2024 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠭᠤᠷᠪᠠ︶
ᠨᠡᠶᠢᠲᠡᠯᠡᠭᠰᠡᠨ ᠴᠠᠭ᠄
2024/3/13
    ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ  ᠪᠠᠷ  ᠴᠢᠩᠭᠠᠳᠬᠠᠨ᠎ᠠ    ᠴᠢᠨᠠᠷ ᠰᠠᠶᠢᠲᠠᠢ ᠬᠥᠭᠵᠢᠯᠲᠡ ᠶᠢᠨ ᠭᠤᠣᠯ ᠱᠤᠭᠤᠮ ᠢ ᠴᠢᠩᠭ᠎ᠠ ᠡᠵᠡᠮᠳᠡᠵᠦ᠂ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠬᠢᠴᠢᠶᠡᠩᠭᠦ᠋ᠢᠯᠡᠨ ᠵᠢᠷᠤᠮᠯᠠᠵᠤ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠰᠤᠷᠲᠠᠯ᠂ ᠨᠡᠩ ᠥᠨᠳᠥᠷ ᠦᠷ᠎ᠡ ᠪᠦᠲᠦᠮᠵᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠥᠨᠳᠥᠷ ᠪᠦᠲᠦᠮᠵᠢᠲᠡᠢ ᠠᠵᠢᠯ ᠦᠢᠯᠡᠰ ᠪᠦᠲᠦᠭᠡᠬᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠲᠦᠷᠭᠡᠨ ᠪᠠᠶᠢᠭᠤᠯᠬᠤ ᠬᠡᠷᠡᠭᠲᠡᠢ᠃    ᠨᠡᠩ ᠥᠨᠳᠥᠷ ᠵᠣᠭᠰᠣᠴᠠ ᠪᠠᠷ ᠤᠯᠤᠰ ᠲᠦᠷᠦ  ᠶᠢᠨ ᠬᠦᠳᠦᠯᠦᠨ ᠳᠠᠭᠠᠭᠤᠯᠬᠤ ᠶᠢ ᠪᠠᠷᠢᠮᠲᠠᠯᠠᠨ᠎ᠠ᠃ ᠲᠤᠭ ᠲᠡᠮᠳᠡᠭ ᠲᠣᠳᠣᠷᠬᠠᠶ ᠪᠠᠷ ᠤᠯᠤᠰ ᠲᠦᠷᠦ ᠶᠢ ᠡᠷᠬᠢᠮᠯᠡᠵᠦ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ᠃ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠦᠮᠲᠦ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ᠂ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠲᠦᠷᠢᠮ ᠢ ᠴᠢᠩᠳᠠᠯᠠᠵᠤ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠤᠲᠠ ᠶᠢᠨ ᠨᠠᠮ ᠤᠨ ᠬᠤᠷᠢᠶ᠎ᠠ ᠲᠣᠬᠢᠷᠠᠭᠤᠯᠤᠯᠲᠠ ᠲᠠᠢ᠂ ᠵᠠᠰᠠᠭ ᠤᠨ ᠣᠷᠳᠣᠨ ᠠᠵᠢᠯᠯᠠᠭ᠎ᠠ ᠲᠠᠢ ᠂ ᠨᠠᠶᠢᠳᠠᠪᠤᠷᠢᠵᠢᠭᠤᠯᠤᠯᠲᠠ  ᠨᠢ ᠡᠷᠴᠢᠮ ᠲᠠᠢ ᠪᠠᠶᠢᠬᠤ ᠶᠢ ᠪᠡᠶᠡᠯᠡᠭᠦᠯᠦᠨ᠎ᠡ᠃    ᠨᠡᠩ ᠪᠣᠳᠠᠲᠠᠶ ᠠᠷᠭ᠎ᠠ ᠬᠡᠮᠵᠢᠶ᠎ᠡ ᠪᠠᠷ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠵᠠᠰᠠᠭ ᠤᠨ ᠣᠷᠳᠣᠨ ᠤ ᠠᠵᠢᠯ ᠤᠨ ᠢᠮᠠᠭᠲᠠ ᠬᠠᠤᠯᠢ ᠪᠠᠷ ᠵᠠᠰᠠᠬᠤ ᠥᠨᠳᠥᠷ ᠪᠦᠲᠦᠮᠵᠢᠲᠡᠶ ᠪᠠᠷ ᠶᠠᠪᠤᠭᠳᠠᠬᠤ ᠶᠢ ᠦᠨᠡᠨ ᠬᠦ ᠪᠠᠲᠤᠯᠠᠨ᠎ᠠ᠃ ᠠᠷᠠᠳᠴᠢᠯᠠᠯ ᠲᠥᠪᠯᠡᠷᠡᠯ ᠤᠨ ᠶᠣᠰᠣ ᠶᠢ ᠪᠠᠷᠢᠮᠲᠠᠯᠠᠨ᠂ ᠬᠠᠤᠯᠢ ᠶᠣᠰᠣᠭᠠᠷ  ᠰᠢᠢᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠰᠢᠨᠵᠢᠯᠡᠬᠦ ᠤᠬᠠᠭᠠᠨᠴᠢᠯᠠᠬᠤ᠂ ᠠᠷᠠᠳᠴᠢᠯᠠᠬᠤ᠂ ᠬᠠᠦᠯᠢᠵᠢᠬᠤ ᠢ ᠠᠬᠢᠭᠤᠯᠤᠨ᠎ᠠ᠃ ᠨᠠᠮ ᠤᠨ ᠳᠣᠲᠣᠭᠠᠳᠤ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠵᠦ᠂ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ  ᠬᠦᠯᠢᠶᠡᠨ᠎ᠡ᠃    ᠨᠡᠩ ᠰᠢᠯᠢᠳᠡᠭ ᠬᠡᠪ ᠰᠤᠷᠲᠠᠯ ᠢᠶᠠᠷ ᠵᠠᠰᠠᠭ ᠵᠠᠬᠢᠷᠭᠠᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠲᠤᠯᠤᠭ᠎ᠠ ᠶᠢ ᠲᠠᠶᠠᠭᠳᠠᠬᠤ︾ ᠶᠢ ᠡᠷᠡᠰ ᠪᠡᠶᠡᠯᠡᠭᠦᠯᠵᠦ᠂ ︽ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ︽ᠳᠠᠷᠦ᠋ᠢᠬᠠᠨ ᠭᠦᠢᠴᠡᠳᠬᠡᠬᠦ᠂ ᠦᠨᠡᠨᠬᠦ ᠠᠳᠬᠤᠵᠤ ᠪᠣᠳᠠᠲᠠᠢ ᠠᠵᠢᠯᠯᠠᠬᠤ︾ ᠰᠢᠯᠢᠳᠡᠭ ᠰᠤᠷᠲᠠᠯ ᠢ ᠶᠡᠬᠡᠪᠡᠷ ᠪᠠᠳᠠᠷᠠᠭᠤᠯᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ︽ᠵᠠᠳᠠᠯᠤᠯᠲᠠ ᠲᠠᠢ ᠰᠡᠳᠬᠢᠬᠦᠶ︾ ᠪᠠ ︽ᠵᠠᠳᠠᠯᠤᠯᠲᠠ ᠲᠠᠢ ᠰᠡᠳᠬᠢᠬᠦᠶ ᠶᠢ ᠰᠢᠯᠢᠳᠡᠭᠵᠢᠭᠦᠯᠬᠦ︾ ᠶᠢ ᠪᠣᠶ ᠪᠣᠯᠭᠠᠵᠤ᠂ ᠦᠷ᠎ᠡ ᠪᠦᠲᠦᠭᠡᠯ ᠤᠨ ᠤᠬᠠᠮᠰᠠᠷ᠂ ᠲᠠᠩᠰᠠ ᠮᠡᠳᠡᠭᠦᠯᠬᠦ ᠤᠬᠠᠮᠰᠠᠷ᠂ ᠡᠪᠬᠡᠮᠡᠯ ᠲᠤᠰᠢᠶᠠᠬᠤ ᠤᠬᠠᠮᠰᠠᠷ ᠢ ᠴᠢᠩᠭᠠᠷᠠᠭᠤᠯᠤᠨ᠂ ᠭᠤᠤᠯᠳᠠᠯᠭ᠎ᠠ ᠲᠠᠢ ᠠᠵᠢᠯ ᠤᠨ ᠡᠭᠦᠷᠭᠡ ᠳᠤ ᠪᠢᠲᠡᠭᠦᠦ ᠬᠠᠮᠢᠶᠠᠷᠤᠯᠲᠠ ᠶᠢ ᠬᠡᠷᠡᠭᠵᠢᠭᠦᠯᠵᠦ᠂ ᠨᠢᠭᠡ ᠶᠢ ᠲᠣᠭᠲᠠᠭᠠᠪᠠᠯ ᠨᠢᠭᠡ ᠶᠢ ᠬᠢᠵᠦ ᠨᠢᠭᠡ ᠶᠢ ᠪᠦᠲᠦᠭᠡᠬᠦ ᠶᠢ ᠦᠨᠡᠨ ᠬᠦ ᠪᠠᠲᠤᠯᠠᠵᠤ᠂ ︽ᠬᠠᠷᠢᠭᠤᠴᠠᠯᠭ᠎ᠠ ᠶᠢ ᠡᠭᠦᠷᠭᠡᠯᠡᠨ ᠬᠠᠷᠢᠭᠤᠴᠠᠯᠭ᠎ᠠ ᠪᠠᠨ ᠭᠦᠢᠴᠡᠳᠭᠡᠬᠦ᠂ ᠠᠵᠢᠯ ᠦᠢᠯᠡᠰ ᠢ ᠤᠶᠢᠯᠭᠠᠬᠤ᠂ ᠬᠦᠨᠳᠦ ᠡᠭᠦᠷᠭᠡ ᠶᠢ ᠡᠭᠦᠷᠭᠡᠯᠡᠬᠦ᠂ ᠴᠢᠳᠠᠮᠠᠭᠠᠶ ᠪᠠᠷ ᠬᠢᠵᠦ ᠴᠢᠳᠠᠮᠠᠭᠠᠶ ᠪᠠᠷ ᠪᠦᠲᠦᠭᠡᠬᠦ︾ ᠶᠢ ᠵᠠᠰᠠᠭ ᠤᠨ ᠣᠷᠳᠣᠨ ᠤ ᠠᠵᠢᠯ ᠤᠨ ᠢᠯᠡ ᠲᠣᠳᠣ ᠣᠨᠴᠠᠯᠢᠭ ᠰᠢᠨᠵᠢ ᠪᠣᠯᠭᠠᠨ᠎ᠠ᠃    ᠨᠡᠩ ᠴᠢᠩᠭ᠎ᠠ ᠪᠠᠷᠢᠮᠵᠢᠶ᠎ᠠ ᠪᠠᠷ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠡᠷᠡᠰ ᠭᠦᠢᠴᠡᠳᠬᠡᠵᠦ᠂ ᠰᠠᠬᠢᠯᠭ᠎ᠠ ᠪᠠᠲᠤ ᠶᠣᠰᠣ ᠲᠦᠷᠢᠮ ᠢ ᠢᠮᠠᠭᠲᠠ ᠲᠡᠷᠢᠭᠦᠨ ᠳᠤ ᠲᠠᠯᠪᠢᠵᠤ᠂ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠭᠦᠨᠵᠡᠭᠡᠶ ᠨᠠᠶᠢᠳᠠᠪᠤᠷᠢᠵᠢᠭᠤᠯᠤᠨ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ ᠭᠦᠨᠵᠡᠭᠡᠶᠢᠷᠡᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠰᠢᠨᠲᠠᠷᠠᠰᠢ ᠦᠭᠡᠢ ᠵᠠᠯᠠᠷᠠᠭᠤᠯᠵᠤ᠂ ᠰᠢᠨ᠎ᠡ ᠰᠤᠷᠲᠠᠯ ᠢ ᠪᠤᠢ ᠪᠣᠯᠭᠠᠨ᠎ᠠ᠃ ᠲᠦᠷᠦᠭᠦᠯᠡᠨ ︽ᠠᠷᠪᠢᠯᠠᠨ ᠭᠠᠮᠨᠠᠵᠤ︾᠂ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ  ᠬᠢᠵᠠᠭᠠᠷᠯᠠᠵᠤ᠂ ᠵᠣᠭᠤᠰ ᠢ ᠦᠨᠡᠨ ᠬᠦ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠭᠠᠵᠠᠷ᠂ ᠠᠷᠠᠳ ᠤᠨ ᠲᠥᠯᠥᠭᠡ ᠠᠵᠢᠯ ᠶᠠᠪᠤᠳᠠᠯ ᠬᠢᠬᠦ ᠶᠢᠨ ᠪᠠᠴᠢᠮ ᠬᠡᠷᠡᠭᠴᠡᠭᠡᠨ ᠤ ᠭᠠᠵᠠᠷ᠂ ᠠᠵᠠ ᠵᠢᠷᠭᠠᠯ ᠢ ᠨᠡᠮᠡᠭᠳᠡᠭᠦᠯᠬᠦ ᠴᠢᠬᠤᠯᠠ ᠭᠠᠵᠠᠷ ᠲᠤ ᠵᠠᠷᠤᠴᠠᠭᠤᠯᠤᠨ᠎ᠠ᠃    ᠲᠥᠯᠥᠭᠡᠯᠡᠭᠴᠢᠳ ᠡ︕ ᠤᠭ ᠰᠠᠨᠠᠭ᠎ᠠ ᠪᠠᠲᠤ ᠪᠠᠬᠢ ᠪᠣᠯᠪᠠᠰᠤ᠂ ᠡᠭᠦᠷᠭᠡ ᠬᠠᠷᠢᠭᠤᠴᠠᠯᠭ᠎ᠠ ᠮᠥᠷᠥᠨ ᠳᠡᠭᠡᠷ᠎ᠡ ᠪᠠᠶᠢᠨ᠎ᠠ︔ ᠡᠭᠦᠷᠭᠡ ᠬᠦᠨᠳᠦ ᠵᠠᠮ ᠬᠤᠯᠠ᠂ ᠪᠣᠳᠠᠲᠠᠢ ᠠᠵᠢᠯᠯᠠᠬᠤ ᠶᠢ ᠲᠡᠷᠢᠭᠦᠨ ᠳᠤ ᠲᠠᠯᠪᠢᠬᠤ ᠬᠡᠷᠡᠭᠲᠡᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠪᠦᠬᠦ ᠬᠤᠳᠠ ᠶᠢᠨ ᠠᠷᠠᠳ ᠲᠦᠮᠡᠨ ᠤ ᠤᠶᠤᠨ ᠤᠬᠠᠭᠠᠨ ᠢ ᠨᠢᠭᠲᠠᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ ᠨᠢᠭᠲᠠᠷᠠᠭᠤᠯᠵᠤ᠂ ᠴᠤᠴᠠᠯᠲᠠ ᠦᠭᠡᠢ ᠲᠡᠮᠡᠴᠡᠬᠦ ᠣᠪᠣᠷ ᠪᠠᠶᠢᠳᠠᠯ᠂ ᠴᠤᠭ ᠪᠠᠳᠠᠷᠠᠩᠭᠤᠢ ᠥᠭᠡᠳᠡᠯᠡᠨ ᠳᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ᠂ ᠥᠪᠡᠷ ᠤᠨ ᠪᠡᠶ᠎ᠡ ᠪᠠᠨ ᠦᠷᠡᠭᠳᠡᠭᠦᠯᠪᠡᠯ ᠬᠡᠨ ᠪᠣᠯᠬᠤ ᠬᠠᠷᠢᠭᠤᠴᠠᠯᠭ᠎ᠠ ᠡᠭᠦᠷᠭᠡᠯᠡᠯ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢᠶᠠᠷ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠤ᠂ ᠵᠠᠮ ᠨᠡᠭᠡᠭᠡᠨ ᠰᠢᠨ᠎ᠡ ᠶᠢ ᠡᠭᠦᠳᠴᠦ᠂  ᠭᠡᠭᠡᠨ ᠭᠤᠣᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ