ᠤᠯᠭᠤᠶᠠ ᠡᠸᠡᠩᠬᠢ ᠦᠨᠳᠦᠰᠦᠲᠡᠨ ᠤ ᠰᠢᠶᠠᠩ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/14
   2024 ᠣᠨ ᠤ 12 ᠰᠠᠷ᠎ᠠ ᠶᠢᠨ 4 ᠤ ᠡᠳᠦᠷ ᠪᠣᠯ ᠠᠷᠪᠠᠨ ᠨᠢᠭᠡᠳᠦᠭᠡᠷ ᠤᠯᠤᠰ ᠤᠨ ᠦᠨᠳᠦᠰᠦᠨ ᠬᠠᠤᠯᠢ ᠶᠢᠨ ᠡᠳᠦᠷ ᠮᠥᠨ᠂ 12 ᠰᠠᠷ᠎ᠠ ᠶᠢᠨ 1 ᠤ ᠡᠳᠦᠷ ᠠᠴᠠ 7 ᠤ ᠡᠳᠦᠷ ᠪᠣᠯ ᠳᠣᠯᠣᠳᠤᠭᠠᠷ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠮᠥᠨ᠂ ᠡᠨᠡ ᠵᠢᠯ ᠤᠨ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠭᠤᠤᠯ ᠰᠡᠳᠦᠪ ᠨᠢ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ︾ ᠪᠣᠯᠤᠨ᠎ᠠ᠃ ᠣᠯᠠᠨ ᠨᠡᠶᠢᠲᠡ ᠶᠢᠨ ᠦᠨᠳᠦᠰᠦᠨ ᠬᠠᠤᠯᠢ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠶᠢ ᠵᠢᠷᠤᠮᠯᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ 12 ᠰᠠᠷ᠎ᠠ ᠶᠢᠨ 4 ᠤ ᠡᠳᠦᠷ᠂ ᠤᠯᠭᠤᠶᠠ ᠶᠢᠨ ᠡᠸᠡᠩᠬᠢ ᠦᠨᠳᠦᠰᠦᠲᠡᠨ ᠤ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠤᠯᠭᠤᠶᠠ ᠶᠢᠨ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠪᠡ᠃    ᠲᠣᠰ ᠤᠳᠠᠭᠠᠨ ᠤ ᠠᠵᠢᠯᠯᠠᠭ᠎ᠠ ᠶᠢᠨ ᠠᠭᠤᠯᠭ᠎ᠠ ᠶᠢᠨ ᠬᠡᠯᠪᠡᠷᠢ ᠨᠢ ᠣᠯᠠᠨ ᠶᠠᠩᠵᠤ ᠶᠢᠨ ᠪᠠᠶᠢᠵᠤ᠂ ᠡᠯᠪᠡᠭ ᠪᠠᠶᠠᠯᠢᠭ ᠠᠭᠤᠯᠭ᠎ᠠ ᠲᠠᠢ ᠪᠠᠶᠢᠳᠠᠭ᠃ ᠠᠵᠢᠯᠯᠠᠭ᠎ᠠ ᠶᠢᠨ ᠳᠤᠮᠳᠠ᠂ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ︽ᠦᠨᠳᠦᠰᠦᠨ ᠬᠠᠤᠯᠢ ᠶᠢ ᠳᠡᠭᠡᠳᠦᠯᠡᠬᠦ ᠲᠤᠭ᠂ ᠬᠠᠤᠯᠢ ᠪᠠᠷ ᠵᠠᠰᠠᠬᠤ ᠵᠠᠮ ᠢ ᠴᠣᠭᠴᠠᠯᠠᠬᠤ︾ ᠪᠠᠷ ᠭᠤᠣᠯ ᠰᠡᠳᠦᠪ ᠪᠣᠯᠭᠠᠵᠤ᠂ ᠦᠨᠳᠦᠰᠦᠨ ᠬᠠᠤᠯᠢ ᠶᠢᠨ ᠡᠳᠦᠷ ᠤᠨ ᠢᠷᠡᠯᠲᠡ᠂ ᠠᠭᠤᠯᠭ᠎ᠠ᠂ ᠪᠠᠶᠢᠷᠢ ᠰᠠᠭᠤᠷᠢ ᠵᠡᠷᠭᠡ ᠲᠠᠯ᠎ᠠ ᠠᠴᠠ ᠨᠠᠷᠢᠨ ᠨᠢᠭᠲᠠ ᠲᠠᠶᠢᠯᠤᠮᠵᠢ ᠬᠢᠵᠦ᠂ ᠤᠯᠠᠨ ᠢ ᠬᠥᠲᠥᠯᠥᠨ ᠵᠢᠯᠣᠭᠤᠳᠴᠤ ᠪᠠᠶᠢᠭᠠᠳ ᠦᠨᠳᠦᠰᠦᠨ ᠬᠠᠤᠯᠢ ᠶᠢ ᠤᠬᠠᠮᠰᠠᠷ ᠠᠴᠠ ᠪᠠᠨ ᠰᠤᠷᠤᠯᠴᠠᠵᠤ᠂ ᠵᠢᠷᠤᠮᠯᠠᠨ ᠰᠠᠬᠢᠵᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠡᠳᠦᠷ ᠲᠤᠲᠤᠮ ᠤᠨ ᠠᠮᠢᠳᠤᠷᠠᠯ ᠪᠠ ᠠᠵᠢᠯ ᠳᠠᠭᠠᠨ ᠠᠭᠤᠰᠬᠠᠵᠤ᠂ ᠰᠡᠳᠭᠢᠯ ᠳᠣᠲᠣᠷ᠎ᠠ ᠪᠠᠨ ᠬᠠᠤᠯᠢ ᠲᠠᠢ᠂ ᠦᠢᠯᠡ ᠠᠵᠢᠯᠯᠠᠭ᠎ᠠ ᠪᠠᠷ ᠬᠠᠤᠯᠢ ᠶᠢ ᠵᠢᠷᠤᠮᠯᠠᠬᠤ ᠶᠢ ᠪᠡᠶᠡᠯᠡᠭᠦᠯᠪᠡ︔ ᠲᠤᠬᠠᠶ ᠶᠢᠨ ᠲᠠᠯᠠᠪᠤᠷ ᠲᠤ ᠱᠠᠩᠨᠠᠯ ᠲᠠᠢ ᠠᠰᠠᠭᠤᠯᠲᠠ ᠬᠠᠷᠢᠭᠤᠯᠲᠠ ᠶᠢᠨ ᠬᠠᠷᠢᠯᠴᠠᠨ ᠬᠥᠳᠡᠯᠦᠯᠴᠡᠬᠦ ᠭᠤᠭᠴᠤᠭ᠎ᠠ ᠶᠢ ᠲᠣᠬᠢᠷᠠᠭᠤᠯᠵᠤ᠂ ᠣᠯᠠᠨ ᠲᠦᠮᠡᠨ ᠢᠳᠡᠪᠬᠢᠲᠡᠶ ᠣᠷᠣᠯᠴᠠᠵᠤ᠂ ᠬᠥᠷ ᠬᠥᠭᠵᠢᠶᠡᠨ ᠲᠠᠢ ᠪᠤᠯᠵᠠᠢ︔ ᠠᠵᠢᠯᠲᠠᠳ ᠣᠯᠠᠨ ᠳᠤ ᠤᠬᠠᠭᠤᠯᠭ᠎ᠠ ᠶᠢᠨ ᠸᠢᠳᠢᠣ᠋ ᠪᠠ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ ᠦᠨᠳᠦᠰᠦᠨ ᠬᠠᠤᠯᠢ ᠶᠢᠨ ᠲᠤᠬᠠᠶ ᠣᠶᠢᠯᠠᠭᠠᠯᠲᠠ ᠶᠢ ᠭᠦᠨᠵᠡᠭᠡᠶᠢᠷᠡᠭᠦᠯᠪᠡ︔ ᠦᠨᠳᠦᠰᠦᠨ ᠬᠠᠤᠯᠢ ᠶᠢᠨ ᠲᠠᠩᠭᠠᠷᠢᠭᠯᠠᠬᠤ ᠭᠤᠭᠴᠤᠭ᠎ᠠ ᠶᠢ ᠨᠡᠪᠲᠡᠷᠡᠭᠦᠯᠵᠦ᠂ ᠲᠠᠩᠭᠠᠷᠢᠭᠯᠠᠭᠴᠢ ᠲᠠᠩᠭᠠᠷᠢᠭᠯᠠᠬᠤ ᠦᠭᠡᠰ ᠢ ᠳᠠᠭᠠᠭᠤᠯᠤᠨ ᠤᠩᠰᠢᠪᠠ︔ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠪᠠᠰᠠ ᠰᠠᠭᠤᠭᠠᠯᠢ ᠠᠷᠠᠳ ᠤᠨ ᠭᠡᠷ ᠲᠤ ᠬᠦᠷᠴᠦ᠂ ᠲᠡᠳᠡᠨ ᠳᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠶᠢᠨ ᠬᠠᠮᠲᠤ ᠦᠨᠳᠦᠰᠦᠨ ᠬᠠᠤᠯᠢ ᠶᠢᠨ ᠮᠡᠳᠡᠯᠭᠡ ᠶᠢ ᠲᠦᠭᠡᠮᠡᠯᠵᠢᠭᠦᠯᠪᠡ᠃    ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠠᠷᠭ᠎ᠠ ᠬᠡᠯᠪᠡᠷᠢ ᠶᠢᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠤᠬᠠᠭᠤᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠴᠢᠩᠭᠠᠷᠠᠭᠤᠯᠤᠨ᠂ ᠤᠬᠠᠭᠤᠯᠭ᠎ᠠ ᠶᠢᠨ ᠠᠭᠤᠯᠭ᠎ᠠ ᠶᠢ ᠣᠯᠠᠨ ᠲᠦᠮᠡᠨ ᠤ ᠬᠡᠷᠡᠭᠴᠡᠭᠡ ᠳᠤ ᠵᠤᠬᠢᠴᠠᠵᠦ᠂ ᠤᠬᠠᠭᠤᠯᠭ᠎ᠠ ᠶᠢᠨ ᠠᠷᠭ᠎ᠠ ᠮᠠᠶ᠋ᠢᠭ ᠪᠠ ᠤᠬᠠᠭᠤᠯᠭ᠎ᠠ ᠶᠢᠨ ᠦᠷ᠎ᠡ ᠪᠦᠲᠦᠮᠵᠢ ᠨᠢ ᠣᠯᠠᠨ ᠲᠦᠮᠡᠨ ᠳᠤ ᠮᠠᠭᠲᠠᠨ  ᠰᠠᠶᠢᠰᠢᠶᠠᠭᠳᠠᠪᠠ᠃
ᠢᠷᠡᠯᠲᠡ᠄ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠤᠷᠳᠤᠨ