2024 ᠣᠨ ᠤ ᠠᠷᠪᠠᠨ ᠨᠢᠭᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠬᠦᠢᠲᠡᠨ ᠲᠦᠢᠯ ᠤᠨ ᠮᠠᠷᠠᠽᠤᠨ ᠤᠷᠤᠯᠳᠤᠭᠠᠨ 12 ᠰᠠᠷ᠎ᠠ ᠶᠢᠨ 29 ᠤ | ᠡᠳᠦᠷ ᠭᠡᠭᠡᠨ ᠭᠤᠣᠯ ᠬᠤᠳᠠ ᠳᠤ ᠫᠤᠤ ᠳᠤᠤᠭᠠᠷᠭᠠᠵᠤ ᠡᠬᠢᠯᠡᠬᠦ ᠪᠣᠯᠤᠨ᠎ᠠ᠂ ᠬᠤᠳᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠭᠡᠭᠡᠨ ᠭᠤᠣᠯ | ᠬᠤᠳᠠ ᠶᠢᠨ ᠬᠤᠳᠠᠯᠳᠤᠭᠠᠴᠢᠳ ᠤᠨ ᠶᠡᠷᠦᠩᠬᠡᠢ ᠡᠪᠯᠡᠯ ᠤᠨ ᠬᠠᠷᠢᠶ᠎ᠠ ᠵᠣᠴᠢᠳ ᠤᠨ ᠪᠠᠭᠤᠳᠠᠯ ᠠᠵᠤ ᠠᠬᠤᠶᠢᠯᠠᠯ ᠲᠠᠢ ᠢᠳᠡᠪᠬᠢᠲᠡᠢ ᠬᠠᠷᠢᠯᠴᠠᠵᠤ ᠲᠤᠰ ᠤᠳᠠᠭ᠎ᠠ ᠶᠢᠨ | ᠤᠷᠤᠯᠳᠤᠭᠠᠨ ᠳᠤ ᠬᠦᠴᠦᠨ ᠨᠡᠮᠡᠷᠢᠯᠡᠵᠦ᠂ ᠡᠯ᠎ᠡ ᠭᠠᠵᠠᠷ ᠤᠨ ᠤᠷᠤᠯᠳᠤᠭᠠᠨ ᠤ ᠨᠠᠶᠢᠵᠠ ᠨᠠᠷ ᠲᠤ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠬᠠᠩᠭᠠᠵᠤ᠂ | ᠲᠡᠳᠡᠨ ᠢ ᠨᠡᠩ ᠰᠠᠨᠠᠭ᠎ᠠ ᠠᠮᠤᠷ ᠰᠠᠭᠤᠯᠭᠠᠵᠤ᠂ ᠭᠡᠭᠡᠨ ᠭᠤᠤᠯ ᠤᠨ ᠬᠠᠯᠠᠭᠤᠮᠰᠤᠭ ᠬᠠᠶᠢᠷ᠎ᠠ ᠰᠡᠳᠬᠢᠯᠭᠡ ᠶᠢ ᠮᠡᠳᠡᠷᠡᠭᠦᠯᠬᠦ ᠪᠣᠯᠤᠨ᠎ᠠ︕ | ᠤᠷᠤᠯᠳᠤᠭᠠᠨ ᠳᠤ ᠤᠷᠤᠯᠴᠠᠭᠴᠢ ᠶᠢᠨ ᠬᠢᠨ ᠭᠡᠭᠡᠨ ᠭᠤᠣᠯ ᠬᠤᠲᠠ ᠳᠤ ᠨᠢᠭᠡ ᠬᠡᠰᠡᠭ ᠰᠠᠶᠢᠨ ᠰᠠᠢᠬᠠᠨ ᠮᠠᠷᠲᠠᠭᠳᠠᠰᠢ ᠦᠭᠡᠢ ᠠᠶᠠᠨ ᠵᠠᠮ ᠦᠩᠭᠡᠷᠡᠭᠦᠯᠬᠦ ᠶᠢᠨ | ᠲᠥᠯᠥᠭᠡ᠂ ᠴᠤᠭ ᠰᠦᠯᠳᠡ ᠳᠦᠭᠦᠷᠡᠩ ᠪᠠᠢᠳᠠᠯ ᠢᠶᠠᠷ ᠤᠷᠤᠯᠳᠤᠭᠠᠨ ᠤ ᠲᠠᠯᠠᠪᠤᠷ ᠵᠦᠭ ᠶᠠᠪᠤᠵᠤ᠂ ᠤᠶᠢᠷ᠎ᠠ ᠶᠢᠨ ᠡᠳᠦᠷ᠂ ᠬᠤᠲᠠ ᠶᠢᠨ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠭᠡᠭᠡᠨ ᠭᠤᠣᠯ ᠬᠤᠲᠠ ᠶᠢᠨ ᠬᠤᠳᠠᠯᠳᠤᠭᠠᠴᠢᠳ ᠤᠨ | ᠶᠡᠷᠦᠩᠬᠡᠢ ᠡᠪᠯᠡᠯ ᠤᠨ ᠬᠠᠷᠢᠶᠠᠲᠤ ᠪᠠᠭᠤᠳᠠᠯ ᠤᠨ ᠠᠵᠤ ᠠᠬᠤᠢᠯᠠᠯ ᠳᠤ ᠭᠦᠨᠵᠡᠭᠡᠢᠷᠡᠨ᠂ 2024 ᠣᠨ ᠤ ᠠᠷᠪᠠᠨ ᠨᠢᠭᠡᠳᠦᠭᠡᠷ ᠬᠤᠭᠤᠴᠠᠭᠠᠨ ᠤ ᠳᠤᠮᠳᠠᠳᠤ | ᠤᠯᠤᠰ ᠤᠨ ᠬᠦᠢᠲᠡᠨ ᠲᠦᠯ ᠤᠨ ᠮᠠᠷᠠᠽᠤᠨ ᠤᠷᠤᠯᠳᠤᠭᠠᠨ ᠤ ᠶᠠᠪᠤᠳᠠᠯ ᠢ ᠤᠬᠠᠭᠤᠯᠵᠤ᠂ ᠵᠣᠴᠢᠳ ᠤᠨ ᠪᠠᠭᠤᠳᠠᠯ ᠤᠨ ᠠᠵᠤ ᠠᠬᠤᠢᠯᠠᠯ ᠢ ᠤᠷᠤᠯᠳᠤᠭᠤᠨ ᠳᠤ | ᠲᠣᠭᠲᠠᠭᠰᠠᠨ ᠴᠢᠭᠯᠡᠯ ᠢᠶᠠᠷ ᠰᠡᠳᠭᠢᠯ ᠳᠤᠯᠠᠭᠠᠴᠠᠬᠤ ᠦᠢᠯᠡᠴᠢᠯᠡᠭᠡ ᠬᠠᠩᠭᠠᠵᠤ᠂ ᠰᠢᠯᠢᠳᠡᠭ ᠣᠷᠴᠢᠨ ᠲᠣᠭᠤᠷᠢᠨ ᠪᠠ ᠬᠠᠷᠠᠭᠠᠯᠵᠠᠯ ᠤᠨ ᠦᠨ᠎ᠡ ᠬᠠᠩᠰᠢ ᠪᠠᠷ | ᠤᠷᠤᠯᠳᠤᠭᠠᠨ ᠳᠤ ᠤᠷᠤᠯᠴᠠᠭᠴᠢ ᠬᠤᠲᠠ ᠶᠢᠨ ᠰᠠᠢᠨ ᠰᠠᠢᠬᠠᠨ ᠳᠦᠷᠢ ᠲᠥᠷᠬᠦ ᠶᠢ ᠦᠵᠡᠭᠦᠯᠦᠨ᠎ᠡ᠃ | ᠣᠲᠣ ᠪᠣᠯᠲᠠᠯ᠎ᠠ᠂ ᠭᠡᠭᠡᠨ ᠭᠤᠤᠯ ᠬᠤᠲᠠ ᠶᠢᠨ ᠾᠧ ᠯᠦᠨ ᠬᠤᠳᠠᠯᠳᠤᠭᠠᠨ ᠤ ᠶᠠᠪᠤᠳᠠᠯ ᠤᠨ ᠪᠠᠭᠤᠳᠠᠯ᠂ ᠭᠡᠭᠡᠨ ᠭᠤᠤᠯ ᠬᠤᠲᠠ ᠶᠢᠨ ᠣᠶ ᠰᠢᠭᠤᠶ ᠶᠢᠨ | ᠮᠥᠰᠥ ᠴᠠᠰᠤ ᠵᠡᠷᠭᠡ 11 ᠪᠠᠭᠤᠳᠠᠯ ᠢᠳᠡᠪᠬᠢᠲᠡᠶ ᠪᠠᠷ ᠴᠤᠤᠷᠢᠶᠠᠲᠤᠨ ᠳᠠᠭᠠᠵᠤ᠂ ᠢᠳᠡᠪᠬᠢᠲᠡᠶ ᠬᠥᠳᠡᠯᠦᠯᠴᠡᠵᠦ᠂ ᠤᠷᠤᠯᠳᠤᠭᠠᠨ ᠳᠤ ᠣᠷᠣᠯᠴᠠᠭᠰᠠᠨ | ᠲᠠᠮᠢᠷᠴᠢᠳ ᠲᠤ ᠲᠤᠰᠬᠠᠶ《 ᠭᠦᠶᠦᠭᠴᠢ ᠶᠢᠨ ᠰᠥᠨᠢ 》 ᠪᠠᠷ ᠪᠠᠭᠤᠳᠠᠯ ᠳᠤ ᠰᠠᠭᠤᠬᠤ ᠭᠠᠵᠠᠷ ᠪᠡᠯᠡᠳᠬᠡᠭᠰᠡᠨ ᠪᠥᠭᠡᠳ ᠢᠳᠡᠭᠡᠨ ᠤᠮᠳᠠᠭᠠᠨ ᠤ ᠵᠣᠬᠢᠴᠠᠩᠭᠤᠶ | ᠬᠠᠷᠠᠭᠠᠯᠵᠠᠯ ᠦᠵᠡᠭᠦᠯᠵᠦ᠂ ᠲᠠᠮᠢᠷᠴᠢᠳ ᠤᠷᠤᠯᠳᠤᠭᠠᠨ ᠳᠤ ᠣᠷᠣᠯᠴᠠᠬᠤ ᠬᠤᠭᠤᠴᠠᠭᠠᠨ ᠳᠠᠭᠠᠨ ᠲᠠᠭᠠᠯᠠᠮᠵᠢᠲᠠᠶ ᠪᠥᠭᠡᠳ ᠰᠠᠨᠠᠭ᠎ᠠ ᠠᠮᠤᠷ ᠪᠤᠯᠭᠠᠨ᠎ᠠ᠃ |