2024 ᠣᠨ ᠤ 9 ᠰᠠᠷ᠎ᠠ ᠶᠢᠨ 11 ᠤ ᠡᠳᠦᠷ᠂ ᠬᠥᠯᠥᠨ ᠪᠤᠶᠢᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠴᠠᠭᠠᠨ | ᠰᠤᠳᠤᠯᠬᠤ ᠳᠤᠭᠤᠶᠢᠯᠠᠩ ᠭᠡᠭᠡᠨ ᠭᠤᠤᠯ ᠬᠤᠲᠠ ᠳᠤ ᠬᠦᠷᠴᠦ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠲᠠᠶᠢᠴᠤᠳ ᠤᠨ ᠡᠷᠬᠡ ᠠᠰᠢᠭ ᠢ | ᠪᠠᠲᠤᠯᠠᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠲᠦᠷᠢᠮ︾ ︵︽ᠨᠢᠭᠡ | ᠬᠠᠤᠯᠢ ᠨᠢᠭᠡ ᠲᠦᠷᠢᠮ︾ ᠭᠡᠵᠦ ᠲᠣᠪᠴᠢᠯᠠᠨ᠎ᠠ︶ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠶᠢᠴᠠᠭᠠᠨ ᠰᠤᠳᠤᠯᠤᠯᠲᠠ ᠶᠢᠨ ᠠᠵᠢᠯ ᠥᠷᠨᠢᠭᠦᠯᠵᠦ᠂ ᠭᠡᠭᠡᠨ | ᠭᠤᠤᠯ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠱᠣᠤ ᠮᠢᠨ ᠵᠢᠴᠢ ᠬᠠᠮᠢᠶ᠎ᠠ ᠪᠥᠬᠦᠶ | ᠰᠠᠯᠠᠭ᠎ᠠ ᠮᠥᠴᠢᠷ ᠤᠨ ᠤᠳᠤᠷᠢᠳᠤᠯᠭ᠎ᠠ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠭᠡᠭᠡᠨ ᠭᠤᠣᠯ ᠬᠤᠳᠠ ᠶᠢᠨ ᠨᠡᠶᠢᠭᠡᠮ ᠤᠨ ᠠᠪᠤᠷᠠᠨ ᠲᠤᠰᠠᠯᠠᠬᠤ ᠶᠡᠷᠦᠩᠬᠡᠶᠢᠯᠡᠭᠰᠡᠨ | ᠦᠢᠯᠡᠴᠢᠯᠡᠭᠡ ᠶᠢᠨ ᠲᠥᠪ ᠵᠢᠴᠢ ᠾᠧ ᠰᠢ ᠵᠡᠭᠡᠯᠢ ᠭᠤᠳᠤᠮᠵᠢ ᠶᠢᠨ ᠨᠠᠰᠤᠵᠢᠯ ᠤᠨ ᠦᠢᠯᠡᠴᠢᠯᠡᠭᠡ ᠶᠢᠨ ᠲᠥᠪ ᠳᠤ ᠬᠦᠷᠴᠦ᠂ ᠨᠠᠰᠤᠲᠠᠶᠢᠴᠤᠳ ᠤᠨ ᠡᠷᠬᠡ ᠠᠰᠢᠭ ᠢ | ᠪᠠᠲᠤᠯᠠᠬᠤ ︽ᠨᠢᠭᠡ ᠬᠠᠤᠯᠢ ᠨᠢᠭᠡ ᠲᠦᠷᠢᠮ︾ ᠢ ᠭᠡᠭᠡᠨ ᠭᠤᠣᠯ ᠬᠤᠳᠠ ᠳᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠣᠶᠢᠯᠠᠭᠠᠪᠠ᠃ ᠪᠠᠶᠢᠴᠠᠭᠠᠨ ᠰᠤᠳᠤᠯᠬᠤ | ᠳᠤᠭᠤᠶᠢᠯᠠᠩ ᠤᠨ ᠬᠢᠨ ᠨᠡᠶᠢᠭᠡᠮ ᠤᠨ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠦᠢᠯᠡᠴᠢᠯᠡᠭᠡ ᠶᠢᠨ ᠲᠥᠪ ᠳᠤ ᠭᠦᠨᠵᠡᠭᠡᠶᠢᠷᠡᠨ ᠡᠳᠦᠷ ᠲᠤᠲᠤᠮ ᠤᠨ ᠬᠠᠷᠠᠭᠠᠯᠵᠠᠯ᠂ | ᠰᠤᠪᠢᠯᠠᠯᠲᠠ ᠶᠢᠨ ᠦᠢᠯᠡᠴᠢᠯᠡᠭᠡ᠂ ᠰᠢᠮ᠎ᠡ ᠲᠡᠵᠢᠭᠡᠯ ᠲᠠᠢ ᠢᠳᠡᠭᠡᠨ ᠤᠮᠳᠠᠭᠠᠨ ᠬᠠᠩᠭᠠᠬᠤ᠂ ᠨᠠᠰᠤᠲᠠᠶᠢᠴᠤᠳ ᠤᠨ ᠠᠮᠢᠳᠤᠷᠠᠯ ᠤᠨ ᠪᠠᠶᠢᠳᠠᠯ ᠵᠡᠷᠭᠡ ᠶᠢ | ᠪᠠᠭᠲᠠᠭᠠᠭᠰᠠᠨ ᠡᠯ᠎ᠡ ᠵᠦᠢᠯ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ︔ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢᠨ ᠲᠥᠪ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠨᠠᠰᠤᠲᠠᠶᠢᠴᠤᠳ ᠤᠨ ᠬᠤᠭᠤᠯᠠ ᠤᠮᠳᠠ ᠶᠢᠨ | ᠦᠢᠯᠡᠴᠢᠯᠡᠭᠡ᠂ ᠰᠣᠶᠣᠯ ᠴᠡᠩᠭᠡᠯ ᠤᠨ ᠠᠵᠢᠯᠯᠠᠭ᠎ᠠ ᠵᠡᠷᠭᠡ ᠶᠢ ᠥᠷᠨᠢᠭᠦᠯᠵᠦ ᠪᠠᠶᠢᠭ᠎ᠠ ᠪᠠᠶᠢᠳᠠᠯ ᠢ ᠬᠠᠯᠠᠮᠵᠢᠯᠠᠨ ᠠᠰᠠᠭᠤᠪᠠ᠃ ᠲᠤᠬᠠᠶ ᠶᠢᠨ ᠭᠠᠵᠠᠷ ᠲᠤᠨᠢ ᠰᠢᠨᠵᠢᠯᠡᠨ | ᠪᠠᠶᠢᠴᠠᠭᠠᠭᠰᠠᠨ ᠤ ᠲᠠᠷᠠᠭ᠎ᠠ᠂ ᠶᠠᠷᠢᠯᠴᠠᠬᠤ ᠬᠤᠷᠠᠯ ᠬᠤᠷᠠᠯᠳᠤᠭᠤᠯᠪᠠ᠃ ᠭᠡᠭᠡᠨ ᠭᠤᠣᠯ ᠬᠤᠳᠠ ᠶᠢᠨ ᠳᠡᠳ᠋ ᠳᠠᠷᠤᠭ᠎ᠠ ᠲᠠᠩ ᠶᠢᠩ ᠨᠠᠰᠤᠲᠠᠶᠢᠴᠤᠳ ᠤᠨ ᠡᠷᠬᠡ | ᠠᠰᠢᠭ ᠢ ᠪᠠᠲᠤᠯᠠᠬᠤ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠦ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠨᠠᠷᠢᠨ ᠬᠢᠨᠠᠮᠠᠭᠠᠢ | ᠰᠣᠨᠣᠰᠤᠭᠰᠠᠨ ᠪᠥᠭᠡᠳ ᠬᠠᠨᠳᠤᠯᠭᠠᠲᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠠᠢ᠃ | ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠠᠵᠢᠯ ᠨᠢ ᠬᠡᠭᠡᠨ ᠭᠤᠤᠯ ᠬᠤᠲᠠ ᠶᠢᠨ ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠠᠵᠢᠯ ᠤᠨ | ᠲᠡᠭᠦᠯᠳᠡᠷᠵᠢᠯᠲᠡ ᠪᠠ ᠬᠥᠭᠵᠢᠯᠲᠡ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠳᠤ ᠲᠤᠰᠬᠠᠶ ᠮᠡᠷᠭᠡᠵᠢᠯ ᠤᠨ ᠴᠢᠨᠠᠷᠲᠠᠶ᠂ ᠪᠠᠷᠠᠭᠠᠯᠬᠢᠯᠠᠯ ᠤᠨ ᠴᠢᠨᠠᠷᠲᠠᠶ ᠰᠠᠨᠠᠯ | ᠪᠠ ᠰᠠᠨᠠᠭᠤᠯᠭ᠎ᠠ ᠳᠤᠷᠠᠳᠴᠤ᠂ ᠬᠡᠭᠡᠨ ᠭᠤᠤᠯ ᠬᠤᠲᠠ ᠶᠢᠨ ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ︽ᠨᠢᠭᠡ ᠬᠠᠤᠯᠢ ᠨᠢᠭᠡ ᠲᠦᠷᠢᠮ︾ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠮᠠᠨ ᠤ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠰ ᠤᠨ ᠴᠢᠨᠠᠷ | ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠵᠦ᠂ ᠨᠠᠰᠤᠲᠠᠶᠢᠴᠤᠳ ᠲᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠵᠦ᠂ | ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠠᠭᠦᠯᠦᠨᠡ᠃ |