ᠤᠢ ᠰᠢᠭᠤᠢ ᠪᠠ ᠠᠮᠢ ᠠᠬᠤᠢ ᠶᠢᠨ ᠦᠵᠡᠮᠵᠢ ᠵᠣᠴᠢᠳ ᠢ ᠲᠠᠲᠠᠵᠦ — ᠦᠵᠡᠰᠬᠦᠯᠡᠩᠲᠦ ᠰᠠᠶᠢᠬᠠᠨ ᠦᠵᠡᠮᠵᠢ ᠵᠤᠭᠠᠴᠠᠯ ᠤᠨ ᠬᠥᠭᠵᠢᠯᠲᠡ ᠶᠢᠨ ᠰᠢᠨ᠎ᠡ ᠠᠵᠠ ᠲᠣᠬᠢᠶᠠᠯ ᠢ ᠠᠪᠴᠢᠷᠠᠨ᠎ᠠ
ᠨᠡᠶᠢᠲᠡᠯᠡᠭᠰᠡᠨ ᠴᠠᠭ᠄
2024/4/26
    ᠮᠠᠨ ᠤ ᠬᠤᠳᠠ ᠶᠢᠨ ᠶᠡᠭᠡ ᠰᠠᠮᠠ ᠤᠯᠤᠰ ᠤᠨ ᠤᠢ ᠰᠢᠭᠤᠢ ᠶᠢᠨ ᠴᠡᠴᠡᠷᠯᠢᠭ ᠤᠯᠠᠨ ᠠᠭᠤᠯᠠᠨ ᠳᠤ ᠬᠦᠷᠢᠶᠡᠯᠡᠭᠳᠡᠵᠦ᠂ ᠬᠥᠬᠡᠮᠳᠦᠭ ᠤᠰᠤ ᠬᠦᠭᠡ ᠣᠭᠲᠠᠷᠭᠤᠢ ᠲᠠᠢ᠂ ᠦᠩᠬᠡ ᠦᠵᠡᠮᠵᠢ ᠭᠤᠶᠤ ᠰᠠᠶᠢᠬᠠᠨ᠂ ᠰᠠᠯᠬᠢᠨ ᠤ ᠳᠤᠮᠳᠠ ᠬᠡᠭᠡᠷ᠎ᠡ ᠶᠢᠨ ᠵᠢᠮᠢᠰ ᠤᠨ ᠠᠩᠬᠢᠯᠤᠮ᠎ᠠ ᠦᠨᠦᠷ ᠬᠠᠩᠬᠤᠯᠤᠨ᠎ᠠ᠃ ᠠᠳᠡ ᠬᠦᠪᠡᠭᠡ ᠬᠢᠵᠠᠭᠠᠷ ᠨᠢ ᠬᠠᠷᠠᠭᠳᠠᠬᠤ ᠦᠬᠡᠢ ᠨᠡᠯᠦᠭᠡᠷ ᠶᠡᠭᠡ ᠪᠠᠯᠠᠷ ᠤᠢ ᠰᠢᠭᠤᠢ ᠳᠤ ᠬᠠᠷᠠᠭᠳᠠᠨ᠎ᠠ᠂ ᠪᠠᠰᠠ ᠬᠥᠮᠦᠰ ᠢ ᠰᠣᠭᠲᠣᠭᠤᠷᠠᠭᠤᠯᠤᠮ᠎ᠠ ᠥᠨᠳᠥᠷ ᠰᠥᠭᠡᠷᠭᠦ ᠬᠦᠴᠢᠯᠲᠥ᠋ᠷᠥᠭᠴᠢᠲᠦ ᠢᠶᠣᠨ ᠠᠭᠤᠯᠤᠭᠰᠠᠨ ᠴᠡᠪᠡᠷ ᠠᠭᠠᠷ ᠪᠤᠢ᠂ ᠲᠡᠷᠲᠡᠭᠡ ᠬᠦᠬᠡ ᠲᠩᠷᠢ ᠴᠠᠭᠠᠨ ᠡᠭᠦᠯᠡ ᠲᠠᠢ ᠬᠠᠮᠲᠤ ᠪᠠᠶᠢᠵᠤ᠂ ᠤᠢᠢᠷ᠎ᠠ ᠬᠠᠪᠢ ᠶᠢᠨ ᠬᠥᠬᠡᠮᠳᠦᠭ ᠨᠣᠭᠤᠭᠠᠨ ᠠᠭᠤᠯᠠ ᠤᠰᠤ ᠬᠠᠷᠢᠯᠴᠠᠨ ᠲᠦᠰᠢᠯᠴᠡᠵᠦ᠂ ᠠᠮᠢ ᠠᠬᠤᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠨᠢ ᠤᠯᠠᠩᠬᠢ ᠵᠤᠭᠠᠴᠠᠭᠰᠠᠳ ᠤᠨ ᠰᠣᠨᠢᠷᠬᠠᠯ ᠢ ᠲᠠᠲᠠᠵᠤ᠂ ᠠᠮᠢ ᠠᠬᠤᠢ ᠶᠢᠨ ᠶᠡᠭᠡ ᠬᠢᠩᠭᠠᠨ ᠳᠠᠪᠠᠭ᠎ᠠ ᠶᠢᠨ ᠨᠠᠮᠤᠷ ᠤᠨ ᠰᠠᠶᠢᠨ ᠰᠠᠶᠢᠬᠠᠨ ᠴᠠᠭ ᠮᠥᠴᠡ ᠶᠢ ᠡᠳ᠋ᠯᠡᠨ᠎ᠡ᠃    ᠶᠡᠭᠡ ᠰᠠᠮᠠ ᠤᠯᠤᠰ ᠤᠨ ᠣᠶ ᠰᠢᠭᠤᠶ ᠶᠢᠨ ᠴᠡᠴᠡᠷᠯᠢᠭ ᠢ 2001 ᠣᠨ ᠳᠤ ᠪᠠᠶᠢᠭᠤᠯᠬᠤ ᠶᠢ ᠵᠥᠪᠰᠢᠶᠡᠷᠡᠪᠡ᠃ ᠶᠡᠷᠦᠩᠬᠡᠶ ᠲᠠᠯᠠᠪᠠᠶ ᠨᠢ 15565 ᠾᠧᠺᠲ᠋ᠠᠷ ᠂ ᠭᠡᠭᠡᠨ ᠭᠤᠣᠯ ᠬᠤᠲᠠ ᠶᠢᠨ ᠮᠠᠨᠬᠥ᠋ᠢ ᠪᠠᠯᠭᠠᠰᠤᠨ ᠤ ᠬᠢᠯᠢ ᠳᠤ ᠪᠠᠶᠢᠷᠢᠯᠠᠵᠤ᠂ ︽ᠢᠺᠰᠠᠮᠠ︾ ᠪᠣᠯ ᠡᠸᠡᠩᠬᠢ ᠬᠡᠯᠡ ᠪᠣᠯᠤᠨ᠎ᠠ᠃ ᠬᠢᠲᠠᠳ ᠬᠡᠯᠡᠨ ᠳᠤ ︽ᠦᠵᠡᠰᠬᠦᠯᠡᠩᠲᠦ ᠰᠠᠶᠢᠬᠠᠨ ᠠᠭᠤᠳᠠᠮ ᠭᠤᠣᠯ︾ ᠭᠡᠰᠡᠨ ᠤᠳᠬ᠎ᠠ ᠲᠠᠢ᠃ ᠴᠡᠴᠡᠷᠯᠢᠭ ᠤᠨ ᠳᠣᠲᠣᠷ᠎ᠠ ᠬᠠᠪᠢᠷᠭᠠᠨ ᠰᠠᠷᠠᠨ ᠪᠤᠯᠤᠩ᠂ ᠤᠯᠠ ᠮᠥᠷ ᠤᠨ ᠨᠠᠭᠤᠷ᠂ ᠡᠭᠡᠴᠢ ᠳᠡᠭᠦᠤ ᠨᠠᠭᠤᠷ᠂ ᠪᠣᠭᠶᠠᠨᠰᠤᠩ ᠳᠠᠪᠠᠭ᠎ᠠ ︵ᠬᠡᠷᠡᠯ ᠵᠢᠷᠤᠭ ᠲᠠᠲᠠᠬᠤ ᠰᠠᠭᠤᠷᠢᠨ ᠭᠠᠵᠠᠷ︶ ᠵᠡᠷᠭᠡ ᠣᠯᠠᠨ ᠵᠦᠢᠯ ᠤᠨ ᠪᠠᠶᠢᠭᠠᠯᠢ ᠶᠢᠨ ᠦᠵᠡᠮᠵᠢ ᠲᠠᠢ ᠪᠠᠶᠢᠳᠠᠭ ᠃ ᠲᠩᠷᠢ ᠠᠴᠠ ᠰᠣᠶᠣᠷᠬᠠᠭᠰᠠᠨ ᠨᠠᠭᠤᠷ ᠤᠨ ᠬᠥᠪᠡᠭᠡᠨ ᠳᠤ᠂ ᠬᠦᠬᠡ ᠲᠩᠷᠢ ᠴᠠᠭᠠᠨ ᠡᠭᠦᠯᠡ᠂ ᠬᠥᠬᠡᠮᠳᠦᠭ ᠤᠰᠤ ᠬᠦᠭᠡ ᠣᠭᠲᠠᠷᠭᠤᠢ ᠦᠵᠡᠰᠬᠦᠯᠡᠩᠲᠦ ᠰᠠᠶᠢᠬᠠᠨ ᠠᠮᠢ ᠠᠬᠤᠢ ᠶᠢᠨ ᠵᠢᠷᠤᠭ ᠢ ᠬᠠᠮᠲᠤ ᠪᠠᠷ ᠵᠢᠷᠤᠵᠤ᠂ ᠬᠥᠮᠦᠰ ᠠᠭᠤᠯᠠ ᠤᠰᠤᠨ ᠤ ᠳᠤᠮᠳᠠᠭᠤᠷ ᠵᠤᠭᠠᠴᠠᠵᠤ᠂ ᠬᠤᠳᠠ ᠶᠢᠨ ᠦᠢᠮᠡᠭᠡᠨ ᠠᠴᠠ ᠵᠠᠶᠢᠳᠠᠵᠤ᠂ ᠨᠠᠷᠠᠰᠤ ᠪᠠ ᠦᠵᠡᠮᠵᠢ ᠶᠢ ᠰᠣᠨᠢᠷᠬᠠᠵᠤ᠂ ᠰᠢᠭᠤᠶᠢᠲᠤ ᠣᠷᠣᠨ ᠤ ᠰᠣᠶᠣᠯ ᠢ ᠤᠢᠢᠯᠠᠭᠠᠨ᠂ ᠠᠮᠢ ᠠᠬᠤᠢ ᠶᠢᠨ ᠵᠤᠭᠠᠴᠠᠯ ᠤᠨ ᠥᠪᠡᠷᠮᠢᠴᠡ ᠷᠢᠳᠢ ᠰᠢᠳᠢ ᠶᠢ ᠮᠡᠳᠡᠷᠡᠵᠦ᠂ ᠬᠥᠮᠦᠰ ᠤᠨ ᠰᠡᠳᠬᠢᠯ ᠢ ᠰᠣᠭᠲᠣᠭᠤᠷᠠᠭᠤᠯᠤᠨ᠎ᠠ᠃    ᠤᠢᠢᠷ᠎ᠠ ᠶᠢᠨ ᠵᠢᠯ ᠤᠨ ᠲᠤᠷᠰᠢ᠂ ᠮᠠᠨ ᠤ ᠬᠤᠳᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠦ᠂ ︽ᠬᠤᠶᠠᠷ ᠠᠭᠤᠯᠠ︾ ᠶᠢᠨ ᠤᠢᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠤᠢ ᠰᠢᠭᠤᠢ ᠶᠢᠨ ᠰᠣᠶᠣᠯ᠂ ᠴᠡ ᠪᠤᠭᠤ ᠶᠢᠨ ᠰᠣᠶᠣᠯ ᠂ ᠬᠦᠢᠳᠡᠨ ᠲᠦᠢᠯ ᠤᠨ ᠰᠣᠶᠣᠯ ᠢ ᠭᠦᠨᠵᠡᠭᠡᠢ ᠠᠭᠤᠰᠤᠯᠴᠠᠭᠤᠯᠵᠤ᠂ ᠪᠦᠬᠦ ᠣᠷᠣᠨ ᠪᠦᠰᠡ ᠶᠢᠨ ᠵᠤᠭᠠᠴᠠᠯ᠂ ᠲᠦᠷᠪᠡᠨ ᠤᠯᠠᠷᠢᠯ ᠤᠨ ᠵᠤᠭᠠᠴᠠᠯ ᠢ ᠴᠢᠷᠮᠠᠶᠢᠨ ᠬᠥᠭᠵᠢᠭᠦᠯᠵᠡᠢ᠃ ᠢᠷᠡᠭᠡᠳᠦᠶ ᠳᠤ᠂ ᠮᠠᠨ ᠤ ᠬᠤᠲᠠ ᠦᠷᠭᠦᠯᠵᠢᠯᠡᠨ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠪᠠᠷ ᠬᠠᠷᠠᠯᠲᠠ ᠪᠣᠯᠭᠠᠵᠤ᠂ ᠮᠠᠨ ᠤ ᠬᠤᠲᠠ ᠶᠢᠨ ᠣᠨᠴᠠᠯᠢᠭ ᠪᠥᠬᠦᠶ ᠪᠠᠶᠢᠭᠠᠯᠢ ᠶᠢᠨ ᠡᠬᠢ ᠪᠠᠶᠠᠯᠢᠭ᠂  ᠵᠠᠩ ᠦᠢᠯᠡ ᠶᠢᠨ ᠡᠬᠢ ᠪᠠᠶᠠᠯᠢᠭ᠂ ᠰᠣᠶᠣᠯ ᠤᠨ ᠡᠬᠢ ᠪᠠᠶᠠᠯᠢᠭ ᠵᠡᠷᠭᠡ ᠲᠠᠢ ᠤᠶᠠᠯᠳᠤᠭᠤᠯᠤᠨ᠂ ᠰᠢᠷᠢᠰ ᠰᠣᠳᠣᠨ ᠵᠢᠭᠤᠯᠴᠢᠯᠠᠯ ᠤᠨ ᠵᠠᠮ ᠱᠤᠭᠤᠮ ᠢ ᠭᠠᠷᠭᠠᠵᠤ᠂ ᠶᠡᠭᠡ ᠬᠢᠩᠭᠠᠨ ᠳᠠᠪᠠᠭ᠎ᠠ ᠶᠢᠨ ᠥᠷᠥᠴᠡ ᠭᠠᠵᠠᠷ ᠤᠨ ᠥᠩᠭᠡ ᠦᠵᠡᠮᠵᠢ ᠶᠢᠨ ᠭᠤᠶᠢᠳᠠ ᠰᠠᠶᠢᠬᠠᠨ ᠪᠠ ᠥᠪᠡᠷᠮᠢᠴᠡ ᠷᠢᠳᠢ ᠰᠢᠳᠢ ᠶᠢ ᠪᠥᠬᠦ ᠲᠠᠯ᠎ᠠ ᠪᠠᠷ᠂ ᠣᠯᠠᠨ ᠲᠠᠯ᠎ᠠ ᠠᠴᠠ᠂ ᠭᠦᠨ ᠲᠠᠰ ᠳᠠᠪᠬᠤᠷᠭ᠎ᠠ ᠠᠴᠠ ᠳᠡᠯᠭᠡᠨ ᠦᠵᠡᠭᠦᠯᠵᠦ᠂ ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ ᠤ ᠣᠶ ᠰᠢᠭᠤᠶ ᠶᠢᠨ ᠵᠢᠭᠤᠯᠴᠢᠯᠠᠯ ᠤᠨ ᠭᠠᠳᠠᠭᠠᠳᠤ ᠳᠤ ᠬᠠᠨᠳᠤᠭᠤᠯᠤᠭᠰᠠᠨ ᠠᠯᠳᠠᠷᠰᠢᠯ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
ᠢᠷᠡᠯᠲᠡ᠄ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠤᠷᠳᠤᠨ