ᠭᠡᠭᠡᠨ ᠭᠤᠣᠯ ᠬᠤᠳᠠ ᠶᠢᠨ ᠠᠵᠢᠯᠴᠢᠨ ᠤ ᠶᠡᠷᠦᠩᠬᠡᠢ ᠡᠪᠯᠡᠯ ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠭᠤᠷᠪᠠᠨ ᠲᠠᠯ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/13
   ᠡᠶ᠎ᠡ ᠵᠤᠬᠢᠴᠠᠩᠭᠤᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠠᠵᠢᠯ ᠢ ᠭᠦᠨᠵᠡᠭᠡᠶ ᠠᠬᠢᠭᠤᠯᠵᠤ᠂ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠨ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠬᠦ ᠶᠢᠨ ᠲᠥᠯᠥᠭᠡ᠂ 12 ᠰᠠᠷ᠎ᠠ ᠶᠢᠨ 23 ᠤ ᠡᠳᠦᠷ᠂ ᠭᠡᠭᠡᠨ ᠭᠤᠤᠯ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠲᠦᠷᠦᠭᠦᠯᠡᠨ ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠭᠤᠷᠪᠠᠨ ᠲᠠᠯ᠎ᠠ ᠶᠢᠨ ᠬᠠᠮᠲᠤᠷᠠᠭᠰᠠᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠤᠯᠪᠣᠭᠳᠠᠯ ᠪᠥᠬᠦᠶ ᠬᠥᠮᠦᠰ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠬᠥᠳᠡᠯᠮᠦᠷᠢ ᠶᠢᠨ ᠬᠠᠷᠢᠴᠠᠭᠠᠨ ᠤ ᠭᠤᠷᠪᠠᠨ ᠲᠠᠯ᠎ᠠ ᠶᠢᠨ ᠬᠢᠨ 2024 ᠣᠨ ᠤ ᠭᠡᠭᠡᠨ ᠭᠤᠣᠯ ᠬᠤᠲᠠ ᠶᠢᠨ ᠬᠥᠳᠡᠯᠮᠦᠷᠢ ᠶᠢᠨ ᠬᠠᠷᠢᠴᠠᠭ᠎ᠠ ᠶᠢᠨ ᠪᠠᠶᠢᠳᠠᠯ ᠪᠠ ᠠᠵᠢᠯ ᠥᠷᠨᠢᠭᠦᠯᠦᠭᠰᠡᠨ ᠪᠠᠶᠢᠳᠠᠯ ᠢ ᠭᠦᠨᠵᠡᠭᠡᠶ ᠰᠣᠯᠢᠯᠴᠠᠨ ᠳ᠋ᠦᠩᠨᠡᠵᠦ᠂ 2025 ᠣᠨ ᠤ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢᠨ ᠪᠠᠶᠢᠭᠤᠯᠤᠯᠲᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠤᠭᠰᠠᠨ ᠪᠥᠭᠡᠳ ᠬᠠᠮᠲᠤ ᠪᠠᠷ ᠵᠥᠪᠳᠡᠯᠴᠡᠬᠦ ᠠᠵᠢᠯ ᠪᠠ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠤᠨ ᠲᠤᠬᠠᠶ ᠶᠠᠷᠢᠯᠴᠠᠪᠠ᠃    ᠬᠤᠷᠠᠯ ᠠᠴᠠ᠂ ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠭᠤᠷᠪᠠᠨ ᠲᠠᠯ᠎ᠠ ᠶᠢᠨ ᠬᠢᠨ ᠡᠶ᠎ᠡ ᠵᠣᠬᠢᠴᠠᠩᠭᠤᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠬᠠᠷᠢᠭᠤᠴᠠᠯᠭᠠᠲᠤ ᠰᠡᠳᠬᠢᠯᠭᠡ ᠢᠶᠠᠨ ᠴᠢᠩᠭᠠᠳᠬᠠᠵᠤ᠂ ᠰᠤᠯᠢᠯᠴᠠᠭ᠎ᠠ ᠪᠠᠨ ᠴᠢᠩᠭᠠᠳᠬᠠᠵᠤ᠂ ᠦᠷᠭᠦᠯᠵᠢᠯᠡᠨ ᠬᠠᠮᠲᠤ ᠪᠠᠷ ᠬᠦᠴᠦᠯᠡᠵᠦ᠂ ᠡᠶ᠎ᠡ ᠵᠣᠬᠢᠴᠠᠩᠭᠤᠢ ᠬᠥᠳᠡᠯᠮᠦᠷᠢ ᠶᠢᠨ ᠬᠠᠷᠢᠴᠠᠭ᠎ᠠ ᠶᠢᠨ ᠡᠯ᠎ᠡ ᠵᠦᠢᠯ ᠤᠨ ᠠᠵᠢᠯ ᠢ ᠢᠳᠡᠪᠬᠢᠲᠡᠢ ᠠᠬᠢᠭᠤᠯᠬᠤ ᠬᠡᠷᠡᠭᠲᠡᠢ᠃ ᠨᠢᠭᠡ ᠳᠤ᠂ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠬᠥᠳᠡᠯᠮᠦᠷᠢ ᠶᠢᠨ ᠬᠠᠷᠢᠴᠠᠭᠠᠨ ᠤ ᠭᠤᠷᠪᠠᠨ ᠲᠠᠯ᠎ᠠ ᠶᠢᠨ ᠲᠣᠭᠲᠠᠴᠠ ᠶᠢ ᠵᠣᠬᠢᠴᠠᠭᠤᠯᠬᠤ ᠦᠢᠯᠡᠳᠦᠯ ᠢᠶᠠᠨ ᠤᠯᠠᠮ ᠨᠢᠭᠡ ᠠᠯᠬᠤᠮ ᠪᠠᠳᠠᠷᠠᠭᠤᠯᠵᠤ᠂ ᠬᠥᠳᠡᠯᠮᠦᠷᠢ ᠶᠢᠨ ᠬᠠᠷᠢᠴᠠᠭᠠᠨ ᠤ ᠭᠤᠷᠪᠠᠨ ᠲᠠᠯ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠥᠳᠡᠯᠮᠦᠷᠢ ᠶᠢᠨ ᠮᠠᠷᠭᠤᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠥᠳᠡᠯᠮᠦᠷᠢ ᠶᠢᠨ ᠮᠠᠷᠭᠤᠯᠳᠤᠭᠠᠨ ᠢ ᠡᠬᠢ ᠡᠭᠦᠰᠦᠯ ᠠᠴᠠ ᠨᠢ ᠵᠠᠰᠠᠬᠤ ᠪᠠ ᠲᠣᠬᠢᠲᠠᠶ ᠰᠢᠢᠳᠪᠦᠷᠢᠯᠡᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ︔ ᠬᠤᠶᠠᠷ ᠲᠤ᠂ ᠠᠵᠤ ᠠᠬᠤᠶᠢᠯᠠᠯ ᠳᠤ ᠪᠥᠬᠦ ᠲᠠᠯ᠎ᠠ ᠶᠢᠨ᠂ ᠣᠯᠠᠨ ᠠᠷᠭ᠎ᠠ ᠵᠠᠮ ᠢᠶᠠᠷ ᠨᠠᠷᠢᠯᠢᠭ ᠣᠨᠣᠴᠠᠲᠠᠶ ᠵᠢᠯᠤᠭᠤᠳᠤᠯᠭ᠎ᠠ ᠬᠠᠩᠭᠠᠵᠦ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠠᠵᠤ ᠠᠬᠤᠶᠢᠯᠠᠯ᠂ ᠠᠵᠢᠯ ᠲᠥᠷᠥᠯ ︵ᠣᠷᠣᠨ ᠪᠦᠰᠡ︶ ᠢ ᠵᠢᠯᠣᠭᠤᠳᠤᠨ ᠲᠣᠰ ᠠᠵᠤ ᠠᠬᠤᠶᠢᠯᠠᠯ᠂ ᠠᠵᠢᠯ ᠲᠥᠷᠥᠯ ︵ᠣᠷᠣᠨ ᠪᠦᠰᠡ︶ ᠤᠨ ᠪᠣᠳᠠᠲᠠᠶ ᠪᠠ ᠠᠵᠢᠯᠲᠠᠨ ᠠᠵᠢᠯᠴᠢᠨ ᠤ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠬᠠᠮᠲᠤ ᠪᠠᠷ ᠵᠥᠪᠳᠡᠯᠴᠡᠬᠦ ᠬᠡᠯᠪᠡᠷᠢ ᠶᠢ ᠬᠠᠶᠢᠨ ᠰᠦᠪᠡᠭᠴᠢᠯᠡᠵᠦ᠂ ᠵᠥᠪᠳᠡᠯᠴᠡᠬᠦ ᠠᠵᠢᠯ ᠤᠨ ᠬᠡᠷᠡᠭᠵᠢᠭᠦᠯᠵᠦ ᠪᠣᠯᠬᠤᠶᠢᠴᠠ ᠴᠢᠨᠠᠷ᠂ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠳᠦᠮᠵᠢᠳᠦ ᠴᠢᠨᠠᠷ ᠢ ᠴᠢᠩᠭᠠᠳᠬᠠᠬᠤ ᠬᠡᠷᠡᠭᠲᠡᠶ︔ ᠭᠤᠷᠪᠠ ᠳᠤ᠂ ᠭᠤᠣᠯᠳᠠᠯᠭ᠎ᠠ ᠶᠢ ᠳᠤᠪᠤᠶᠢᠯᠭᠠᠵᠤ᠂ ᠬᠥᠳᠡᠯᠮᠦᠷᠢ ᠶᠢᠨ ᠮᠠᠷᠭᠤᠯᠳᠤᠭᠠᠨ ᠢ ᠰᠢᠢᠳᠪᠦᠷᠢᠯᠡᠬᠦ ᠵᠠᠭᠪᠤᠷ ᠢ ᠢᠳᠡᠪᠬᠢᠲᠡᠢ ᠬᠠᠶᠢᠨ ᠰᠦᠪᠡᠭᠴᠢᠯᠡᠵᠦ᠂ ᠠᠵᠢᠯᠴᠢᠨ ᠤ ᠡᠪᠯᠡᠯ ᠤᠨ ᠬᠥᠳᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ︽ᠨᠢᠭᠡ ᠵᠠᠬᠢᠳᠠᠯ ᠬᠤᠶᠠᠷ ᠪᠢᠴᠢᠭ︾ ᠤᠨ ᠲᠣᠭᠲᠠᠴᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠮᠠᠨ ᠤ ᠬᠤᠲᠠ ᠶᠢᠨ ᠬᠥᠳᠡᠯᠮᠦᠷᠢ ᠶᠢᠨ ᠬᠠᠷᠢᠴᠠᠭ᠎ᠠ ᠶᠢᠨ ᠡᠶ᠎ᠡ  ᠵᠤᠬᠢᠴᠠᠩᠭᠤᠢ ᠲᠣᠭᠲᠠᠭᠤᠨ ᠪᠠ ᠠᠵᠤ ᠠᠬᠤᠢ ᠨᠡᠶᠢᠭᠡᠮ ᠤᠨ ᠲᠣᠭᠲᠠᠭᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃
ᠢᠷᠡᠯᠲᠡ᠄ ᠭᠡᠭᠡᠨ ᠭᠤᠤᠯ ᠬᠤᠲᠡ ᠶᠢᠨ ᠠᠷᠠᠳ ᠤᠨ ᠵᠠᠰᠠᠭ ᠤᠨ ᠤᠷᠳᠤᠨ