8 ᠰᠠᠷ᠎ᠠ ᠶᠢᠨ 22 ᠤᠨ ᠡᠳᠦᠷ᠂ ᠭᠡᠭᠡᠨ ᠭᠤᠣᠯ ᠬᠤᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ | ᠲᠤᠪᠴᠢᠶ᠎ᠠ ᠪᠦᠬᠦ ᠬᠤᠳᠠ ᠶᠢᠨ 10 ᠭᠠᠷᠤᠢ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠰᠠᠶᠢᠵᠢᠷᠠᠭᠤᠯᠬᠤ ᠭᠦᠢᠴᠡᠳᠬᠡᠯ ᠲᠤᠭ᠎ᠠ ᠶᠢ ᠲᠠᠭᠯᠠᠨ ᠮᠡᠳᠡᠭᠦᠯᠦᠭᠰᠡᠨ | ᠲᠦᠷᠦᠭᠦᠯᠡᠬᠦ ᠨᠢᠭᠡᠴᠢ ᠶᠢ ᠵᠣᠬᠢᠶᠠᠨ ᠪᠠᠶᠢᠭᠤᠯᠵᠤ ᠬᠥᠯᠥᠨ ᠪᠤᠶᠢᠷ ᠬᠤᠳᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠰᠠᠶᠢᠵᠢᠷᠠᠭᠤᠯᠬᠤ ᠮᠠᠳᠠᠭ ᠲᠠᠢ | ᠠᠰᠠᠭᠤᠳᠠᠯ ᠢ ᠬᠠᠷᠢᠭᠤᠯᠬᠤ ᠸᠢᠳᠢᠣ᠋ ᠶᠢᠨ ᠶᠠᠷᠢᠯᠴᠠᠬᠤ ᠬᠤᠷᠠᠯ ᠳᠤ ᠣᠷᠣᠯᠴᠠᠪᠠ᠃ | ᠪᠣᠯᠪᠠᠰᠤᠷᠠᠭᠤᠯᠤᠯ ᠤᠨ ᠬᠤᠷᠠᠯ ᠳᠤ᠂ ᠲᠤᠰᠬᠠᠶ ᠮᠡᠷᠭᠡᠵᠢᠯᠲᠡᠨ ᠠᠴᠠ ᠡᠯ᠎ᠡ ᠬᠤᠰᠢᠭᠤ ᠬᠤᠲᠠ ᠶᠢᠨ ᠲᠣᠭᠤᠷᠢᠭ ᠤᠨ ᠬᠤᠳᠠᠯᠳᠤᠭ᠎ᠠ ᠡᠷᠭᠢᠯᠡᠬᠦ ᠣᠷᠴᠢᠨ | ᠨᠦᠭᠦᠴᠡᠯ ᠤᠨ ᠭᠦᠢᠴᠡᠳᠭᠡᠯ ᠲᠤᠭ᠎ᠠ ᠶᠢ ᠲᠠᠭᠯᠠᠵᠤ ᠮᠡᠳᠡᠭᠦᠯᠦᠭᠰᠡᠨ ᠲᠦᠷᠦᠭᠦᠯᠡᠬᠦ ᠨᠢᠭᠡᠴᠢ ᠶᠢᠨ ᠳᠤᠷᠠᠳᠤᠭᠰᠠᠨ ᠠᠰᠠᠭᠤᠳᠠᠯ ᠳᠤ ᠨᠠᠷᠢᠨ ᠲᠣᠳᠣᠷᠬᠠᠶ ᠬᠠᠷᠢᠭᠤᠯᠲᠠ᠂ | ᠰᠢᠰᠲ᠋ᠧᠮ ᠲᠠᠢ ᠪᠣᠯᠪᠠᠰᠤᠷᠠᠭᠤᠯᠤᠯ ᠬᠢᠵᠦ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠬᠡᠷᠬᠢᠨ ᠰᠠᠶᠢᠲᠤᠷ ᠬᠢᠬᠦ ᠲᠤᠬᠠᠶ | ᠰᠠᠨᠠᠭᠤᠯᠭ᠎ᠠ ᠳᠤᠷᠠᠳᠪᠠ᠃ | ᠪᠣᠯᠪᠠᠰᠤᠷᠠᠭᠤᠯᠤᠯ ᠤᠨ ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠨ ᠡᠯ᠎ᠡ ᠰᠠᠯᠠᠭ᠎ᠠ ᠮᠥᠴᠢᠷ ᠤᠨ ᠬᠢᠨ ᠭᠡᠭᠡᠨ ᠭᠤᠤᠯ ᠬᠤᠲᠠ ᠶᠢᠨ 2024 ᠣᠨ ᠤ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠭᠦᠢᠴᠡᠳᠭᠡᠯ ᠲᠤᠭ᠎ᠠ ᠳᠤ ᠵᠠᠳᠠᠯᠤᠯᠲᠠ ᠬᠢᠬᠦ ᠶᠢᠨ ᠬᠠᠮᠲᠤ᠂ ᠣᠳᠣᠬᠠᠨ ᠤ ᠠᠵᠢᠯ ᠤᠨ ᠠᠬᠢᠴᠠ ᠶᠢᠨ | ᠪᠠᠶᠢᠳᠠᠯ ᠲᠠᠢ ᠪᠠᠨ ᠤᠶᠠᠯᠳᠤᠭᠤᠯᠤᠨ ᠰᠠᠨᠠᠭᠤᠯᠭ᠎ᠠ ᠳᠤᠷᠠᠳᠤᠭᠰᠠᠨ ᠪᠥᠭᠡᠳ ᠡᠯ᠎ᠡ ᠭᠦᠢᠴᠡᠳᠭᠡᠯ ᠲᠤᠭ᠎ᠠ ᠶᠢᠨ ᠲᠦᠷᠦᠭᠦᠯᠡᠬᠦ ᠨᠢᠭᠡᠴᠢ ᠶᠢᠨ ᠳᠤᠷᠠᠳᠤᠭᠰᠠᠨ | ᠰᠡᠵᠢᠭ ᠲᠠᠢ ᠵᠦᠢᠯ᠂ ᠬᠦᠴᠢᠷ ᠠᠰᠠᠭᠤᠳᠠᠯ ᠤᠨ ᠲᠤᠬᠠᠶ ᠶᠠᠷᠢᠯᠴᠠᠪᠠ᠃ ᠡᠯ᠎ᠡ ᠭᠦᠢᠴᠡᠳᠬᠡᠯ ᠲᠤᠭ᠎ᠠ ᠶᠢᠨ ᠲᠦᠷᠦᠭᠦᠯᠡᠬᠦ ᠰᠠᠯᠠᠭ᠎ᠠ ᠮᠥᠴᠢᠷ ᠤᠨ ᠬᠢᠨ ᠪᠣᠭᠤᠮᠲᠠ | ᠰᠢᠪᠲᠤᠯᠬᠤ ᠬᠠᠨᠳᠤᠰᠢ ᠶᠢ ᠪᠠᠲᠤᠯᠠᠵᠤ᠂ ᠪᠣᠭᠤᠮᠲᠠ ᠰᠢᠪᠲᠤᠯᠬᠤ ᠬᠠᠮᠲᠤᠷᠠᠯ ᠬᠦᠴᠦᠨ ᠢ ᠨᠢᠭᠲᠠᠷᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠤᠨ ᠤᠯᠠᠨ ᠲᠦᠮᠡᠨ ᠤ ᠠᠵᠢᠯ ᠶᠠᠪᠤᠳᠠᠯ ᠬᠢᠵᠦ ᠦᠢᠯᠡᠰ ᠪᠤᠰᠬᠠᠬᠤ ᠶᠢᠨ ︽ | ᠲᠦᠭᠵᠢᠮᠡᠯ ᠴᠡᠭ︾᠂ ︽ᠡᠪᠡᠷᠰᠢᠶᠡᠯᠳᠦ ᠴᠡᠭ︾ ᠲᠤ ᠠᠩᠬᠠᠷᠤᠯ ᠢᠶᠠᠨ ᠲᠥᠪᠯᠡᠷᠡᠭᠦᠯᠵᠦ᠂ ᠬᠠᠨᠳᠤᠯᠭᠠᠲᠤ ᠴᠢᠨᠠᠷ ᠲᠠᠢ ᠪᠠᠷ ᠡᠯ᠎ᠡ ᠵᠦᠢᠯ ᠤᠨ ᠠᠵᠢᠯ ᠢᠶᠠᠨ | ᠥᠷᠨᠢᠭᠦᠯᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠭᠤᠣᠯᠳᠠᠯᠭ᠎ᠠ ᠪᠠᠨ ᠲᠤᠪᠤᠶᠢᠯᠭᠠᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠠᠶᠢᠵᠢᠷᠠᠭᠤᠯᠬᠤ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠬᠠᠮᠤᠭ ᠤᠨ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ | ᠦᠷᠭᠦᠯᠵᠢᠯᠡᠨ ᠪᠤᠢ ᠪᠣᠯᠭᠠᠵᠤ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠪᠠᠲᠤᠯᠠᠭ᠎ᠠ ᠬᠠᠩᠭᠠᠨ᠎ᠠ᠃ |