ᠤᠯᠠᠭᠠᠨ ᠦᠰᠦᠲᠦ ᠪᠤᠷᠭᠠᠰᠤ ᠰᠠᠯᠬᠢᠨ ᠤ ᠠᠶ᠎ᠠ ᠪᠠᠷ ᠬᠠᠪᠤᠷ ᠢ ᠮᠡᠳᠡᠭᠡᠯᠡᠨ᠎ᠡ
ᠨᠡᠶᠢᠲᠡᠯᠡᠭᠰᠡᠨ ᠴᠠᠭ᠄
2024/5/29
    ᠤᠷᠢᠬᠠᠨ ᠬᠠᠪᠤᠷ ᠤᠨ ᠭᠤᠷᠪᠠᠨ ᠰᠠᠷ᠎ᠠ ᠳᠤ᠂ ᠭᠡᠨᠡᠳᠲᠡ ᠳᠤᠯᠠᠭᠠᠷᠠᠵᠤ ᠪᠠᠰᠠ ᠬᠦᠢᠲᠡᠷᠡᠨ᠎ᠡ᠃ ᠬᠥᠯᠳᠡᠬᠦ ᠥᠬᠡᠶ ᠭᠤᠤᠯ ᠮᠥᠷᠡᠨ ᠤ ᠤᠰᠤ ᠭᠤᠷᠴᠢᠭᠢᠨᠠᠨ᠂ ᠢᠷᠣᠭᠠᠷ ᠨᠢ ᠬᠠᠷᠠᠭᠳᠠᠵᠤ᠂ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠬᠠᠪᠤᠷ ᠤᠨ ᠰᠠᠯᠬᠢᠨ ᠤ ᠠᠶ᠎ᠠ ᠪᠠᠷ ᠭᠤᠣᠯ ᠤᠨ ᠬᠤᠶᠠᠷ ᠬᠥᠪᠡᠭᠡᠨ ᠤ ᠤᠯᠠᠭᠠᠨ ᠪᠤᠷᠭᠠᠰᠤ ᠠᠭᠠᠵᠢᠮ ᠢᠶᠠᠷ ᠰᠡᠷᠭᠦᠵᠦ᠂  ᠬᠤᠨᠳᠠᠨ ᠤᠯᠠᠭᠠᠨ ᠦᠩᠭᠡ ᠪᠠᠷ ᠬᠠᠬᠢᠷ ᠡᠪᠦᠯ ᠢ ᠰᠠᠷᠨᠢᠭᠤᠯᠪᠠ᠃    ᠠᠯᠤᠰ ᠠᠴᠠ ᠬᠠᠷᠠᠬᠤ ᠳᠤ᠂ ᠠᠰᠪᠤᠷ ᠰᠢᠯᠤᠭᠤᠨ ᠤᠯᠠᠭᠠᠨ ᠦᠰᠦᠲᠦ ᠪᠤᠷᠭᠠᠰᠤ ᠰᠡᠬᠦ᠋ᠢᠨ ᠰᠦᠨᠳᠡᠷᠯᠡᠵᠦ᠂ ᠦᠵᠡᠰᠬᠦᠯᠡᠩ ᠰᠠᠶᠢᠬᠠᠨ ᠬᠠᠷᠠᠭᠳᠠᠨ᠎ᠠ᠃ ᠴᠡᠯᠮᠡᠭ ᠲᠩᠷᠢ ᠶᠢᠨ ᠲᠤᠰᠬᠠᠯ ᠳᠣᠣᠷ᠎ᠠ᠂ ᠥᠪᠡᠷᠮᠢᠴᠡ ᠳᠦᠷᠢ ᠲᠥᠷᠬᠦ ᠪᠠᠷ ᠢᠶᠠᠨ ᠬᠠᠪᠤᠷ ᠤᠨ ᠥᠩᠭᠡ ᠪᠤᠳᠤᠭ ᠢ ᠳᠡᠯᠭᠡᠨ ᠦᠵᠡᠭᠦᠯᠵᠦ᠂ ᠵᠢᠯ ᠵᠢᠯ ᠠᠭᠤᠯᠠ ᠬᠠᠶᠢᠷᠬᠠᠨ ᠲᠠᠢ ᠬᠠᠮᠲᠤ᠂ ᠮᠥᠰᠥ  ᠴᠠᠰᠤ ᠲᠠᠢ ᠨᠠᠶᠢᠵᠠᠯᠠᠵᠤ᠂ ᠰᠦᠷᠯᠢᠭ ᠰᠠᠶᠢᠬᠠᠨ ᠦᠵᠡᠮᠵᠢ ᠲᠠᠢ ᠪᠠᠶᠢᠳᠠᠭ᠃    ᠣᠶᠢᠯᠠᠭᠠᠭᠰᠠᠨ ᠢᠶᠠᠷ᠂ ᠤᠯᠠᠭᠠᠨ ᠦᠰᠦᠲᠦ ᠪᠤᠷᠭᠠᠰᠤ ᠶᠢ ᠪᠠᠰᠠ ᠲᠩᠷᠢ ᠲᠤᠯᠤᠮ᠎ᠠ ᠤᠳᠠ ᠭᠡᠳᠡᠭ᠂ ᠤᠳᠠ ᠤᠯᠢᠶᠠᠰᠤᠨ ᠤ ᠢᠵᠠᠭᠤᠷ ᠤᠨ ᠪᠤᠷᠭᠠᠰᠤ ᠮᠤᠵᠢ ᠶᠢᠨ ᠤᠷᠭᠤᠮᠠᠯ᠂ ᠭᠡᠷᠡᠯ ᠳᠤ ᠳᠤᠷᠠᠲᠠᠶ᠂ ᠬᠦᠢᠲᠡᠨ ᠳᠤ ᠲᠡᠰᠪᠦᠷᠢᠲᠡᠶ᠂ ᠪᠠᠶᠢᠭᠠᠯᠢ ᠶᠢᠨ ᠪᠦᠯᠦᠭᠯᠡᠯ ᠡᠯᠡᠰᠦ ᠰᠢᠷᠣᠶ ᠳᠡᠭᠡᠷ᠎ᠡ ᠮᠠᠰᠢ ᠰᠠᠶᠢᠨ ᠤᠷᠭᠤᠵᠤ᠂ ᠴᠢᠭᠢᠭᠯᠢᠭ ᠰᠦᠪᠡᠷᠬᠡᠭ ᠬᠥᠷᠥᠰᠥᠨ ᠳᠤ ᠳᠤᠷᠠᠲᠠᠶ᠂ ᠤᠷᠭᠤᠬᠤ ᠬᠤᠷᠳᠤᠴᠠ ᠨᠢ ᠲᠦᠷᠭᠡᠨ᠂ ᠮᠣᠳᠣᠨ ᠤ ᠬᠡᠯᠪᠡᠷᠢ ᠨᠢ ᠭᠤᠶᠣ ᠰᠠᠶᠢᠬᠠᠨ ᠪᠠᠶᠢᠵᠤ᠂ ᠨᠣᠭᠤᠭᠠᠷᠠᠭᠤᠯᠤᠯᠲᠠ ᠶᠢᠨ ᠮᠣᠳᠣᠨ ᠤ ᠲᠥᠷᠥᠯ ᠪᠣᠯᠭᠠᠵᠤ ᠪᠣᠯᠳᠠᠭ ᠪᠥᠭᠡᠳ ᠠᠮᠢ ᠠᠬᠤᠶ ᠶᠢᠨ ᠦᠷ᠎ᠡ ᠠᠰᠢᠭ ᠢᠶᠠᠷ ᠮᠠᠰᠢ ᠴᠢᠩᠭ᠎ᠠ ᠪᠠᠶᠢᠳᠠᠭ᠂ ᠭᠤᠣᠯ ᠤᠨ ᠡᠷᠭᠢ ᠪᠠ ᠭᠤᠷᠤᠬ᠎ᠠ ᠶᠢᠨ ᠬᠠᠵᠠᠭᠤ ᠳᠤ ᠢᠯᠡᠭᠦᠦ ᠳᠦᠷᠦᠵᠦ᠂ ᠬᠠᠮᠤᠭ ᠰᠠᠶᠢᠨ ᠡᠷᠭᠢ ᠬᠠᠮᠠᠭᠠᠯᠠᠬᠤ ᠮᠣᠳᠣᠨ ᠤ ᠲᠥᠷᠥᠯ ᠪᠣᠯᠤᠨ᠎ᠠ᠂ ᠳᠤᠮᠳᠠᠳᠤ ᠤᠯᠤᠰ ᠤᠨ ᠵᠡᠭᠦᠨ ᠬᠤᠶᠢᠲᠤ ᠣᠷᠣᠨ ᠤ ᠬᠡᠰᠡᠭ ᠭᠠᠵᠠᠷ ᠢᠶᠠᠷ ᠲᠠᠷᠬᠠᠵᠤ᠂ ᠬᠤᠪᠣᠷ ᠴᠤᠬᠠᠭ ᠮᠣᠳᠣᠨ ᠤ ᠲᠥᠷᠥᠯ ᠳᠤ ᠪᠠᠭᠲᠠᠨ᠎ᠠ᠂ 3 ᠰᠠᠷ᠎ᠠ ᠠᠴᠠ 4 ᠰᠠᠷ᠎ᠠ ᠶᠢᠨ ᠬᠤᠭᠤᠷᠣᠨᠳᠣ ᠴᠡᠴᠡᠭ ᠳᠡᠯᠭᠡᠷᠡᠳᠡᠭ᠂ ᠡᠭᠦᠨ ᠢ ᠶᠡᠷᠦ ᠳᠡᠭᠡᠨ ︽ᠦᠰᠦᠲᠦ ᠨᠣᠬᠠᠶ︾ ᠭᠡᠳᠡᠭ᠃    ᠶᠡᠭᠡ ᠬᠢᠩᠭᠠᠨ ᠳᠠᠪᠠᠭ᠎ᠠ ᠶᠢᠨ ᠬᠠᠪᠤᠷ ᠤᠨ ᠮᠡᠳᠡᠭᠡᠯᠡᠯ ᠤᠨ ᠡᠯᠴᠢ ᠪᠣᠯᠤᠭᠰᠠᠨ ᠤ ᠬᠤᠪᠢ ᠳᠤ᠂ ᠤᠯᠠᠭᠠᠨ ᠦᠰᠦᠲᠦ ᠪᠤᠷᠭᠠᠰᠤᠨ ᠤ  ᠳᠡᠯᠭᠡᠷᠡᠬᠦ ᠨᠢ ᠮᠥᠰᠥ ᠴᠠᠰᠤ ᠬᠠᠶᠢᠯᠵᠤ᠂ ᠲᠦᠮᠡᠨ ᠪᠣᠳᠠᠰ ᠠᠮᠢᠯᠠᠨ ᠰᠡᠷᠭᠦᠵᠦ᠂ ᠡᠬᠡ ᠭᠠᠵᠠᠷ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠬᠤ ᠶᠢ ᠢᠯᠡᠳᠭᠡᠵᠦ᠂ ᠤᠷᠳᠤ ᠤᠳᠠᠭᠠᠨ ᠡᠪᠦᠯ ᠤᠨ ᠤᠯᠠᠷᠢᠯ ᠢ ᠥᠩᠭᠡᠷᠡᠭᠡᠵᠦ᠂ ᠬᠠᠪᠤᠷ ᠤᠨ ᠤᠯᠠᠷᠢᠯ ᠠᠭᠠᠵᠢᠮ ᠢᠶᠠᠷ ᠢᠷᠡᠨ᠎ᠡ᠃
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ