠬᠥᠮᠦᠵᠢᠯ ᠵᠡᠷᠭᠡ ᠣᠯᠠᠨ ᠡᠰᠢᠵᠢᠭᠰᠡᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠨ᠂ ᠭᠡᠭᠡᠨ ᠭᠤᠤᠯ ᠤᠨ ᠣᠨᠴᠠᠯᠢᠭ ᠲᠠᠢ | ᠤᠷᠠᠨ ᠰᠠᠶᠢᠬᠠᠨ ᠤ ᠪᠦᠲᠦᠭᠡᠯ ᠢ ᠵᠣᠬᠢᠶᠠᠨ ᠪᠦᠲᠦᠭᠡᠵᠦ᠂ ᠤᠯᠠᠭᠠᠨᠮᠥ᠋ᠴᠢᠷ ᠤᠨ ᠠᠷᠠᠳ ᠲᠤ ᠠᠰᠢᠭ ᠬᠦᠷᠲᠡᠭᠡᠬᠦ 100 ᠲᠠᠯᠠᠪᠤᠷ ᠲᠣᠭᠯᠠᠯᠲᠠ ᠶᠢ ᠥᠷᠨᠢᠭᠦᠯᠦᠨ᠎ᠡ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠪᠠᠬᠢᠵᠢᠭᠦᠯᠦᠨ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠤᠨ ᠵᠢᠱᠢᠶ᠎ᠡ ᠦᠵᠡᠭᠦᠯᠬᠦ ᠣᠷᠣᠨ ᠢ ᠪᠠᠲᠤ ᠪᠠᠬᠢ ᠪᠤᠢ ᠪᠣᠯᠭᠠᠬᠤ ᠪᠠᠷ ᠴᠢᠷᠮᠠᠶᠢᠨ᠎ᠠ᠃ | ︵ᠳᠣᠯᠤᠭ᠎ᠠ︶ ᠬᠦᠴᠦᠨ ᠢᠶᠠᠨ ᠲᠥᠪᠯᠡᠷᠡᠭᠦᠯᠦᠨ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ | ᠪᠠᠶᠢᠳᠠᠯ ᠢ ᠬᠠᠮᠠᠭᠠᠯᠠᠨ᠎ᠠ᠃ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ᠤᠷᠢᠳᠠᠪᠠᠷ ᠰᠢᠳᠠᠷ᠎ᠠ ᠲᠠᠯᠪᠢᠵᠤ᠂ | ᠰᠠᠨᠠᠭᠠᠴᠢᠯᠠᠭᠠᠲᠤ ᠳᠠᠶᠢᠯᠠᠯᠳᠤᠭᠠᠨ ᠢ ᠰᠠᠶᠢᠲᠤᠷ ᠬᠢᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ | ᠠᠮᠤᠷ ᠲᠦᠪᠰᠢᠨ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ᠂ ᠪᠦᠬᠦ ᠶᠠᠪᠤᠴᠠ ᠳᠤ ᠲᠤᠭᠤᠰᠢᠯᠠᠭᠤᠯᠬᠤ ᠶᠢ ᠪᠠᠲᠤᠯᠠᠬᠤ ᠬᠡᠷᠡᠭᠲᠡᠢ᠃ | ᠠᠶᠤᠯᠭᠦᠶ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃ ︽ᠠᠶᠤᠯᠭᠦᠶ ᠦᠢᠯᠡᠳᠪᠦᠷᠢᠯᠡᠯ ᠤᠨ ᠦᠨᠳᠦᠰᠦᠨ ᠱᠠᠲᠤᠨ ᠤ | ᠰᠠᠭᠤᠷᠢ ᠪᠥᠲᠥᠭᠡᠨ ᠪᠠᠶᠢᠭᠤᠯᠤᠯᠲᠠ ᠶᠢᠨ ᠣᠨ︾ ᠤ ᠠᠵᠢᠯᠯᠠᠭ᠎ᠠ ᠶᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ ᠪᠠᠶᠢᠭᠤᠯᠤᠯᠲᠠ ᠶᠢ ᠪᠥᠬᠦ | ᠲᠠᠯ᠎ᠠ ᠪᠠᠷ ᠴᠢᠩᠭᠠᠳᠬᠠᠨ᠂ ᠬᠡᠲᠦᠷᠡᠮᠡᠬᠡᠶ ᠴᠠᠭ ᠠᠭᠤᠷ ᠢ ᠬᠤᠷᠢᠭᠯᠠᠬᠤ ᠪᠠ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠣᠶ ᠰᠢᠭᠤᠶ ᠶᠢᠨ ᠭᠠᠯ ᠰᠡᠷᠭᠡᠶᠢᠯᠡᠨ | ᠤᠨᠲᠠᠷᠠᠭᠠᠬᠤ᠂ ᠦᠶᠡᠷ ᠢ ᠰᠡᠷᠭᠡᠶᠢᠯᠡᠨ ᠭᠠᠮᠰᠢᠭ ᠢ ᠪᠠᠭᠠᠰᠬᠠᠬᠤ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠠᠶᠤᠯᠭᠦᠶ ᠦᠢᠯᠡᠳᠪᠦᠷᠢᠯᠡᠯ ᠤᠨ | ᠠᠷᠪᠠᠨ ᠲᠠᠪᠤᠨ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ | ᠬᠠᠷᠢᠭᠤᠴᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ︽ᠭᠤᠷᠪᠠ ᠶᠢ ᠬᠠᠮᠢᠶᠠᠷᠬᠤ ᠭᠤᠷᠪᠠ ᠶᠢ ᠡᠷᠬᠡᠪᠰᠢ ᠠᠳᠬᠤᠬᠤ︾ ᠱᠠᠭᠠᠷᠳᠠᠯᠭ᠎ᠠ ᠶᠢ ᠡᠯ᠎ᠡ ᠱᠠᠳᠤ ᠡᠯ᠎ᠡ | ᠭᠠᠵᠠᠷ ᠡᠯ᠎ᠡ ᠬᠦᠷᠢᠶᠡᠨ ᠳᠤ ᠨᠠᠶᠢᠳᠠᠪᠤᠷᠢᠵᠢᠭᠤᠯᠬᠤ ᠬᠡᠷᠡᠭᠲᠡᠶ᠃ ᠠᠮᠤᠷ ᠲᠦᠪᠰᠢᠨ ᠤ ᠤᠬᠠᠭᠤᠯᠭ᠎ᠠ ᠶᠢᠨ ︽ᠲᠠᠪᠤ ᠶᠢ ᠠᠬᠢᠭᠤᠯᠬᠤ︾ ᠶᠢ ᠭᠦᠨᠵᠡᠭᠡᠶ ᠥᠷᠨᠢᠭᠦᠯᠵᠦ᠂ | ᠰᠡᠷᠡᠮᠵᠢᠯᠡᠭᠦᠯᠬᠦ ᠬᠥᠮᠦᠵᠢᠯ ᠢ ᠪᠥᠬᠦ ᠲᠠᠯ᠎ᠠ ᠪᠠᠷ ᠴᠢᠩᠭᠠᠳᠬᠠᠨ᠂ ᠠᠶᠤᠯᠭᠦᠶ ᠦᠢᠯᠡᠳᠪᠦᠷᠢᠯᠡᠯ ᠤᠨ ᠬᠠᠤᠯᠢ ᠠᠴᠠ ᠵᠥᠷᠢᠴᠡᠭᠰᠡᠨ ᠨᠡᠶᠢᠲᠡᠯᠢᠭ ᠦᠢᠯᠡ ᠠᠵᠢᠯᠯᠠᠭ᠎ᠠ ᠶᠢ | ᠴᠠᠭ ᠲᠤᠬᠠᠶ ᠳᠤᠨᠢ ᠢᠯᠡᠴᠢᠯᠡᠵᠦ᠂ ᠪᠥᠬᠦ ᠠᠷᠠᠳ ᠤᠨ ᠠᠮᠤᠷ ᠲᠦᠪᠰᠢᠨ ᠤ ᠦᠵᠡᠯ ᠤᠬᠠᠮᠰᠠᠷ ᠢ ᠴᠢᠩᠭᠠᠳᠬᠠᠨ᠎ᠠ᠃ ᠬᠢᠨᠠᠯᠲᠠ ᠬᠠᠮᠢᠶᠠᠷᠤᠯᠲᠠ ᠶᠢᠨ ᠤᠷᠢᠳᠴᠢᠯᠠᠨ | ᠰᠡᠷᠭᠡᠶᠢᠯᠡᠬᠦ ᠴᠢᠨᠠᠷᠲᠠᠶ ᠬᠠᠤᠯᠢ ᠬᠡᠷᠡᠭᠵᠢᠭᠦᠯᠦᠯᠲᠡ ᠶᠢ ᠬᠦᠴᠦᠲᠡᠶ ᠠᠳᠬᠤᠵᠤ᠂ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ ᠠᠮᠤᠷ | ᠲᠦᠪᠰᠢᠨ ᠤ ᠲᠠᠯᠳᠠ ᠭᠡᠮ ᠢ ᠡᠬᠢ ᠡᠭᠦᠰᠦᠯ ᠠᠴᠠ ᠨᠢ ᠰᠡᠷᠭᠡᠶᠢᠯᠡᠨ ᠠᠷᠢᠯᠭᠠᠵᠤ᠂ ᠠᠶᠤᠯᠭᠦᠶ ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠡ᠊ᠨᠳᠡᠯ ᠭᠠᠷᠬᠤ ᠶᠢ | ᠡᠷᠡᠰ ᠬᠤᠷᠢᠭᠯᠠᠨ᠎ᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠪᠣᠳᠠᠲᠠᠶ ᠪᠥᠭᠡᠳ ᠨᠠᠷᠢᠯᠢᠭ ᠠᠳᠬᠤᠵᠤ᠂ ᠢᠳᠡᠭᠡᠨ ᠤ | ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠤᠨ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ | ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠣᠯᠠᠨ ᠲᠦᠮᠡᠨ ᠤ ᠢᠳᠡᠭᠡᠨ ᠤᠮᠳᠠᠭᠠᠨ ᠡᠮ ᠬᠡᠷᠡᠭᠯᠡᠬᠦ ᠠᠮᠤᠷ ᠲᠦᠪᠰᠢᠨ ᠢ ᠪᠠᠲᠤᠯᠠᠨ᠎ᠠ᠃ | ᠬᠦᠨᠳᠦ ᠶᠡᠭᠡ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ᠎ᠡ᠃ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠡᠷᠴᠢᠮ ᠢ ᠴᠢᠩᠭᠠᠷᠠᠭᠤᠯᠵᠤ᠂ | ᠳᠠᠯᠳᠠ ᠥᠷᠢ ᠥᠭᠴᠡᠭᠡ ᠶᠢᠨ ᠨᠡᠮᠡᠭᠳᠡᠯ ᠢ ᠡᠷᠡᠰ ᠬᠤᠷᠢᠭᠯᠠᠵᠤ᠂ ᠣᠨ ᠤ ᠳᠠᠯᠳᠠ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠪᠡᠶᠡᠯᠡᠭᠦᠯᠦᠨ᠎ᠡ᠃ ᠴᠠᠯᠢᠩ | ᠥᠷᠢᠲᠦᠬᠦ ᠶᠢ ᠤᠷᠢᠳᠴᠢᠯᠠᠨ ᠰᠡᠷᠭᠡᠶᠢᠯᠡᠵᠦ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ | ᠠᠰᠢᠭ ᠢ ᠪᠦᠬᠦ ᠬᠦᠴᠦᠨ ᠢᠶᠠᠷ ᠬᠠᠮᠠᠭᠠᠯᠠᠨ᠎ᠠ᠃ ᠮᠥᠩᠭᠦᠨ ᠭᠦᠢᠯᠭᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠰᠡᠷᠡᠮᠵᠢᠯᠡᠭᠦᠯᠦᠯ ᠢ ᠴᠢᠩᠭᠠᠳᠬᠠᠵᠤ᠂ | ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢᠨ ᠰᠡᠷᠭᠡᠶᠢᠯᠡᠯᠲᠡ ᠶᠢ ᠴᠢᠩᠭᠠᠳᠬᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ | ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠨ᠎ᠠ᠃ | ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ︽ᠬᠠᠤᠯᠢ ᠪᠠᠷ ᠵᠠᠰᠠᠬᠤ ᠭᠡᠭᠡᠨ ᠭᠤᠤᠯ︾ ᠤᠨ ᠪᠠᠶᠢᠭᠤᠯᠤᠯᠲᠠ ᠶᠢ ᠭᠦᠨᠵᠡᠭᠡᠶ ᠥᠷᠨᠢᠭᠦᠯᠵᠦ᠂ | ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩ | ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠤᠳᠤᠷᠢᠳᠤᠯᠭ᠎ᠠ ᠶᠢᠨ ᠵᠠᠬᠢᠳᠠᠯ ᠰᠤᠷᠪᠤᠯᠵᠢᠯᠠᠯ ᠶᠢᠨ ᠬᠡᠷᠡᠭ ᠢ ᠳᠠᠭᠠᠭᠠᠴᠢᠯᠠᠬᠤ ᠬᠠᠷᠢᠭᠤᠴᠠᠯᠭ᠎ᠠ ᠶᠢᠨ | ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠯ ᠶᠢ ᠣᠷᠣᠯᠠᠨ ᠰᠢᠢᠳᠪᠦᠷᠢᠯᠡᠬᠦ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠂ ᠵᠠᠬᠢᠳᠠᠯ | ᠰᠤᠷᠪᠤᠯᠵᠢᠯᠠᠯ ᠶᠢᠨ ᠵᠥᠷᠢᠴᠡᠯ ᠢ ᠨᠠᠮᠳᠠᠭᠤᠯᠬᠤ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠭᠦᠳᠬᠡᠨ ᠵᠠᠭᠠᠯᠳᠤᠬᠤ᠂ ᠭᠦᠳᠬᠡᠨ ᠭᠦᠳᠬᠡᠬᠦ᠂ ᠴᠤᠤᠷᠬᠠᠯ | ᠲᠠᠷᠬᠠᠭᠠᠬᠤ᠂ ᠣᠷᠢᠶᠠᠯᠳᠤᠨ ᠰᠤᠷᠪᠤᠯᠵᠢᠯᠠᠵᠤ ᠦᠢᠮᠡᠭᠦᠯᠦᠨ ᠰᠤᠷᠪᠤᠯᠵᠢᠯᠠᠬᠤ᠂ ᠰᠦᠯᠵᠢᠶ᠎ᠡ ᠪᠠᠷ ᠬᠥᠭᠡᠷᠭᠡᠳᠡᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ | ᠂ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ | ᠴᠣᠬᠢᠯᠲᠠ ᠦᠭᠭᠦᠨ ᠤᠬᠠᠭᠤᠯᠬᠤ ᠡᠷᠴᠢᠮ ᠢ ᠴᠢᠩᠭᠠᠷᠠᠭᠤᠯᠵᠤ᠂ ᠨᠡᠶᠢᠭᠡᠮ ᠤᠨ ᠲᠣᠭᠲᠠᠭᠤᠨ ᠪᠠ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ |