ᠭᠡᠭᠡᠨ ᠭᠤᠣᠯ ᠬᠤᠲᠠ ᠶᠢᠨ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠶᠢ ᠬᠢᠨᠠᠨ ᠰᠢᠯᠭᠠᠷᠠᠭᠤᠯᠬᠤ ᠠᠵᠢᠯ ᠢ ᠠᠩᠬ᠎ᠠ ᠠᠯᠬᠤᠮ ᠪᠡᠶᠡᠯᠡᠭᠦᠯᠪᠡ
ᠨᠡᠶᠢᠲᠡᠯᠡᠭᠰᠡᠨ ᠴᠠᠭ᠄
2024/9/24
    ᠭᠡᠭᠡᠨ ᠭᠤᠤᠯ ᠬᠤᠲᠠ ᠶᠢᠨ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠶᠢ ᠬᠢᠨᠠᠨ ᠰᠢᠯᠭᠠᠷᠠᠭᠤᠯᠬᠤ ᠠᠵᠢᠯ ᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠱᠠᠭᠠᠷᠳᠠᠯᠭ᠎ᠠ ᠪᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠴᠢᠩᠭ᠎ᠠ ᠵᠢᠷᠤᠮᠯᠠᠨ ᠶᠠᠪᠤᠭᠳᠠᠭᠤᠯᠵᠤ᠂ ᠲᠤᠰᠬᠠᠶ ᠮᠡᠷᠭᠡᠵᠢᠯ ᠤᠨ ᠠᠵᠢᠯᠲᠠᠨ ᠢ ᠵᠣᠷᠢᠭᠵᠢᠭᠤᠯᠤᠨ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠵᠦ᠂ ᠦᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠨᠠᠩ ᠶᠡᠭᠡ ᠦᠢᠯᠡᠳᠦᠯ ᠪᠠᠳᠠᠷᠠᠭᠤᠯᠬᠤ ᠶᠢᠨ ᠲᠥᠯᠥᠭᠡ ᠶᠤᠮ᠃ ᠰᠢᠨᠵᠢᠯᠡᠬᠦ ᠤᠬᠠᠭᠠᠨᠴᠢ᠂ ᠲᠥᠪ ᠭᠤᠤᠯᠴᠢ᠂ ᠵᠢᠷᠤᠮᠵᠢᠯ ᠲᠠᠢ ᠬᠢᠨᠠᠨ ᠲᠣᠭᠲᠠᠭᠠᠬᠤ ᠶᠠᠪᠤᠴᠠ ᠪᠠᠷ ᠳᠡᠮᠵᠢᠨ᠂ ᠨᠢᠭᠡ ᠪᠦᠯᠦᠭ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠰᠢᠯᠢᠳᠡᠭ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠲᠠᠢ ᠠᠵᠢᠯᠲᠠᠨ ᠢ ᠦᠨᠡᠯᠡᠨ ᠭᠠᠷᠭᠠᠵᠤ᠂ ᠭᠡᠭᠡᠨ ᠭᠤᠤᠯ ᠬᠤᠲᠠ ᠶᠢᠨ ᠬᠥᠭᠵᠢᠯᠲᠡ ᠳᠤ ᠴᠢᠳᠠᠪᠤᠷᠢᠲᠠᠨ ᠤ ᠬᠦᠴᠦᠲᠡᠶ ᠳᠡᠮᠵᠢᠯᠭᠡ ᠬᠠᠩᠭᠠᠨ᠎ᠠ᠃    ᠬᠢᠨᠠᠨ ᠰᠢᠯᠭᠠᠷᠠᠭᠤᠯᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠭᠡᠭᠡᠨ ᠭᠤᠤᠯ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠭᠡᠭᠡᠨ ᠭᠤᠤᠯ ᠬᠤᠲᠠ ᠶᠢᠨ ᠰᠣᠨᠢᠨ ᠮᠡᠳᠡᠭᠡᠨ ᠤ ᠲᠤᠰᠬᠠᠶ ᠮᠡᠷᠭᠡᠵᠢᠯ ᠤᠨ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠰᠢᠯᠭᠠᠷᠠᠭᠤᠯᠬᠤ ᠺᠣᠮᠢᠰ ᠢ ᠵᠣᠬᠢᠶᠠᠨ ᠪᠠᠶᠢᠭᠤᠯᠤᠭᠰᠠᠨ ᠪᠥᠭᠡᠳ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠰᠢᠯᠭᠠᠷᠠᠭᠤᠯᠬᠤ ᠠᠵᠢᠯ ᠤᠨ ᠲᠥᠰᠦᠯ ᠪᠠ ᠨᠠᠷᠢᠨ ᠲᠦᠷᠢᠮ ᠤᠨ ᠬᠡᠮᠵᠢᠶᠡᠵᠢᠭᠦᠯᠬᠦ ᠬᠦᠰᠦᠨᠦᠭᠲᠦ ᠶᠢ ᠨᠠᠷᠢᠨ ᠲᠣᠳᠣᠷᠬᠠᠶ ᠲᠣᠭᠲᠠᠭᠠᠵᠠᠶ᠃ ᠡᠭᠦᠨ ᠤ ᠬᠠᠮᠲᠤ᠂ ᠰᠢᠯᠭᠠᠷᠠᠭᠤᠯᠬᠤ ᠺᠣᠮᠢᠰ ᠤᠨ ᠭᠡᠰᠢᠭᠦᠨ ᠪᠠ ᠠᠵᠢᠯᠲᠠᠨ ᠤ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠢᠨᠠᠨ ᠲᠣᠭᠲᠠᠭᠠᠬᠤ ᠪᠠᠷᠢᠮᠵᠢᠶ᠎ᠠ ᠪᠠ ᠬᠢᠨᠠᠨ ᠲᠣᠭᠲᠠᠭᠠᠬᠤ ᠠᠷᠭ᠎ᠠ ᠶᠢ ᠨᠠᠷᠢᠨ ᠨᠢᠮᠪᠠᠶ ᠲᠠᠶᠢᠯᠪᠤᠷᠢᠯᠠᠨ᠂ ᠬᠢᠨᠠᠨ ᠲᠣᠭᠲᠠᠭᠠᠬᠤ ᠠᠵᠢᠯ ᠤᠨ ᠣᠨᠣᠪᠴᠢᠲᠤ ᠴᠢᠨᠠᠷ ᠪᠠ ᠨᠢᠭᠡᠳᠦᠯᠲᠦ ᠴᠢᠨᠠᠷ ᠢ ᠴᠢᠩᠭᠠᠳᠬᠠᠪᠠ᠃ ᠬᠢᠨᠠᠨ ᠲᠣᠭᠲᠠᠭᠠᠬᠤ ᠺᠣᠮᠢᠰ ᠬᠢᠨᠠᠨ ᠲᠣᠭᠲᠠᠭᠠᠬᠤ ᠪᠠᠷᠢᠮᠵᠢᠶ᠎ᠠ ᠶᠣᠰᠣᠭᠠᠷ ᠮᠠᠲ᠋ᠧᠷᠢᠶᠠᠯ ᠢ ᠨᠠᠷᠢᠨ ᠨᠢᠮᠪᠠᠶ ᠬᠢᠨᠠᠨ ᠬᠠᠷᠭᠤᠭᠤᠯᠵᠤ᠂ ᠬᠢᠨᠠᠨ ᠲᠣᠭᠲᠠᠭᠠᠬᠤ ᠶᠠᠪᠤᠴᠠ ᠶᠢᠨ ᠮᠥᠷᠳᠡᠵᠦ ᠪᠣᠯᠬᠤᠶᠢᠴᠠ ᠴᠢᠨᠠᠷ ᠪᠠ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ ᠢ ᠦᠨᠡᠨᠬᠦ ᠪᠠᠲᠤᠯᠠᠵᠤ᠂ ᠬᠢᠨᠠᠨ ᠲᠣᠭᠲᠠᠭᠠᠭᠰᠠᠨ ᠦᠷ᠎ᠡ ᠳ᠋ᠦᠩ ᠢ ᠣᠳᠣ ᠶᠠᠭ ᠢᠯᠡ ᠨᠡᠶᠢᠲᠡᠯᠡᠵᠦ ᠪᠠᠶᠢᠭ᠎ᠠ ᠪᠣᠯᠬᠤᠷ ᠨᠡᠶᠢᠭᠡᠮ ᠤᠨ ᠬᠢᠨᠠᠯᠲᠠ ᠪᠠ ᠰᠠᠨᠠᠯ ᠤᠨ ᠬᠠᠷᠢᠭᠤ ᠲᠤᠰᠬᠠᠯ ᠢ ᠦᠷᠭᠦᠯᠵᠢᠯᠡᠨ ᠬᠦᠯᠢᠶᠡᠬᠦ ᠪᠣᠯᠤᠨ᠎ᠠ᠃    ᠰᠢᠨᠵᠢᠯᠡᠬᠦ ᠤᠬᠠᠭᠠᠨᠴᠢ᠂ ᠵᠢᠷᠤᠮᠵᠢᠭᠰᠠᠨ ᠪᠠ ᠲᠥᠪ ᠭᠤᠤᠯᠴᠢ ᠬᠢᠨᠠᠨ ᠲᠣᠭᠲᠠᠭᠠᠬᠤ  ᠰᠢᠰᠲ᠋ᠧᠮ ᠢ ᠪᠠᠶᠢᠭᠤᠯᠬᠤ ᠪᠠᠷ ᠳᠠᠮᠵᠢᠨ᠂ ᠬᠢᠨᠠᠨ ᠲᠣᠭᠲᠠᠭᠠᠭᠰᠠᠨ ᠦᠷ᠎ᠡ ᠳ᠋ᠦᠩ ᠤᠨ ᠲᠥᠪ ᠭᠤᠤᠯᠴᠢ ᠴᠢᠨᠠᠷ ᠪᠠ ᠪᠤᠰᠤᠳᠴᠢ ᠴᠢᠨᠠᠷ ᠢ ᠦᠨᠡᠨᠬᠦ ᠪᠠᠲᠤᠯᠠᠪᠠ᠃ ᠭᠡᠭᠡᠨ ᠭᠤᠣᠯ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠰᠢᠰᠲ᠋ᠧᠮ ᠪᠣᠯᠤᠨ ᠪᠠᠷᠢᠮᠵᠢᠶ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠢᠨᠠᠨ ᠲᠣᠭᠲᠠᠭᠠᠬᠤ ᠦᠢᠯᠡᠳᠦᠯ ᠴᠢᠳᠠᠪᠬᠢ ᠪᠣᠯᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠬᠠᠮᠤᠭ ᠤᠨ ᠡᠴᠦᠰ ᠲᠤ᠂ ᠰᠢᠨᠵᠢᠯᠡᠬᠦ ᠤᠬᠠᠭᠠᠨᠴᠢ ᠂ ᠲᠥᠪ ᠭᠤᠤᠯᠴᠢ ᠬᠢᠨᠠᠨ ᠲᠣᠭᠲᠠᠭᠠᠬᠤ ᠠᠵᠢᠯ ᠢᠶᠠᠷ  ᠳᠠᠮᠵᠢᠨ᠂ ᠲᠤᠰᠬᠠᠶ ᠮᠡᠷᠭᠡᠵᠢᠯ ᠤᠨ ᠠᠵᠢᠯᠲᠠᠨ ᠤ ᠲᠤᠰᠬᠠᠶ ᠮᠡᠷᠭᠡᠵᠢᠯ ᠤᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠶᠢ ᠤᠷᠮᠠᠰᠢᠭᠤᠯᠤᠨ ᠵᠣᠷᠢᠭᠵᠢᠭᠤᠯᠵᠤ᠂ ᠭᠡᠭᠡᠨ ᠭᠤᠤᠯ ᠬᠤᠲᠠ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠦᠷᠭᠦᠯᠵᠢᠯᠡᠨ ᠬᠥᠭᠵᠢᠬᠦ ᠶᠢ ᠳᠥᠯᠭᠢᠨ ᠠᠬᠢᠭᠤᠯᠤᠨ᠎ᠠ᠃
ᠢᠷᠡᠯᠲᠡ᠄ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠤᠷᠳᠤᠨ