ᠤᠯᠭᠤᠶᠠ ᠴᠠ ᠪᠤᠭᠤ ᠶᠢᠨ ᠠᠶᠢᠮᠠᠭ ᠤᠨ ᠦᠵᠡᠮᠵᠢ ᠶᠢᠨ ᠣᠷᠣᠨ ᠳᠤ᠂ ᠲᠤᠰᠬᠠᠶ ᠮᠡᠷᠭᠡᠵᠢᠯ ᠤᠨ ᠵᠤᠭᠠᠴᠠᠯ ᠤᠨ ᠦᠢᠯᠡᠴᠢᠯᠡᠭᠡᠨ ᠤ ᠪᠦᠯᠬᠦᠮ ᠪᠠᠶᠢᠬᠤ ᠪᠠᠷ | ᠪᠠᠷᠠᠬᠤ ᠥᠬᠡᠶ᠂ ᠪᠠᠰᠠ ᠡᠯ᠎ᠡ ᠠᠵᠢᠯ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠦᠭᠡ ᠳᠠᠭᠤᠨ ᠦᠭᠡᠢ ᠪᠠᠷ ᠵᠢᠳᠭᠦᠵᠦ᠂ ᠲᠡᠳᠡ ᠰᠡᠳᠬᠢᠯ ᠲᠠᠯᠪᠢᠵᠤ ︽ | ᠵᠣᠴᠢᠨ ᠢ ᠬᠠᠶᠢᠷᠠᠯᠠᠬᠤ︾ ᠠᠵᠢᠯ ᠢ ᠨᠠᠷᠢᠨ ᠨᠢᠮᠪᠠᠶ ᠰᠠᠶᠢᠲᠤᠷ ᠬᠢᠵᠦ᠂ ᠢᠷᠡᠵᠦ ᠣᠴᠢᠬᠤ ᠵᠤᠭᠠᠴᠠᠭᠰᠠᠳ ᠲᠤ ᠪᠥᠬᠦ ᠲᠠᠯ᠎ᠠ ᠶᠢᠨ ᠬᠠᠯᠠᠭᠤᠨ ᠳᠣᠲᠣᠨᠣ | ᠦᠢᠯᠡᠴᠢᠯᠡᠭᠡ ᠬᠠᠩᠭᠠᠭᠰᠠᠨ ᠪᠠᠶᠢᠨ᠎ᠠ᠃ | ᠤᠯᠭᠤᠶᠠ ᠴᠠ ᠪᠤᠭᠤ ᠠᠶᠢᠮᠠᠭ ᠤᠨ ᠦᠵᠡᠮᠵᠢ ᠶᠢᠨ ᠣᠷᠣᠨ ᠳᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠤᠯᠠᠭᠠᠨ ᠤᠤᠵᠢ ᠡᠮᠦᠰᠴᠦ᠂ ᠵᠤᠭᠠᠴᠠᠭᠰᠠᠳ ᠤᠨ | ᠪᠠᠶᠢᠳᠠᠯ ᠢ ᠴᠠᠭ ᠢᠮᠠᠭᠲᠠ ᠠᠩᠬᠠᠷᠴᠤ᠂ ᠲᠡᠳᠡ ᠨᠠᠷ ᠢ ᠬᠠᠪᠰᠤᠷᠤᠨ ᠰᠡᠭᠦᠳᠡᠷ ᠲᠠᠲᠠᠵᠤ ᠳᠤᠷᠠᠰᠬᠠᠯ ᠦᠯᠡᠳᠡᠭᠡᠬᠦ᠂ ᠡᠰᠡᠬᠦᠯ᠎ᠡ ᠬᠠᠯᠠᠭᠤᠮᠰᠤᠭ ᠢᠶᠠᠷ | ᠵᠢᠭᠤᠯᠴᠢᠯᠠᠭᠴᠢᠳ ᠲᠤ ᠵᠠᠮ ᠵᠢᠭᠠᠬᠤ᠂ ᠮᠡᠳᠡᠭᠡ ᠵᠠᠩᠭᠢ ᠶᠢᠨ ᠯᠠᠪᠯᠠᠭ᠎ᠠ ᠬᠢᠬᠦ᠂ ᠪᠣᠯᠪᠠᠰᠤᠨ ᠢᠶᠠᠷ ᠢᠳᠬᠠᠨ ᠰᠤᠷᠭᠠᠬᠤ ᠵᠡᠷᠭᠡ ᠠᠷᠠᠳ ᠲᠤ ᠳᠥᠭᠦᠮ ᠦᠵᠡᠭᠦᠯᠬᠦ | ᠦᠢᠯᠡᠴᠢᠯᠡᠭᠡ ᠬᠠᠩᠭᠠᠵᠤ᠂ ᠭᠠᠳᠠᠷ ᠣᠷᠣᠨ ᠤ ᠵᠤᠭᠠᠴᠠᠭᠰᠠᠳ ᠲᠤ ᠭᠤᠶᠤ ᠰᠠᠶᠢᠬᠠᠨ ᠦᠵᠡᠮᠵᠢ ᠰᠣᠨᠢᠷᠬᠠᠬᠤ ᠶᠢᠨ ᠬᠠᠮᠲᠤ ᠪᠠᠰᠠ ᠰᠠᠶᠢᠨ ᠳᠤᠷ᠎ᠠ ᠶᠢᠨ | ᠦᠢᠯᠡᠴᠢᠯᠡᠭᠴᠢ ᠶᠢᠨ ᠬᠠᠶᠢᠷ᠎ᠠ ᠬᠠᠯᠠᠮᠵᠢ ᠶᠢ ᠭᠦᠢᠴᠡᠳ ᠮᠡᠳᠡᠷᠡᠭᠦᠯᠪᠡ᠃ | ᠰᠠᠶᠢᠨ ᠳᠤᠷ᠎ᠠ ᠶᠢᠨ ᠦᠢᠯᠡᠴᠢᠯᠡᠭᠴᠢᠳ ᠴᠢᠨᠠᠷ ᠰᠠᠶᠢᠲᠠᠢ ᠦᠢᠯᠡᠴᠢᠯᠡᠭᠡ ᠪᠠᠷ ᠵᠤᠭᠠᠴᠠᠭᠰᠠᠳ ᠤᠨ ᠠᠶᠠᠨ ᠵᠠᠮ ᠳᠤ ᠨᠡᠩ ᠤᠯᠠᠨ ᠲᠦᠬᠦᠮ ᠪᠠ ᠬᠠᠶᠢᠷ᠎ᠠ | ᠬᠠᠯᠠᠮᠵᠢ ᠶᠢ ᠨᠡᠮᠡᠷᠢᠯᠡᠵᠦ᠂ ᠵᠤᠭᠠᠴᠠᠭᠰᠠᠳ ᠤᠨ ᠮᠠᠭᠲᠠᠭᠠᠯ ᠢ ᠤᠯᠬᠤ ᠪᠠᠷ ᠪᠠᠷᠠᠬᠤ ᠦᠭᠡᠢ᠂ ᠭᠡᠭᠡᠨ ᠭᠤᠣᠯ ᠬᠤᠳᠠ ᠶᠢᠨ ᠵᠤᠭᠠᠴᠠᠯ ᠤᠨ ᠦᠢᠯᠡᠰ ᠲᠤ ᠪᠠᠰᠠ | ᠥᠪᠡᠷ ᠤᠨ ᠬᠦᠴᠦᠨ ᠴᠢᠳᠠᠯ ᠢᠶᠠᠨ ᠡᠷᠭᠦᠪᠡ᠃ |